ᠰᠢᠨᠬᠤᠸᠠ ᠬᠤᠷᠢᠶ᠎ᠠ ᠶᠢᠨ ᠮᠣᠰᠺᠸᠠ ᠶᠢᠨ 5 ᠰᠠᠷ᠎ᠠ ᠶᠢᠨ 7 ᠤ ᠴᠠᠭᠢᠯᠭᠠᠨ ᠮᠡᠳᠡᠭᠡ 5 ᠰᠠᠷ᠎ᠠ ᠶᠢᠨ 7 ᠤ ᠡᠳᠦᠷ᠂ | ᠮᠣᠰᠺᠸᠠ ᠳᠤ ᠬᠦᠷᠴᠦ ᠣᠷᠣᠰ ᠲᠤ ᠲᠥᠷᠥ ᠶᠢᠨ ᠶᠠᠪᠤᠳᠠᠯ ᠤᠨ ᠠᠶᠢᠯᠴᠢᠯᠠᠯᠲᠠ ᠬᠢᠬᠦ ᠶᠢᠨ ᠬᠠᠮᠲᠤ ᠵᠥᠪᠯᠡᠯᠲᠦ ᠶᠢᠨ ᠠᠭᠤᠤ | ᠶᠡᠭᠡ ᠤᠯᠤᠰ ᠢᠶᠠᠨ ᠬᠠᠮᠠᠭᠠᠯᠠᠬᠤ ᠲᠡᠶᠢᠨ ᠢᠯᠠᠯᠲᠠ ᠣᠯᠣᠭᠰᠠᠨ 80 ᠵᠢᠯ ᠤᠨ ᠣᠶ ᠶᠢ ᠳᠤᠷᠠᠰᠬᠠᠬᠤ ᠪᠠᠶᠠᠷ ᠤᠨ | ᠶᠣᠰᠣᠯᠠᠯ ᠳᠤ ᠣᠷᠤᠯᠴᠠᠬᠤ ᠲᠠᠰᠢᠷᠠᠮ ᠳᠤ᠂ ᠤᠯᠤᠰ ᠤᠨ ᠲᠡᠷᠢᠭᠦᠯᠡᠭᠴᠢ ᠰᠢ ᠶᠢᠨ ᠫᠢᠩ ︽ᠣᠷᠣᠰ ᠰᠣᠨᠢᠨ︾ ᠳᠤ | ︽ᠲᠡᠦᠬᠡ ᠪᠠᠷ ᠲᠣᠯᠢ ᠪᠤᠯᠭᠠᠵᠤ ᠬᠠᠮᠲᠤ ᠪᠠᠷ ᠢᠷᠡᠭᠡᠳᠦᠢ ᠪᠠᠨ ᠴᠣᠭᠴᠠᠯᠠᠶ᠎ᠠ︾ ᠭᠡᠬᠦ ᠭᠠᠷᠴᠠᠭ ᠲᠠᠢ ᠨᠡᠷ᠎ᠡ ᠬᠠᠲᠠᠭᠰᠠᠨ ᠵᠣᠬᠢᠶᠠᠯ | ᠨᠡᠶᠢᠲᠡᠯᠡᠪᠡ᠃ ᠵᠣᠬᠢᠶᠠᠯ ᠤᠨ ᠪᠦᠭᠦ ᠠᠭᠤᠯᠭ᠎ᠠ ᠨᠢ ᠳᠣᠣᠷᠠᠬᠢ ᠮᠡᠲᠦ᠄ | ᠲᠡᠦᠬᠡ ᠪᠠᠷ ᠲᠣᠯᠢ ᠪᠤᠯᠭᠠᠵᠤ ᠬᠠᠮᠲᠤ ᠪᠠᠷ ᠢᠷᠡᠭᠡᠳᠦᠢ ᠪᠠᠨ ᠴᠣᠭᠴᠠᠯᠠᠶ᠎ᠠ | ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠢᠭᠦᠯᠡᠭᠴᠢ ᠰᠢ ᠶᠢᠨ ᠫᠢᠩ | ᠡᠨᠡ ᠵᠢᠯ ᠪᠣᠯ ᠳᠤᠮᠳᠠᠳᠤ ᠤᠯᠤᠰ ᠤᠨ ᠠᠷᠠᠳ ᠲᠦᠮᠡᠨ ᠤ ᠶᠠᠫᠤᠨ ᠢ ᠡᠰᠡᠷᠭᠦᠴᠡᠬᠦ ᠳᠠᠶᠢᠨ᠂ ᠵᠥᠪᠯᠡᠯᠲᠦ ᠶᠢᠨ ᠠᠭᠤᠤ | ᠶᠡᠭᠡ ᠤᠯᠤᠰ ᠢᠶᠠᠨ ᠬᠠᠮᠠᠭᠠᠯᠠᠬᠤ ᠳᠠᠶᠢᠨ ᠵᠢᠴᠢ ᠳᠡᠯᠡᠬᠡᠢ ᠶᠢᠨ ᠹᠠᠱᠢᠰ ᠢ ᠡᠰᠡᠷᠭᠦᠴᠡᠬᠦ ᠳᠠᠶᠢᠨ ᠢᠯᠠᠯᠲᠠ ᠣᠯᠣᠭᠰᠠᠨ 80 | ᠵᠢᠯ ᠤᠨ ᠣᠶ ᠪᠤᠯᠬᠤ ᠪᠥᠭᠡᠳ ᠪᠠᠰᠠ ᠴᠤ ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠪᠠᠶᠢᠭᠤᠯᠤᠭᠳᠠᠭᠰᠠᠨ 80 | ᠵᠢᠯ ᠤᠨ ᠣᠶ ᠪᠣᠯᠣᠨ᠎ᠠ᠃ ᠡᠨᠡ ᠬᠦ ︽ᠠᠯᠢᠮᠠᠨ ᠴᠡᠴᠡᠭᠡᠰ ᠲᠡᠭᠷᠢ ᠶᠢᠨ ᠬᠠᠶᠠᠭ᠎ᠠ ᠲᠤᠯᠲᠠᠯ᠎ᠠ ᠮᠢᠷᠠᠯᠵᠠᠨ ᠳᠡᠯᠭᠡᠷᠡᠭᠰᠡᠨ︾ | ᠤᠯᠠᠷᠢᠯ ᠳᠤ᠂ ᠪᠢ ᠤᠳᠠᠯ ᠦᠭᠡᠢ ᠤᠷᠤᠰ ᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ ᠶᠢᠨ ᠬᠠᠮᠲᠤ | ᠵᠥᠪᠯᠡᠯᠲᠦ ᠶᠢᠨ ᠠᠭᠤᠤ ᠶᠡᠭᠡ ᠤᠯᠤᠰ ᠢᠶᠠᠨ ᠬᠠᠮᠠᠭᠠᠯᠠᠬᠤ ᠲᠠᠶᠢᠨ ᠤ ᠢᠯᠠᠯᠲᠠ ᠣᠯᠣᠭᠰᠠᠨ 80 ᠵᠢᠯ ᠤᠨ ᠤᠢ ᠶᠢ | ᠳᠤᠷᠠᠰᠬᠠᠬᠤ ᠪᠠᠶᠠᠷ ᠤᠨ ᠶᠣᠰᠣᠯᠠᠯ ᠳᠤ ᠣᠷᠣᠯᠴᠠᠵᠤ᠂ ᠪᠠᠭᠠᠲᠤᠷᠯᠢᠭ ᠤᠷᠤᠰ ᠤᠨ ᠠᠷᠠᠳ ᠲᠦᠮᠡᠨ ᠲᠠᠢ ᠬᠠᠮᠲᠤ ᠪᠠᠷ | ᠲᠡᠦᠬᠡ ᠶᠢ ᠲᠠᠭᠢᠨ ᠡᠷᠭᠢᠴᠡᠭᠦᠯᠵᠦ᠂ ᠦᠷᠡᠭᠳᠡᠭᠰᠡᠨ ᠪᠠᠭᠠᠲᠤᠷᠴᠤᠳ ᠢ ᠳᠤᠷᠠᠰᠤᠨ ᠰᠠᠨᠠᠭᠠᠯᠵᠠᠨ᠎ᠠ᠃ | 10 ᠵᠢᠯ ᠤᠨ ᠡᠮᠦᠨᠡᠬᠢ ᠡᠨᠡ ᠦᠶ᠎ᠡ ᠳᠤ᠂ ᠪᠢ ᠤᠷᠤᠰ ᠲᠤ ᠬᠦᠷᠴᠦ ᠤᠯᠤᠰ ᠢᠶᠠᠨ ᠬᠠᠮᠠᠭᠠᠯᠠᠬᠤ ᠲᠠᠶᠢᠨ ᠢᠯᠠᠯᠲᠠ | ᠣᠯᠣᠭᠰᠠᠨ 70 ᠵᠢᠯ ᠤᠨ ᠤᠢ ᠶᠢ ᠪᠡᠯᠭᠡᠯᠡᠬᠦ ᠶᠣᠰᠣᠯᠠᠯ ᠳᠤ ᠣᠷᠣᠯᠴᠠᠵᠤ᠂ ᠤᠷᠤᠰ ᠤᠨ 18 ᠠᠬᠠᠮᠠᠳ ᠪᠠᠶᠢᠯᠳᠤᠭᠴᠢ ᠶᠢᠨ | ᠲᠥᠯᠥᠭᠡᠯᠡᠭᠴᠢ ᠲᠠᠢ ᠲᠤᠰᠬᠠᠶᠢᠯᠠᠨ ᠠᠭᠤᠯᠵᠠᠪᠠ᠂ ᠲᠡᠳᠡ ᠵᠥᠪᠯᠡᠯᠲᠦ ᠶᠢᠨ ᠠᠭᠤᠤ ᠶᠡᠭᠡ ᠤᠯᠤᠰ ᠢᠶᠠᠨ ᠬᠠᠮᠠᠭᠠᠯᠠᠬᠤ ᠲᠠᠶᠢᠨ | ᠪᠣᠯᠣᠨ ᠳᠤᠮᠳᠠᠳᠤ ᠤᠯᠤᠰ ᠤᠨ ᠠᠷᠠᠳ ᠲᠦᠮᠡᠨ ᠤ ᠶᠠᠫᠤᠨ ᠢ ᠡᠰᠡᠷᠭᠦᠴᠡᠬᠦ ᠲᠠᠶᠢᠨ ᠤ ᠲᠠᠯᠠᠪᠤᠷ ᠲᠤ ᠴᠢᠰᠤ ᠪᠠᠨ ᠤᠷᠤᠰᠬᠠᠨ | ᠪᠠᠶᠢᠯᠳᠤᠵᠤ ᠥᠩᠭᠡᠷᠡᠪᠡ᠃ ᠠᠬᠠᠮᠠᠳ ᠪᠠᠶᠢᠯᠳᠤᠭᠴᠢᠳ ᠤᠨ ᠬᠠᠳᠠᠨ ᠵᠣᠷᠢᠭ ᠪᠠ ᠡᠷᠡᠰ ᠪᠠᠲᠤ ᠴᠤᠭ ᠵᠢᠪᠬᠤᠭ᠎ᠠ ᠶᠢ ᠪᠢ | ᠤᠳᠤ ᠪᠤᠯᠲᠠᠯ᠎ᠠ ᠮᠠᠷᠲᠠᠭ᠎ᠠ ᠦᠭᠡᠢ᠃ ᠥᠩᠭᠡᠷᠡᠭᠰᠡᠨ ᠬᠡᠳᠦᠨ ᠵᠢᠯ ᠳᠤ᠂ ᠵᠢᠶᠠᠯᠢᠶᠧᠹ ᠠᠬᠠᠯᠠᠭᠴᠢ ᠭᠧᠨᠧᠷᠡᠯ᠂ ᠱᠦᠳᠧᠯᠦᠸᠧ | ᠬᠤᠰᠢᠭᠤᠴᠢ ᠭᠧᠨᠧᠷᠡᠯ ᠵᠡᠷᠭᠡ ᠠᠬᠠᠮᠠᠳ ᠪᠠᠶᠢᠯᠳᠤᠭᠴᠢ ᠤᠷᠢᠳ ᠬᠤᠵᠢᠳ ᠨᠠᠰᠤ ᠪᠠᠷᠠᠵᠠᠢ᠂ ᠪᠢ ᠲᠡᠳᠡᠨ ᠢ ᠲᠤᠶᠢᠯ ᠢᠶᠠᠷ | ᠳᠤᠷᠠᠰᠤᠨ ᠰᠠᠨᠠᠭᠠᠯᠵᠠᠵᠤ ᠪᠠᠶᠢᠨ᠎ᠠ᠃ ᠭᠧᠨᠧᠷᠡᠯ ᠠᠴᠠ ᠠᠪᠤᠭᠠᠳ ᠡᠩ ᠤᠨ ᠪᠠᠶᠢᠯᠳᠤᠭᠴᠢ ᠭᠦᠷᠲᠡᠯ᠎ᠡ᠂ ᠳᠡᠯᠡᠬᠡᠢ ᠶᠢᠨ ᠹᠠᠱᠢᠰ ᠢ | ᠡᠰᠡᠷᠭᠦᠴᠡᠬᠦ ᠲᠠᠶᠢᠨ ᠤ ᠢᠯᠠᠯᠲᠠ ᠶᠢ ᠣᠯᠬᠤ ᠳᠤ ᠭᠠᠷᠮᠠᠭᠠᠢ ᠭᠠᠪᠢᠶ᠎ᠠ ᠪᠠᠶᠢᠭᠤᠯᠤᠭᠰᠠᠨ ᠪᠤᠢ ᠪᠦᠬᠦᠢ ᠠᠬᠠᠮᠠᠳ | ᠪᠠᠶᠢᠯᠳᠤᠭᠴᠢ ᠶᠢ ᠪᠢᠳᠡ ᠬᠡᠵᠢᠶᠡᠳᠡ ᠮᠠᠷᠲᠠᠬᠤ ᠦᠭᠡᠢ ᠶᠤᠮ︕ ᠪᠠᠭᠠᠲᠤᠷᠴᠤᠳ ᠪᠠᠯᠠᠷᠠᠰᠢ ᠦᠭᠡᠢ᠂ ᠲᠥᠪ ᠶᠣᠰᠣ ᠮᠥᠩᠬᠡ | ᠣᠷᠣᠰᠢᠨ᠎ᠠ︕ | ᠳᠡᠯᠡᠬᠡᠢ ᠶᠢᠨ ᠹᠠᠱᠢᠰ ᠢ ᠡᠰᠡᠷᠭᠦᠴᠡᠬᠦ ᠳᠠᠶᠢᠨ ᠤ ᠳᠤᠮᠳᠠ᠂ ᠳᠤᠮᠳᠠᠳᠤ ᠣᠷᠣᠰ ᠬᠤᠶᠠᠷ ᠤᠯᠤᠰ ᠤᠨ ᠠᠷᠠᠳ ᠲᠦᠮᠡᠨ | ᠮᠥᠷᠥ ᠵᠡᠷᠭᠡᠴᠡᠨ ᠪᠠᠶᠢᠯᠳᠤᠵᠤ᠂ ᠬᠠᠷᠢᠯᠴᠠᠨ ᠳᠡᠮᠵᠢᠯᠴᠡᠪᠡ᠃ ᠳᠤᠮᠳᠠᠳᠤ ᠤᠯᠤᠰ ᠤᠨ ᠠᠷᠠᠳ ᠲᠦᠮᠡᠨ ᠤ ᠶᠠᠫᠤᠨ ᠢ | ᠡᠰᠡᠷᠭᠦᠴᠡᠬᠦ ᠲᠠᠶᠢᠨ ᠤ ᠬᠦᠴᠢᠷ ᠪᠡᠷᠬᠡᠰᠢᠶᠡᠯᠲᠦ ᠴᠠᠭ ᠮᠥᠴᠡ ᠳᠤ᠂ ᠵᠥᠪᠯᠡᠯᠲᠦ ᠶᠢᠨ ᠳᠤᠮᠳᠠᠳᠤ ᠶᠢ ᠲᠤᠰᠠᠯᠠᠭᠰᠠᠨ ᠠᠭᠠᠷ ᠤᠨ | ᠠᠩᠭᠢ ᠨᠠᠨᠵᠢᠩ᠂ ᠦᠬᠠᠨ᠂ ᠴᠦᠩᠴᠢᠩ ᠵᠡᠷᠭᠡ ᠭᠠᠵᠠᠷ ᠲᠤ ︽ᠡᠷᠡᠯᠬᠡᠭ ᠪᠦᠷᠭᠦᠳ ᠮᠡᠲᠦ ᠪᠠᠷ ᠣᠭᠲᠠᠷᠭᠤᠢ ᠳᠤ ᠳᠡᠭᠦᠯᠢᠨ | ᠨᠢᠰᠴᠦ︾᠂ ᠶᠠᠫᠤᠨ ᠳᠡᠭᠡᠷᠡᠮ ᠢ ᠬᠤᠷᠢᠭᠯᠠᠨ ᠴᠣᠬᠢᠵᠤ᠂ ᠮᠠᠰᠢ ᠤᠯᠠᠨ ᠨᠢᠰᠬᠡᠯᠴᠢ ᠡᠷᠬᠢᠮ ᠨᠠᠨᠳᠢᠨ ᠠᠮᠢ ᠨᠠᠰᠤ ᠪᠠᠨ | ᠵᠣᠷᠢᠭᠤᠯᠪᠠ᠃ ᠵᠥᠪᠯᠡᠯᠲᠦ ᠶᠢᠨ ᠠᠭᠤᠤ ᠶᠡᠭᠡ ᠤᠯᠤᠰ ᠢᠶᠠᠨ ᠬᠠᠮᠠᠭᠠᠯᠠᠬᠤ ᠳᠠᠶᠢᠨ ᠤ ᠬᠠᠮᠤᠭ ᠤᠨ ᠲᠦᠭᠰᠢᠭᠦᠷᠢᠲᠡᠢ | ᠵᠠᠩᠭᠢᠯᠠᠭ᠎ᠠ ᠶᠢᠨ ᠦᠶ᠎ᠡ ᠳᠤ᠂ ︽ᠳᠣᠷᠣᠨᠠᠳᠠᠬᠢᠨ ᠤ ᠽᠦᠷᠭᠧ︾ - ᠳᠤᠮᠳᠠᠳᠤ ᠤᠯᠤᠰ ᠤᠨ ᠡᠪ ᠬᠠᠮᠲᠤ ᠨᠠᠮ ᠤᠨ ᠨᠢᠭᠤᠴᠠ ᠪᠠᠷ | ᠲᠡᠮᠡᠴᠡᠭᠰᠡᠨ ᠰᠢᠯᠢᠳᠡᠭ ᠠᠵᠢᠯᠲᠠᠨ ᠶᠠᠨ ᠪᠦᠦ ᠬᠠᠩ ᠵᠥᠪᠯᠡᠯᠲᠦ ᠳᠤ ᠠᠩᠬᠠᠨ ᠤ ᠨᠢᠭᠤᠴᠠ ᠮᠡᠳᠡᠭᠡ ᠶᠢ ᠬᠠᠩᠭᠠᠵᠤ ᠪᠠᠶᠢᠪᠠ᠃ | ᠳᠠᠶᠢᠨ ᠤ ᠭᠠᠯ ᠳᠦᠷᠡᠯᠵᠡᠭᠰᠡᠨ ᠣᠨ ᠵᠢᠯ ᠤᠳ ᠲᠤ᠂ ᠵᠥᠪᠯᠡᠯᠲᠦ ᠠᠴᠠ ᠳᠤᠮᠳᠠᠳᠤ ᠤᠯᠤᠰ ᠲᠤ ᠶᠡᠭᠡ ᠬᠡᠮᠵᠢᠶᠡᠨ ᠤ ᠵᠡᠪᠰᠡᠭ | ᠲᠣᠨᠣᠭᠯᠠᠯ ᠬᠠᠩᠭᠠᠭᠰᠠᠨ ᠪᠥᠭᠡᠳ ᠳᠤᠮᠳᠠᠳᠤ ᠤᠯᠤᠰ ᠴᠤ ᠵᠥᠪᠯᠡᠯᠲᠦ ᠳᠤ ᠪᠠᠴᠢᠮ ᠬᠡᠷᠡᠭᠰᠡᠬᠦ ᠪᠠᠶᠢᠯᠳᠤᠬᠤ ᠪᠣᠳᠣᠯᠭ᠎ᠠ ᠶᠢᠨ | ᠡᠳ᠋ ᠪᠣᠳᠠᠰ ᠬᠦᠷᠭᠡᠵᠦ᠂ ᠬᠤᠶᠠᠷ ᠤᠯᠤᠰ ᠭᠠᠷ ᠬᠤᠯᠪᠣᠨ ᠶᠡᠭᠡ ᠡᠯᠡᠰᠦᠨ ᠭᠤᠪᠢ ᠳᠤ ᠨᠢᠭᠡᠨ ᠵᠤᠷᠪᠤᠰ ᠤᠯᠠᠨ ᠤᠯᠤᠰ ᠤᠨ | ︽ᠠᠮᠢ ᠨᠠᠰᠤᠨ ᠤ ᠵᠠᠮ︾ ᠢ ᠨᠡᠭᠡᠭᠡᠵᠦ᠂ ᠲᠤᠰ ᠲᠤᠰ ᠤᠨ ᠢᠶᠠᠨ ᠹᠠᠱᠢᠰ ᠢ ᠡᠰᠡᠷᠭᠦᠴᠡᠬᠦ ᠲᠠᠶᠢᠨ ᠢ ᠬᠠᠷᠢᠯᠴᠠᠨ ᠳᠡᠮᠵᠢᠬᠦ ᠳᠤ | ᠴᠢᠬᠤᠯᠠ ᠦᠢᠯᠡᠳᠦᠯ ᠦᠵᠡᠭᠦᠯᠪᠡ᠃ ᠬᠤᠶᠠᠷ ᠤᠯᠤᠰ ᠤᠨ ᠠᠷᠠᠳ ᠲᠦᠮᠡᠨ ᠤ ᠠᠷᠢᠭᠤᠨ ᠴᠢᠰᠤ ᠠᠮᠢ ᠨᠠᠰᠤ ᠪᠠᠷ ᠢᠶᠠᠨ | ᠪᠠᠶᠢᠭᠤᠯᠤᠭᠰᠠᠨ ᠭᠦᠨ ᠵᠤᠵᠠᠭᠠᠨ ᠨᠥᠬᠦᠷᠯᠡᠯ ᠨᠢ ᠬᠠᠳᠤᠨ ᠭᠤᠣᠯ ᠤᠨ ᠤᠰᠤ ᠰᠢᠭ᠋ ᠰᠢᠷᠭᠢᠰᠢ ᠦᠭᠡᠢ ᠳᠠᠪᠠᠯᠭᠠᠯᠠᠨ | ᠤᠷᠤᠰᠴᠤ᠂ ᠸᠣᠯᠭ᠎ᠠ ᠮᠥᠷᠡᠨ ᠤ ᠤᠰᠤ ᠮᠡᠲᠦ ᠥᠷᠭᠡᠨ ᠠᠭᠤᠳᠠᠮ ᠭᠦᠨ ᠪᠠᠶᠢᠵᠤ᠂ ᠳᠤᠮᠳᠠᠳᠤ ᠤᠷᠤᠰ ᠤᠨ ᠦᠶ᠎ᠡ ᠶᠢᠨ | ᠦᠶ᠎ᠡ ᠳᠡᠭᠡᠨ ᠨᠥᠭᠦᠷᠰᠡᠭ ᠪᠠᠶᠢᠬᠤ ᠶᠢᠨ ᠰᠢᠷᠭᠢᠰᠢ ᠦᠭᠡᠢ ᠡᠬᠢ ᠪᠤᠯᠠᠭ ᠪᠣᠯᠤᠭᠰᠠᠨ ᠪᠠᠶᠢᠨ᠎ᠠ᠃ | 80 ᠵᠢᠯ ᠤᠨ ᠡᠮᠦᠨ᠎ᠡ᠂ ᠳᠤᠮᠳᠠᠳᠤ ᠤᠯᠤᠰ᠂ ᠵᠥᠪᠯᠡᠯᠲᠦ ᠶᠢ ᠪᠠᠭᠲᠠᠭᠠᠭᠰᠠᠨ ᠪᠦᠭᠦ ᠳᠡᠯᠡᠬᠡᠢ ᠶᠢᠨ ᠰᠢᠳᠤᠷᠭᠤ | ᠶᠣᠰᠣᠨ ᠤ ᠬᠦᠴᠦᠨ ᠬᠠᠷᠭᠢᠰ ᠳᠠᠶᠢᠰᠤᠨ ᠢ ᠬᠠᠮᠲᠤ ᠪᠠᠷ ᠡᠰᠡᠷᠭᠦᠴᠡᠵᠦ᠂ ᠡᠷᠡᠯᠬᠡᠭ ᠪᠠᠭᠠᠲᠤᠷᠯᠢᠭ ᠢᠶᠠᠷ ᠪᠠᠶᠢᠯᠳᠤᠵᠤ᠂ ᠮᠥᠷᠥ | ᠵᠡᠷᠭᠡᠴᠡᠨ ᠨᠢᠭᠡ ᠦᠶ᠎ᠡ ᠰᠠᠭᠰᠠᠭᠤᠷᠠᠨ ᠠᠭᠠᠰᠢᠯᠠᠵᠤ ᠪᠠᠶᠢᠭᠰᠠᠨ ᠹᠠᠱᠢᠰ ᠤᠨ ᠬᠦᠴᠦᠨ ᠢ ᠪᠠᠶᠢᠯᠳᠤᠨ ᠢᠯᠠᠪᠠ᠃ 80 ᠵᠢᠯ ᠤᠨ | ᠳᠠᠷᠠᠭᠠᠬᠢ ᠥᠨᠥᠳᠥᠷ᠂ ᠭᠠᠭᠴᠠ ᠲᠠᠯᠠᠲᠤ ᠦᠵᠡᠯ᠂ ᠡᠵᠡᠷᠬᠡᠬᠦ ᠦᠵᠡᠯ᠂ ᠡᠵᠡᠷᠬᠡᠭ ᠶᠣᠰᠣᠨ ᠤ ᠡᠵᠡᠷᠬᠡᠭ ᠠᠵᠢᠯᠯᠠᠭ᠎ᠠ ᠶᠢᠨ | ᠬᠤᠣᠷ ᠬᠥᠨᠥᠭᠡᠯ ᠬᠦᠨᠳᠦ ᠨᠣᠴᠢᠲᠠᠢ ᠪᠠᠶᠢᠵᠤ᠂ ᠬᠥᠮᠥᠨ ᠲᠥᠷᠥᠯᠬᠢᠲᠡᠨ ᠪᠠᠰᠠ ᠨᠢᠭᠡ ᠤᠳᠠᠭ᠎ᠠ ᠪᠦᠯᠬᠦᠮᠳᠡᠬᠦ ᠦᠦ ᠡᠰᠡᠬᠦᠯ᠎ᠡ | ᠬᠠᠭᠠᠴᠠᠬᠤ ᠤᠤ᠂ ᠶᠠᠷᠢᠯᠴᠠᠬᠤ ᠦᠦ ᠡᠰᠡᠬᠦᠯ᠎ᠡ ᠡᠰᠡᠷᠭᠦᠴᠡᠯᠳᠦᠬᠦ ᠤᠤ᠂ᠬᠠᠮᠲᠤ ᠪᠠᠷ ᠠᠰᠢᠭ ᠭᠦᠷᠳᠡᠭᠦ ᠦᠦ ᠡᠰᠡᠬᠦᠯ᠎ᠡ ᠦᠯᠤ | ᠡᠪᠰᠡᠬᠦ ᠤᠤ ᠭᠡᠬᠦ ᠠᠰᠠᠭᠤᠯᠳᠠ ᠶᠢᠨ ᠲᠣᠨᠣᠯᠵᠢᠨ ᠵᠠᠮ ᠳᠤ ᠵᠣᠭᠰᠣᠪᠠ᠃ ᠤᠷᠤᠰ ᠤᠨ ᠠᠭᠤᠤ ᠶᠡᠭᠡ ᠵᠣᠬᠢᠶᠠᠯᠴᠢ ᠯᠧ · | ᠲᠤᠯᠰᠲ᠋ᠤᠢ ︽ᠳᠠᠶᠢᠨ ᠪᠠ ᠡᠩᠬᠡ ᠲᠠᠶᠢᠪᠤᠩ︾ ᠭᠡᠬᠦ ᠵᠣᠬᠢᠶᠠᠯ ᠳᠠᠭᠠᠨ᠄ ︽ᠲᠡᠦᠬᠡ ᠪᠣᠯ ᠤᠯᠤᠰ ᠪᠠ ᠬᠥᠮᠥᠨ ᠲᠥᠷᠥᠯᠬᠢᠲᠡᠨ ᠤ | ᠨᠠᠮᠲᠠᠷ ᠮᠥᠨ︾ ᠭᠡᠵᠦ ᠪᠢᠴᠢᠭᠰᠡᠨ ᠪᠢᠯᠡ᠃ ᠲᠡᠦᠬᠡ ᠶᠢᠨ ᠳᠤᠷᠠᠰᠤᠮᠵᠢ ᠪᠣᠯᠣᠨ ᠦᠨᠡᠨ ᠬᠡᠷᠡᠭ ᠶᠠᠪᠤᠳᠠᠯ ᠨᠢ ᠣᠨ ᠰᠠᠷ᠎ᠠ ᠶᠢᠨ | ᠥᠩᠭᠡᠷᠡᠬᠦ ᠶᠢ ᠳᠠᠭᠠᠯᠳᠤᠨ ᠥᠩᠭᠡ ᠬᠤᠪᠢᠷᠠᠬᠤ ᠦᠭᠡᠢ ᠶᠤᠮ᠂ ᠪᠢᠳᠡᠨ ᠳᠤ ᠥᠭᠭᠦᠭᠰᠡᠨ ᠰᠡᠩᠬᠡᠷᠡᠭᠦᠯᠦᠯ ᠨᠢ ᠥᠨᠢ ᠡᠭᠦᠷᠢᠳᠡ | ᠪᠣᠳᠠᠲᠤ ᠠᠬᠤᠢ ᠶᠢ ᠲᠤᠰᠬᠠᠵᠤ᠂ ᠢᠷᠡᠭᠡᠳᠦᠢ ᠶᠢ ᠪᠡᠯᠭᠡᠳᠡᠵᠦ ᠪᠠᠶᠢᠳᠠᠭ᠃ ᠪᠢᠳᠡ ᠲᠡᠦᠬᠡ ᠪᠠᠷ ᠲᠣᠯᠢ ᠪᠤᠯᠭᠠᠵᠤ᠂ ᠳᠡᠯᠡᠬᠡᠢ ᠶᠢᠨ | ᠬᠤᠶᠠᠳᠤᠭᠠᠷ ᠶᠡᠭᠡ ᠲᠠᠶᠢᠨ ᠤ ᠭᠦᠨᠵᠡᠭᠡᠢ ᠰᠤᠷᠭᠠᠮᠵᠢ ᠪᠣᠯᠣᠨ ᠹᠠᠱᠢᠰ ᠢ ᠡᠰᠡᠷᠭᠦᠴᠡᠬᠦ ᠲᠠᠶᠢᠨ ᠤ ᠠᠭᠤᠤ ᠶᠡᠭᠡ | ᠢᠯᠠᠯᠲᠠ ᠠᠴᠠ ᠤᠶᠤᠨ ᠤᠬᠠᠭᠠᠨ ᠪᠠ ᠬᠦᠴᠦᠨ ᠴᠢᠳᠠᠯ ᠣᠯᠵᠤ᠂ ᠠᠯᠢᠪᠠ ᠭᠡᠯᠪᠡᠷᠢ ᠶᠢᠨ ᠡᠵᠡᠷᠬᠡᠬᠦ ᠦᠵᠡᠯ ᠪᠠ | ᠬᠦᠴᠦᠷᠬᠡᠭᠯᠡᠯ ᠤᠨ ᠤᠯᠤᠰ ᠲᠦᠷᠦ ᠶᠢ ᠡᠷᠡᠰ ᠡᠰᠡᠷᠭᠦᠴᠡᠵᠦ᠂ ᠬᠥᠮᠥᠨ ᠲᠥᠷᠥᠯᠬᠢᠲᠡᠨ ᠤ ᠨᠡᠩ ᠰᠠᠶᠢᠨ ᠰᠠᠶᠢᠬᠠᠨ | ᠢᠷᠡᠭᠡᠳᠦᠢ ᠶᠢ ᠬᠠᠮᠲᠤ ᠪᠠᠷ ᠴᠣᠭᠴᠠᠯᠠᠶ᠎ᠠ᠃ | - ᠪᠢᠳᠡ ᠳᠡᠯᠡᠬᠡᠢ ᠶᠢᠨ ᠬᠤᠶᠠᠳᠤᠭᠠᠷ ᠶᠡᠭᠡ ᠳᠠᠶᠢᠨ ᠤ ᠲᠤᠬᠠᠢ ᠵᠥᠪ ᠲᠡᠦᠬᠡ ᠶᠢᠨ ᠦᠵᠡᠯᠲᠡ ᠶᠢ ᠪᠠᠷᠢᠮᠲᠠᠯᠠᠶ᠎ᠠ᠃ | ᠳᠤᠮᠳᠠᠳᠤ ᠤᠯᠤᠰ᠂ ᠵᠥᠪᠯᠡᠯᠲᠦ ᠲᠤᠰ ᠲᠤᠰ ᠳᠡᠯᠡᠬᠡᠢ ᠶᠢᠨ ᠬᠤᠶᠠᠳᠤᠭᠠᠷ ᠶᠡᠭᠡ ᠲᠠᠶᠢᠨ ᠤ ᠠᠽᠢᠶ᠎ᠠ ᠲᠢᠪ ᠪᠣᠯᠣᠨ ᠡᠸᠦ᠋ᠷᠦᠫᠡ | ᠲᠢᠪ ᠤᠨ ᠭᠤᠣᠯ ᠲᠠᠶᠢᠨ ᠤ ᠲᠠᠯᠠᠪᠤᠷ ᠪᠣᠯᠤᠭᠰᠠᠨ ᠤ ᠬᠤᠪᠢ ᠳᠤ᠂ ᠶᠠᠫᠤᠨ ᠤ ᠴᠡᠷᠢᠭᠯᠡᠬᠦ ᠦᠵᠡᠯ ᠪᠣᠯᠣᠨ ᠭᠧᠷᠮᠠᠨ ᠤ ᠨᠠᠼᠢᠰ | ᠦᠵᠡᠯ ᠢ ᠡᠰᠡᠷᠭᠦᠴᠡᠬᠦ ᠭᠤᠣᠯ ᠲᠤᠯᠭᠠᠭᠤᠷᠢ ᠪᠣᠯᠵᠤ᠂ ᠳᠡᠯᠡᠬᠡᠢ ᠶᠢᠨ ᠹᠠᠱᠢᠰ ᠢ ᠡᠰᠡᠷᠭᠦᠴᠡᠬᠦ ᠲᠠᠶᠢᠨ ᠤ ᠢᠯᠠᠯᠲᠠ ᠣᠯᠬᠤ ᠳᠤ | ᠰᠢᠢᠳᠪᠦᠷᠢᠯᠡᠭᠴᠢ ᠴᠢᠨᠠᠷᠲᠠᠢ ᠬᠤᠪᠢ ᠨᠡᠮᠡᠷᠢ ᠦᠵᠡᠭᠦᠯᠪᠡ᠃ ᠳᠤᠮᠳᠠᠳᠤ ᠤᠯᠤᠰ ᠤᠨ ᠠᠷᠠᠳ ᠲᠦᠮᠡᠨ ᠤ ᠶᠠᠫᠤᠨ ᠢ | ᠡᠰᠡᠷᠭᠦᠴᠡᠬᠦ ᠳᠠᠶᠢᠨ ᠡᠬᠢᠯᠡᠭᠰᠡᠨ ᠴᠠᠭ ᠨᠢ ᠬᠠᠮᠤᠭ ᠤᠨ ᠡᠷᠲᠡ᠂ ᠦᠷᠭᠦᠯᠵᠢᠯᠡᠭᠰᠡᠨ ᠴᠠᠭ ᠨᠢ ᠬᠠᠮᠤᠭ ᠤᠨ ᠤᠷᠲᠤ ᠶᠤᠮ᠃ | ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠨᠠᠭᠠᠴᠢᠯᠠᠨ ᠪᠠᠶᠢᠭᠤᠯᠤᠭᠰᠠᠨ ᠶᠠᠫᠤᠨ ᠢ ᠡᠰᠡᠷᠭᠦᠴᠡᠬᠦ ᠦᠨᠳᠦᠰᠦᠲᠡᠨ ᠤ | ᠨᠢᠭᠡᠳᠦᠮᠡᠯ ᠹᠷᠣᠨᠲ ᠤᠨ ᠲᠤᠭ ᠤᠨ ᠳᠣᠣᠷ᠎ᠠ᠂ ᠳᠤᠮᠳᠠᠳᠤ ᠶᠢᠨ ᠬᠥᠪᠡᠭᠦᠳ ᠥᠬᠢᠳ ᠡᠮᠦᠨᠡᠬᠢ ᠨᠢ ᠤᠨᠠᠲᠠᠯ᠎ᠠ ᠬᠤᠶᠢᠨᠠᠬᠢ ᠨᠢ | ᠵᠠᠯᠭᠠᠮᠵᠢᠯᠠᠵᠤ᠂ ᠰᠡᠳᠬᠢᠯ ᠢᠶᠠᠨ ᠨᠢᠭᠡᠳᠬᠡᠵᠦ᠂ ᠯᠤᠲᠤ ᠶᠡᠭᠡ ᠦᠷᠡᠭᠳᠡᠯ ᠭᠠᠷᠭᠠᠵᠤ ᠲᠤᠶᠢᠯ ᠤᠨ ᠬᠠᠷᠭᠢᠰ ᠬᠡᠷᠴᠡᠭᠡᠢ ᠶᠠᠫᠤᠨ ᠤ | ᠴᠡᠷᠢᠭᠯᠡᠬᠦ ᠦᠵᠡᠯᠲᠡᠳ ᠢ ᠴᠣᠬᠢᠨ ᠢᠯᠠᠵᠤ᠂ ᠶᠠᠫᠤᠨ ᠢ ᠡᠰᠡᠷᠭᠦᠴᠡᠬᠦ ᠳᠠᠶᠢᠨ ᠤ ᠢᠯᠠᠯᠲᠠ ᠶᠢᠨ ᠠᠭᠤᠤ ᠶᠡᠭᠡ ᠬᠠᠭᠤᠳᠠᠰᠤ ᠶᠢ | ᠪᠢᠴᠢᠭᠯᠡᠭᠰᠡᠨ ᠪᠠᠶᠢᠨ᠎ᠠ᠃ ᠡᠸᠦ᠋ᠷᠦᠫᠡ ᠲᠢᠪ ᠤᠨ ᠲᠠᠶᠢᠨ ᠤ ᠲᠠᠯᠠᠪᠤᠷ ᠲᠤ᠂ ᠵᠥᠪᠯᠡᠯᠲᠦ ᠶᠢᠨ ᠤᠯᠠᠭᠠᠨ ᠴᠡᠷᠢᠭ ᠬᠠᠳᠠᠨ ᠪᠠᠲᠤ | ᠵᠣᠷᠢᠭ ᠢᠶᠠᠷ ᠪᠣᠯᠣᠳ ᠲᠡᠮᠦᠷ ᠮᠡᠲᠦ ᠬᠦᠴᠦᠲᠦ ᠤᠷᠤᠰᠬᠠᠯ ᠢ ᠳᠠᠪᠲᠠᠨ ᠪᠤᠯᠪᠠᠰᠤᠷᠠᠭᠤᠯᠵᠤ᠂ ᠨᠠᠼᠢᠰ ᠤᠨ | ᠲᠦᠷᠢᠮᠡᠬᠡᠶᠢᠯᠡᠭᠴᠢᠳ ᠤᠨ ᠵᠡᠷᠯᠢᠭ ᠰᠠᠨᠠᠭ᠎ᠠ ᠶᠢ ᠰᠦᠢᠷᠡᠭᠦᠯᠵᠦ᠂ ᠭᠧᠷᠮᠠᠨ ᠤ ᠹᠠᠱᠢᠰ ᠲᠤ ᠪᠣᠭᠤᠯᠴᠢᠯᠠᠭᠳᠠᠭᠰᠠᠨ ᠠᠷᠠᠳ | ᠲᠦᠮᠡᠨ ᠢ ᠴᠢᠯᠦᠭᠡᠯᠡᠵᠦ᠂ ᠵᠥᠪᠯᠡᠯᠲᠦ ᠶᠢᠨ ᠠᠭᠤᠤ ᠶᠡᠭᠡ ᠤᠯᠤᠰ ᠢᠶᠠᠨ ᠬᠠᠮᠠᠭᠠᠯᠠᠬᠤ ᠲᠠᠶᠢᠨ ᠤ ᠢᠯᠠᠯᠲᠠ ᠶᠢᠨ ᠢᠷᠠᠭᠤ | ᠭᠠᠶᠢᠬᠠᠮᠰᠢᠭᠲᠤ ᠲᠤᠤᠯᠢᠰ ᠢ ᠪᠢᠴᠢᠭᠯᠡᠪᠡ᠃ | ᠭᠡᠭᠡᠨ ᠰᠠᠷᠠᠭᠤᠯ ᠯᠠᠪᠲᠠᠢ ᠪᠠᠯᠠᠷ ᠬᠠᠷᠠᠩᠭᠤᠢ ᠶᠢ ᠦᠯᠳᠠᠵᠤ᠂ ᠰᠢᠳᠤᠷᠭᠤ ᠶᠣᠰᠣ ᠡᠴᠦᠰ ᠲᠡᠭᠡᠨ ᠭᠠᠵᠢᠭᠤ ᠪᠤᠷᠤᠭᠤ ᠶᠢ | ᠢᠯᠠᠨ᠎ᠠ ᠭᠡᠳᠡᠭ ᠢ ᠲᠡᠦᠬᠡ ᠪᠢᠳᠡᠨ ᠳᠤ ᠬᠡᠯᠡᠵᠦ ᠥᠭᠪᠡ᠃ ᠨᠢᠦ᠋ᠢᠷᠧᠨ᠋ᠪᠦ᠋ᠷᠡᠭ ᠤᠨ ᠤᠯᠠᠨ ᠤᠯᠤᠰ ᠤᠨ ᠴᠡᠷᠢᠭ ᠤᠨ | ᠶᠠᠪᠤᠳᠠᠯ ᠤᠨ ᠰᠢᠭᠦᠬᠦ ᠲᠢᠩᠬᠢᠮ᠂ ᠠᠯᠤᠰ ᠳᠣᠷᠣᠨᠠᠲᠤ ᠶᠢᠨ ᠤᠯᠠᠨ ᠤᠯᠤᠰ ᠤᠨ ᠴᠡᠷᠢᠭ ᠤᠨ ᠶᠠᠪᠤᠳᠠᠯ ᠤᠨ ᠰᠢᠭᠦᠬᠦ ᠲᠢᠩᠬᠢᠮ | ᠲᠠᠶᠢᠨ ᠤ ᠶᠠᠯᠠᠳᠡᠨ ᠢ ᠲᠡᠦᠬᠡ ᠶᠢᠨ ᠭᠤᠲᠤᠮᠰᠢᠭ ᠤᠨ ᠪᠠᠭᠠᠨ᠎ᠠ ᠳᠡᠭᠡᠷ᠎ᠡ ᠡᠭᠦᠷᠢᠳᠡ ᠬᠠᠳᠠᠵᠤ ᠲᠠᠯᠪᠢᠪᠠ᠂ ᠡᠨᠡ ᠬᠤᠶᠠᠷ | ᠤᠳᠠᠭ᠎ᠠ ᠶᠢᠨ ᠶᠡᠭᠡ ᠰᠢᠭᠦᠨ ᠲᠠᠰᠤᠯᠤᠯᠳᠠ ᠶᠢᠨ ᠰᠢᠳᠤᠷᠭᠤ ᠶᠣᠰᠣᠨ ᠤ ᠰᠢᠨᠵᠢ ᠴᠢᠨᠠᠷ᠂ ᠲᠡᠦᠬᠡ ᠶᠢᠨ ᠦᠨ᠎ᠡ ᠦᠷᠳᠡᠭ᠂ ᠴᠠᠭ | ᠦᠶ᠎ᠡ ᠶᠢᠨ ᠠᠴᠢ ᠬᠤᠯᠪᠣᠭᠳᠠᠯ ᠪᠣᠯ ᠭᠤᠶᠢᠪᠢᠰᠢ ᠦᠭᠡᠢ ᠶᠤᠮ︕ ᠳᠡᠯᠡᠬᠡᠢ ᠶᠢᠨ ᠬᠤᠶᠠᠳᠤᠭᠠᠷ ᠲᠠᠶᠢᠨ ᠤ ᠲᠡᠦᠬᠡ ᠶᠢᠨ | ᠦᠨᠡᠨ ᠢ ᠭᠠᠵᠢᠭᠤᠳᠠᠭᠤᠯᠵᠤ᠂ ᠳᠡᠯᠡᠬᠡᠢ ᠶᠢᠨ ᠬᠤᠶᠠᠳᠤᠭᠠᠷ ᠲᠠᠶᠢᠨ ᠤ ᠢᠯᠠᠯᠲᠠ ᠶᠢᠨ ᠦᠷ᠎ᠡ ᠪᠦᠲᠦᠭᠡᠯ ᠢ ᠦᠭᠡᠶᠢᠰᠬᠡᠵᠦ᠂ | ᠳᠤᠮᠳᠠᠳᠤ ᠵᠥᠪᠯᠡᠯᠲᠦ ᠶᠢᠨ ᠲᠡᠦᠬᠡᠨ ᠭᠠᠪᠢᠶ᠎ᠠ ᠵᠢᠳᠬᠦᠯ ᠢ ᠭᠤᠲᠤᠭᠠᠬᠤ ᠭᠡᠰᠡᠨ ᠠᠯᠢᠪᠠ ᠭᠤᠷᠢᠳᠠᠯᠭ᠎ᠠ ᠴᠥᠮ ᠪᠡᠶᠡᠯᠡᠭᠳᠡᠬᠦ | ᠦᠭᠡᠢ ᠶᠤᠮ︕ ᠲᠡᠦᠬᠡ ᠶᠢ ᠤᠬᠤᠷᠢᠭᠤᠯᠬᠤ ᠶᠠᠮᠠᠷᠪᠠ ᠠᠵᠢᠯᠯᠠᠭ᠎ᠠ ᠶᠢ ᠳᠤᠮᠳᠠᠳᠤ ᠤᠷᠤᠰ ᠬᠤᠶᠠᠷ ᠤᠯᠤᠰ ᠤᠨ ᠠᠷᠠᠳ | ᠲᠦᠮᠡᠨ ᠵᠥᠪᠰᠢᠶᠡᠷᠡᠬᠦ ᠦᠭᠡᠢ ᠪᠠᠷ ᠪᠠᠷᠠᠬᠤ ᠦᠭᠡᠢ ᠳᠡᠯᠡᠬᠡᠢ ᠶᠢᠨ ᠡᠯ᠎ᠡ ᠤᠯᠤᠰ ᠤᠨ ᠠᠷᠠᠳ ᠲᠦᠮᠡᠨ ᠴᠦ ᠵᠥᠪᠰᠢᠶᠡᠷᠡᠬᠦ | ᠦᠭᠡᠢ ᠶᠤᠮ︕ | - ᠪᠢᠲᠠ ᠳᠠᠶᠢᠨ ᠤ ᠳᠠᠷᠠᠭᠠᠬᠢ ᠣᠯᠠᠨ ᠤᠯᠤᠰ ᠤᠨ ᠡᠮᠬᠢ ᠳᠢᠭᠯᠢᠮ ᠢ ᠡᠷᠡᠰ ᠬᠠᠮᠠᠭᠠᠯᠠᠶ᠎ᠠ᠃ ᠳᠡᠯᠡᠬᠡᠢ ᠶᠢᠨ | ᠬᠤᠶᠠᠳᠤᠭᠠᠷ ᠲᠠᠶᠢᠨ ᠳᠠᠭᠤᠰᠬᠤ ᠠᠴᠠ ᠡᠮᠦᠨ᠎ᠡ ᠬᠤᠶᠢᠨᠠᠬᠢ ᠳᠡᠯᠡᠬᠡᠢ ᠨᠡᠶᠢᠲᠡ ᠶᠢᠨ ᠲᠣᠭᠲᠠᠭᠠᠭᠰᠠᠨ ᠬᠠᠮᠤᠭ ᠤᠨ ᠴᠢᠬᠤᠯᠠ | ᠲᠣᠭᠲᠠᠭᠠᠯ ᠪᠣᠯ ᠳᠠᠷᠤᠢ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢ ᠪᠠᠶᠢᠭᠤᠯᠬᠤ ᠶᠠᠪᠤᠳᠠᠯ ᠪᠣᠯᠣᠨ᠎ᠠ᠃ ᠳᠤᠮᠳᠠᠳᠤ | ᠤᠯᠤᠰ ᠪᠣᠯᠣᠨ ᠵᠥᠪᠯᠡᠯᠲᠦ ᠬᠠᠮᠤᠭ ᠤᠨ ᠲᠦᠷᠦᠭᠦᠨ ᠳᠤ ︽ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ | ᠦᠨᠳᠦᠰᠦᠨ ᠳᠦᠷᠢᠮ︾ ᠳᠡᠭᠡᠷ᠎ᠡ ᠭᠠᠷ ᠤᠨ ᠦᠰᠦᠭ ᠵᠢᠷᠤᠪᠠ᠂ ᠬᠤᠶᠠᠷ ᠤᠯᠤᠰ ᠤᠨ ᠤᠯᠠᠨ ᠤᠯᠤᠰ ᠤᠨ ᠬᠤᠯᠪᠣᠭᠠᠲᠤ | ᠪᠠᠶᠢᠭᠤᠯᠭ᠎ᠠ ᠶᠢᠨ ᠠᠶᠤᠯ ᠦᠭᠡᠢ ᠶᠢᠨ ᠵᠥᠪᠯᠡᠯ ᠳᠠᠬᠢ ᠪᠠᠶᠢᠩᠭᠤ ᠶᠢᠨ ᠬᠡᠷᠡᠭ ᠡᠷᠭᠢᠯᠡᠭᠴᠢ ᠤᠯᠤᠰ ᠪᠤᠯᠬᠤ ᠪᠠᠶᠢᠷᠢ ᠰᠠᠭᠤᠷᠢ | ᠪᠣᠯ ᠲᠡᠦᠬᠡ ᠠᠴᠠ ᠪᠦᠷᠢᠯᠳᠦᠭᠰᠡᠨ ᠶᠤᠮ᠂ ᠠᠷᠢᠭᠤᠨ ᠴᠢᠰᠤ ᠪᠠ ᠠᠮᠢ ᠨᠠᠰᠤ ᠪᠠᠷ ᠢᠶᠠᠨ ᠰᠣᠯᠢᠵᠤ ᠠᠪᠴᠢᠷᠠᠭᠰᠠᠨ ᠶᠤᠮ᠃ | ᠳᠡᠯᠡᠬᠡᠢ ᠶᠢᠨ ᠪᠠᠶᠢᠳᠠᠯ ᠬᠡᠳᠦᠢ ᠤᠷᠪᠠᠭᠠᠨ ᠬᠥᠷᠪᠡᠭᠡᠨ ᠲᠠᠢ ᠪᠤᠯᠬᠤ ᠲᠤᠳᠤᠮ᠂ ᠪᠢᠳᠡ ᠤᠯᠠᠨ ᠤᠯᠤᠰ ᠤᠨ ᠬᠤᠯᠪᠣᠭᠠᠲᠤ | ᠪᠠᠶᠢᠭᠤᠯᠭ᠎ᠠ ᠶᠢᠨ ᠡᠷᠬᠡ ᠰᠦᠷ ᠢ ᠤᠯᠠᠮ ᠪᠠᠷᠢᠮᠲᠠᠯᠠᠨ ᠬᠠᠮᠠᠭᠠᠯᠠᠵᠤ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠪᠠᠷ | ᠭᠤᠣᠯ ᠪᠤᠯᠭᠠᠬᠰᠠᠨ ᠤᠯᠠᠨ ᠤᠯᠤᠰ ᠤᠨ ᠰᠢᠰᠲ᠋ᠧᠮ᠂ ᠤᠯᠠᠨ ᠤᠯᠤᠰ ᠤᠨ ᠬᠠᠤᠯᠢ ᠳᠤ ᠰᠠᠭᠤᠷᠢᠯᠠᠭᠰᠠᠨ ᠤᠯᠠᠨ ᠤᠯᠤᠰ ᠤᠨ | ᠡᠮᠬᠢ ᠳᠢᠭᠯᠢᠮ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠦᠨᠳᠦᠰᠦᠨ ᠳᠦᠷᠢᠮ ᠤᠨ ᠵᠣᠷᠢᠯᠲᠠ ᠪᠠ | ᠵᠠᠷᠴᠢᠮ ᠢᠶᠠᠷ ᠰᠠᠭᠤᠷᠢ ᠪᠤᠯᠭᠠᠬᠰᠠᠨ ᠤᠯᠠᠨ ᠤᠯᠤᠰ ᠤᠨ ᠬᠠᠷᠢᠴᠠᠭᠠᠨ ᠤ ᠦᠨᠳᠦᠰᠦᠨ ᠪᠠᠷᠢᠮᠵᠢᠶ᠎ᠠ ᠶᠢ ᠡᠷᠡᠰ ᠬᠠᠮᠠᠭᠠᠯᠠᠵᠤ᠂ | ᠡᠷᠬᠡ ᠲᠡᠭᠰᠢ ᠡᠮᠬᠢ ᠵᠢᠷᠤᠮ ᠲᠠᠢ ᠳᠡᠯᠡᠬᠡᠢ ᠶᠢᠨ ᠤᠯᠠᠨ ᠲᠦᠢᠯᠵᠢᠯᠳᠠ᠂ ᠲᠦᠭᠡᠮᠡᠯ ᠬᠠᠷᠠᠭᠠᠯᠵᠠᠯᠲᠤ ᠪᠠᠭᠲᠠᠭᠠᠮᠵᠢᠲᠠᠢ ᠠᠵᠤ | ᠠᠬᠤᠢ ᠶᠢᠨ ᠳᠡᠯᠡᠬᠡᠶᠢᠵᠢᠯᠲᠡ ᠶᠢ ᠦᠷᠭᠦᠯᠵᠢᠯᠡᠨ ᠠᠬᠢᠭᠤᠯᠤᠶ᠎ᠠ᠃ | ᠡᠨᠡ ᠵᠢᠯ ᠪᠣᠯ ᠮᠥᠨ ᠴᠤ ᠲᠠᠶᠢᠸᠠᠨ ᠢ ᠡᠭᠡᠭᠦᠯᠦᠨ ᠠᠪᠤᠭᠰᠠᠨ 80 ᠵᠢᠯ ᠤᠨ ᠣᠶ ᠪᠣᠯᠣᠨ᠎ᠠ᠃ ᠲᠠᠶᠢᠸᠠᠨ ᠳᠤᠮᠳᠠᠳᠤ | ᠤᠯᠤᠰ ᠲᠤ ᠪᠤᠴᠠᠵᠤ ᠢᠷᠡᠭᠰᠡᠨ ᠶᠠᠪᠤᠳᠠᠯ ᠪᠣᠯ ᠳᠡᠯᠡᠬᠡᠢ ᠶᠢᠨ ᠬᠤᠶᠠᠳᠤᠭᠠᠷ ᠳᠠᠶᠢᠨ ᠤ ᠢᠯᠠᠯᠲᠠ ᠶᠢᠨ ᠦᠷ᠎ᠡ ᠪᠦᠲᠦᠭᠡᠯ ᠪᠠ | ᠳᠠᠶᠢᠨ ᠤ ᠳᠠᠷᠠᠭᠠᠬᠢ ᠣᠯᠠᠨ ᠤᠯᠤᠰ ᠤᠨ ᠡᠮᠬᠢ ᠳᠢᠭᠯᠢᠮ ᠤᠨ ᠴᠢᠬᠤᠯᠠ ᠪᠦᠷᠢᠯᠳᠦᠭᠦᠨ ᠬᠡᠰᠡᠭ ᠮᠥᠨ᠃ ︽ᠺᠠᠶᠢᠷᠤ᠋ ᠶᠢᠨ | ᠲᠤᠩᠬᠠᠭ︾᠂ ︽ᠫᠤᠼᠳᠠᠮ ᠤᠨ ᠠᠯᠪᠠᠨ ᠵᠠᠷᠯᠠᠯ︾ ᠵᠡᠷᠭᠡ ᠤᠯᠠᠨ ᠤᠯᠤᠰ ᠤᠨ ᠬᠠᠤᠯᠢ ᠶᠢᠨ ᠬᠦᠴᠦᠨ ᠪᠦᠬᠦᠢ ᠠᠯᠢ ᠤᠯᠠᠨ | ᠪᠢᠴᠢᠭ ᠮᠠᠲ᠋ᠧᠷᠢᠶᠠᠯ ᠳᠤ ᠴᠥᠮ ᠳᠤᠮᠳᠠᠳᠤ ᠤᠯᠤᠰ ᠤᠨ ᠲᠠᠶᠢᠸᠠᠨ ᠳᠠᠬᠢ ᠡᠷᠬᠡ ᠮᠡᠳᠡᠯ ᠢ ᠨᠤᠲᠠᠯᠠᠪᠠ᠂ ᠲᠡᠭᠦᠨ ᠤ ᠲᠡᠦᠬᠡ ᠪᠠ | ᠬᠠᠤᠯᠢ ᠶᠣᠰᠣᠨ ᠤ ᠪᠣᠳᠠᠲᠤ ᠬᠡᠷᠡᠭ ᠨᠢ ᠰᠡᠵᠢᠭᠯᠡᠭᠳᠡᠰᠢ ᠦᠭᠡᠢ ᠶᠤᠮ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ | ᠶᠡᠭᠡ ᠬᠤᠷᠠᠯ ᠤᠨ 2758 ᠳ᠋ᠤᠭᠠᠷ ᠲᠣᠭᠠᠲᠤ ᠰᠢᠢᠳᠪᠦᠷᠢ ᠶᠢᠨ ᠡᠷᠬᠡ ᠰᠦᠷᠲᠦ ᠴᠢᠨᠠᠷ ᠲᠤ ᠬᠠᠯᠳᠠᠵᠤ ᠪᠣᠯᠣᠰᠢ ᠦᠭᠡᠢ | ᠶᠤᠮ᠃ ᠲᠠᠶᠢᠸᠠᠨ ᠠᠷᠠᠯ ᠤᠨ ᠳᠣᠲᠣᠭᠠᠳᠤ ᠶᠢᠨ ᠪᠠᠶᠢᠳᠠᠯ ᠳᠤ ᠶᠠᠮᠠᠷ ᠬᠤᠪᠢᠷᠠᠯᠲᠠ ᠭᠠᠷᠤᠭᠰᠠᠨ ᠴᠤ᠂ ᠭᠠᠳᠠᠭᠠᠳᠤ ᠶᠢᠨ | ᠬᠦᠴᠦᠨ ᠶᠠᠭᠠᠬᠢᠵᠤ ᠲᠦᠢᠪᠡᠭᠡᠭᠰᠡᠨ ᠴᠦ᠂ ᠳᠤᠮᠳᠠᠳᠤ ᠤᠯᠤᠰ ᠡᠴᠦᠰ ᠲᠡᠭᠡᠨ ᠨᠢᠭᠡᠳᠦᠯ ᠢ ᠪᠡᠶᠡᠯᠡᠭᠦᠯᠬᠦ ᠪᠥᠭᠡᠳ ᠯᠠᠪᠲᠠᠢ | ᠨᠢᠭᠡᠳᠦᠯ ᠢ ᠪᠡᠶᠡᠯᠡᠭᠦᠯᠬᠦ ᠲᠡᠦᠬᠡ ᠶᠢᠨ ᠶᠡᠭᠡ ᠬᠠᠨᠳᠤᠰᠢ ᠬᠤᠷᠢᠭᠯᠠᠭᠳᠠᠰᠢ ᠦᠭᠡᠢ ᠶᠤᠮ᠃ | ᠳᠤᠮᠳᠠᠳᠤ ᠤᠷᠤᠰ ᠲᠤᠰ ᠲᠤᠰ ᠤᠨ ᠢᠶᠠᠨ ᠭᠤᠣᠯᠯᠠᠭᠴᠢ ᠠᠰᠢᠭ ᠲᠤᠰᠠ ᠪᠣᠯᠣᠨ ᠠᠩᠬᠠᠷᠴᠤ ᠪᠠᠶᠢᠭ᠎ᠠ ᠴᠢᠬᠤᠯᠠ | ᠶᠡᠭᠡ ᠠᠰᠠᠭᠤᠳᠠᠯ ᠤᠨ ᠲᠠᠯ᠎ᠠ ᠪᠠᠷ ᠢᠮᠠᠭᠲᠠ ᠡᠷᠡᠰ ᠳᠡᠮᠵᠢᠯᠴᠡᠪᠡ᠃ ᠤᠷᠤᠰ ᠤᠨ ᠲᠠᠯ᠎ᠠ ᠶᠢᠨ ᠬᠢᠨ ᠨᠢᠭᠡ ᠯᠡ ᠳᠤᠮᠳᠠᠳᠤ | ᠤᠯᠤᠰ ᠪᠠᠶᠢᠬᠤ ᠵᠠᠷᠴᠢᠮ ᠢ ᠬᠢᠴᠢᠶᠡᠩᠭᠦᠶᠢᠯᠡᠨ ᠵᠢᠷᠤᠮᠯᠠᠨ᠎ᠠ᠂ ᠲᠠᠶᠢᠸᠠᠨ ᠪᠣᠯ ᠳᠤᠮᠳᠠᠳᠤ ᠤᠯᠤᠰ ᠤᠨ ᠨᠤᠲᠤᠭ ᠳᠡᠪᠢᠰᠬᠡᠷ ᠤᠨ | ᠰᠠᠯᠵᠤ ᠪᠣᠯᠣᠰᠢ ᠦᠭᠡᠢ ᠨᠢᠭᠡ ᠬᠡᠰᠡᠭ ᠮᠥᠨ᠂ ᠶᠠᠮᠠᠷᠪᠠ ᠭᠡᠯᠪᠡᠷᠢ ᠶᠢᠨ ︽ᠲᠠᠶᠢᠸᠠᠨ ᠢ ᠲᠤᠰᠠᠭᠠᠷ ᠲᠣᠭᠲᠠᠨᠢᠭᠤᠯᠬᠤ︾ ᠶᠢ | ᠡᠰᠡᠷᠭᠦᠴᠡᠵᠦ᠂ ᠳᠤᠮᠳᠠᠳᠤ ᠤᠯᠤᠰ ᠤᠨ ᠵᠠᠰᠠᠭ ᠤᠨ ᠣᠷᠳᠣᠨ ᠪᠠ ᠳᠤᠮᠳᠠᠳᠤ ᠤᠯᠤᠰ ᠤᠨ ᠠᠷᠠᠳ ᠲᠦᠮᠡᠨ ᠤ ᠤᠯᠤᠰ | ᠭᠡᠷ ᠤᠨ ᠢᠶᠠᠨ ᠨᠢᠭᠡᠳᠦᠯ ᠢ ᠪᠡᠶᠡᠯᠡᠭᠦᠯᠬᠦ ᠶᠢᠨ ᠲᠥᠯᠥᠭᠡ ᠠᠪᠤᠭᠰᠠᠨ ᠠᠯᠢᠪᠠ ᠠᠷᠭ᠎ᠠ ᠬᠡᠮᠵᠢᠶ᠎ᠡ ᠶᠢ ᠡᠷᠡᠰ ᠳᠡᠮᠵᠢᠨ᠎ᠡ ᠭᠡᠵᠦ | ᠣᠯᠠᠨᠲᠠ ᠴᠢᠬᠤᠯᠠᠴᠢᠯᠠᠪᠠ᠃ ᠳᠤᠮᠳᠠᠳᠤ ᠤᠯᠤᠰ ᠡᠭᠦᠨ ᠢ ᠳᠡᠭᠡᠳᠦ ᠬᠡᠮᠵᠢᠶ᠎ᠡ ᠪᠠᠷ ᠦᠨᠡᠯᠡᠵᠦ ᠪᠠᠶᠢᠨ᠎ᠠ᠃ | - ᠪᠢᠳᠠ ᠳᠡᠯᠡᠬᠡᠢ ᠶᠢᠨ ᠲᠥᠪ ᠭᠤᠣᠯᠴᠢ ᠰᠢᠳᠤᠷᠭᠤ ᠶᠣᠰᠣ ᠶᠢ ᠡᠷᠡᠰ ᠬᠠᠮᠠᠭᠠᠯᠠᠶ᠎ᠠ᠃ ᠣᠳᠣᠬᠠᠨ ᠤ ᠳᠡᠯᠡᠬᠡᠢ | ᠶᠢᠷᠲᠢᠨᠴᠦ ᠳᠤ᠂ ᠡᠩᠬᠡ ᠲᠠᠶᠢᠪᠤᠩ ᠤᠨ ᠤᠯᠠᠭᠠᠨ ᠲᠤᠭ᠎ᠠ᠂ ᠬᠥᠭᠵᠢᠯᠲᠡ ᠶᠢᠨ ᠤᠯᠠᠭᠠᠨ ᠲᠤᠭ᠎ᠠ᠂ ᠠᠮᠤᠷ ᠲᠦᠪᠰᠢᠨ ᠤ | ᠤᠯᠠᠭᠠᠨ ᠲᠤᠭ᠎ᠠ᠂ ᠵᠠᠰᠠᠯᠲᠠ ᠶᠢᠨ ᠤᠯᠠᠭᠠᠨ ᠲᠤᠭ᠎ᠠ ᠨᠡᠮᠡᠭᠳᠡᠭᠰᠡᠨ ᠠᠴᠠ ᠪᠢᠰᠢ ᠬᠠᠰᠤᠭᠳᠠᠭᠰᠠᠨ ᠦᠭᠡᠢ᠃ ᠪᠢ ᠬᠥᠮᠥᠨ | ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠵᠤ᠂ ᠪᠦᠭᠦ ᠪᠥᠮᠪᠥᠷᠴᠡᠭ ᠤᠨ | ᠬᠥᠭᠵᠢᠯᠲᠡ ᠶᠢᠨ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ | ᠪᠣᠯᠪᠠᠰᠤᠨ ᠤ ᠰᠠᠨᠠᠭᠠᠴᠢᠯᠠᠭ᠎ᠠ ᠶᠢ ᠳᠤᠷᠠᠳᠤᠭᠰᠠᠨ ᠨᠢ ᠳᠠᠷᠤᠢ ᠳᠡᠭᠡᠷ᠎ᠡ ᠳᠤᠷᠠᠳᠤᠭᠰᠠᠨ ᠤᠯᠠᠭᠠᠨ ᠲᠤᠭ᠎ᠠ ᠶᠢ ᠰᠢᠢᠳᠪᠦᠷᠢᠯᠡᠵᠦ᠂ | ᠲᠥᠪ ᠭᠤᠣᠯᠴᠢ ᠰᠢᠳᠤᠷᠭᠤ ᠶᠣᠰᠣ ᠪᠠᠷ ᠣᠶᠢᠯᠠᠭᠠᠭᠳᠠᠬᠤᠨ ᠪᠤᠯᠭᠠᠵᠤ ᠪᠦᠭᠦ ᠪᠥᠮᠪᠥᠷᠴᠡᠭ ᠤᠨ ᠵᠠᠰᠠᠯᠲᠠ ᠶᠢᠨ | ᠰᠢᠰᠲ᠋ᠧᠮ ᠤᠨ ᠬᠤᠪᠢᠰᠤᠯᠲᠠ ᠶᠢ ᠢᠳᠡᠪᠬᠢᠲᠡᠢ ᠬᠥᠲᠥᠯᠥᠨ ᠳᠠᠭᠠᠭᠤᠯᠬᠤ ᠶᠢᠨ ᠲᠥᠯᠥᠭᠡ ᠶᠤᠮ᠃ | ᠳᠡᠯᠡᠬᠡᠢ ᠶᠢᠷᠲᠢᠨᠴᠦ ᠲᠥᠪ ᠭᠤᠣᠯᠴᠢ ᠪᠠᠶᠢᠬᠤ ᠬᠡᠷᠡᠭᠲᠡᠢ᠂ ᠬᠠᠷᠭᠢᠰ ᠬᠡᠷᠴᠡᠭᠡᠢ ᠪᠠᠶᠢᠵᠤ ᠪᠤᠯᠬᠤ ᠦᠭᠡᠢ᠃ ᠪᠦᠭᠦ | ᠪᠥᠮᠪᠥᠷᠴᠡᠭ ᠤᠨ ᠴᠢᠨᠠᠷᠲᠠᠢ ᠥᠷᠢᠰᠦᠯᠳᠦᠭᠡᠨ ᠢ ᠠᠷᠭᠠᠴᠠᠭᠠᠬᠤ ᠳᠤ ᠡᠷᠬᠡᠪᠰᠢ ᠬᠠᠮᠲᠤ ᠪᠠᠷ ᠵᠥᠪᠳᠡᠬᠦ ᠬᠠᠮᠲᠤ ᠪᠠᠷ | ᠪᠠᠶᠢᠭᠤᠯᠬᠤ ᠬᠠᠮᠲᠤ ᠪᠠᠷ ᠡᠳ᠋ᠯᠡᠬᠦ ᠪᠦᠭᠦ ᠪᠥᠮᠪᠥᠷᠴᠡᠭ ᠤᠨ ᠵᠠᠰᠠᠯᠲᠠ ᠶᠢᠨ ᠦᠵᠡᠯᠲᠡ ᠶᠢ ᠪᠠᠷᠢᠮᠲᠠᠯᠠᠵᠤ᠂ ᠶᠠᠷᠢᠯᠴᠠᠭ᠎ᠠ | ᠬᠢᠬᠦ ᠠᠴᠠ ᠪᠢᠰᠢ ᠡᠰᠡᠷᠭᠦᠴᠡᠯᠳᠦᠬᠦ ᠦᠭᠡᠢ᠂ ᠬᠠᠨᠢᠲᠠᠨ ᠪᠤᠯᠬᠤ ᠠᠴᠠ ᠪᠢᠰᠢ ᠬᠤᠯᠪᠤᠭ᠎ᠠ ᠪᠠᠶᠢᠭᠤᠯᠬᠤ ᠦᠭᠡᠢ᠂ ᠬᠠᠮᠲᠤ ᠪᠠᠷ | ᠠᠰᠢᠭ ᠭᠦᠷᠳᠡᠭᠦ ᠠᠴᠠ ᠪᠢᠰᠢ ᠦᠯᠦ ᠡᠪᠰᠡᠬᠦ ᠦᠭᠡᠢ ᠪᠠᠶᠢᠬᠤ ᠶᠢ ᠪᠠᠷᠢᠮᠲᠠᠯᠠᠵᠤ᠂ ᠵᠢᠩᠬᠢᠨᠢ ᠤᠯᠠᠨ ᠲᠠᠯᠠᠲᠤ ᠦᠵᠡᠯ ᠢ | ᠦᠢᠯᠡᠳᠦᠯᠭᠡᠵᠢᠭᠦᠯᠵᠦ᠂ ᠡᠯ᠎ᠡ ᠲᠠᠯ᠎ᠠ ᠶᠢᠨ ᠬᠢᠨ ᠤ ᠵᠦᠢ ᠶᠣᠰᠣᠨ ᠤ ᠠᠩᠬᠠᠷᠴᠤ ᠪᠠᠶᠢᠭ᠎ᠠ ᠠᠰᠠᠭᠤᠳᠠᠯ ᠢ ᠬᠠᠷᠠᠭᠠᠯᠵᠠᠵᠤ᠂ | ᠤᠯᠠᠨ ᠤᠯᠤᠰ ᠤᠨ ᠳᠦᠷᠢᠮ ᠪᠠ ᠡᠮᠬᠢ ᠳᠢᠭᠯᠢᠮ ᠢ ᠬᠠᠮᠠᠭᠠᠯᠠᠬᠤ ᠶᠢ ᠪᠠᠷᠢᠮᠲᠠᠯᠠᠬᠤ ᠬᠡᠷᠡᠭᠲᠡᠢ ᠭᠡᠳᠡᠭ ᠢ ᠲᠡᠦᠬᠡ ᠪᠠ ᠪᠣᠳᠠᠲᠤ | ᠠᠬᠤᠢ ᠴᠥᠮ ᠬᠠᠷᠠᠭᠤᠯᠵᠤ ᠪᠠᠶᠢᠨ᠎ᠠ᠃ ᠳᠡᠯᠡᠬᠡᠢ ᠶᠢᠨ ᠡᠯ᠎ᠡ ᠤᠯᠤᠰ ᠤᠨ ᠠᠷᠠᠳ ᠲᠦᠮᠡᠨ ᠪᠦᠷ ᠲᠡᠦᠬᠡ ᠶᠢᠨ ᠵᠥᠪ | ᠲᠠᠯ᠎ᠠ ᠳᠤ ᠵᠣᠭᠰᠣᠵᠤ᠂ ᠲᠥᠪ ᠭᠤᠣᠯᠴᠢ ᠰᠢᠳᠤᠷᠭᠤ ᠶᠣᠰᠣᠨ ᠤ ᠲᠠᠯ᠎ᠠ ᠳᠤ ᠵᠣᠭᠰᠣᠨ᠎ᠠ ᠭᠡᠳᠡᠭ ᠢ ᠪᠢᠳᠡ ᠪᠠᠲᠤ ᠢᠲᠡᠭᠡᠵᠦ | ᠪᠠᠶᠢᠨ᠎ᠠ᠃ | ᠳᠤᠮᠳᠠᠳᠤ ᠤᠯᠤᠰ ᠪᠣᠯᠣᠨ ᠤᠷᠤᠰ ᠪᠣᠯ ᠴᠥᠮ ᠴᠢᠬᠤᠯᠠ ᠨᠥᠯᠥᠭᠡᠯᠡᠬᠦ ᠬᠦᠴᠦᠨ ᠲᠠᠢ ᠲᠣᠮᠣ ᠤᠯᠤᠰ ᠮᠥᠨ᠂ ᠪᠦᠭᠦ | ᠪᠥᠮᠪᠥᠷᠴᠡᠭ ᠤᠨ ᠪᠠᠶᠢᠯᠳᠤᠬᠤ ᠪᠣᠳᠣᠯᠭ᠎ᠠ ᠶᠢᠨ ᠲᠣᠭᠲᠠᠭᠤᠨ ᠢ ᠬᠠᠮᠠᠭᠠᠯᠠᠬᠤ᠂ ᠪᠦᠭᠦ ᠪᠥᠮᠪᠥᠷᠴᠡᠭ ᠤᠨ ᠵᠠᠰᠠᠯᠲᠠ ᠶᠢ | ᠲᠡᠭᠦᠯᠳᠡᠷᠵᠢᠭᠦᠯᠬᠦ ᠪᠦᠲᠦᠭᠡᠯᠴᠢ ᠴᠢᠨᠠᠷᠲᠠᠢ ᠬᠦᠴᠦᠨ ᠮᠥᠨ᠃ ᠳᠤᠮᠳᠠᠳᠤ ᠤᠷᠤᠰ ᠤᠨ ᠬᠠᠷᠢᠯᠴᠠᠭ᠎ᠠ ᠲᠣᠪ ᠲᠣᠳᠣᠷᠬᠠᠢ | ᠲᠡᠦᠬᠡ ᠶᠢᠨ ᠯᠣᠭᠢᠭ᠂ ᠬᠦᠴᠦᠷᠬᠡᠭ ᠶᠡᠭᠡ ᠳᠣᠲᠣᠭᠠᠳᠤ ᠬᠥᠳᠡᠯᠭᠡᠬᠦ ᠬᠦᠴᠦᠨ᠂ ᠭᠦᠨ ᠵᠤᠵᠠᠭᠠᠨ ᠪᠣᠯᠪᠠᠰᠤᠨ ᠤ ᠣᠣᠷ | ᠲᠤᠨᠳᠠᠰᠤ ᠲᠠᠢ ᠶᠤᠮ᠂ ᠭᠤᠷᠪᠠᠳᠤᠭᠠᠷ ᠡᠲᠡᠭᠡᠳ ᠲᠤ ᠴᠢᠭᠯᠡᠭᠦᠯᠬᠦ ᠦᠭᠡᠢ ᠪᠥᠭᠡᠳ ᠶᠠᠮᠠᠷᠪᠠ ᠭᠤᠷᠪᠠᠳᠤᠭᠠᠷ ᠡᠲᠡᠭᠡᠳ ᠲᠤ ᠴᠦ | ᠬᠢᠵᠠᠭᠠᠷᠯᠠᠭᠳᠠᠬᠤ ᠦᠭᠡᠢ᠃ ᠬᠤᠶᠠᠷ ᠲᠠᠯ᠎ᠠ ᠪᠠᠷ ᠢᠶᠠᠨ ᠳᠤᠮᠳᠠᠳᠤ ᠤᠷᠤᠰ ᠤᠨ ᠨᠥᠬᠦᠷᠯᠡᠯ ᠪᠣᠯᠣᠨ ᠢᠲᠡᠭᠡᠯᠴᠡᠭᠡ ᠶᠢ ᠡᠪᠳᠡᠬᠦ | ᠶᠠᠮᠠᠷᠪᠠ ᠭᠤᠷᠢᠳᠠᠯᠭ᠎ᠠ ᠶᠢ ᠬᠠᠮᠲᠤ ᠪᠠᠷ ᠡᠰᠡᠷᠭᠦᠴᠡᠵᠦ᠂ ᠲᠦᠷ ᠴᠠᠭ ᠤᠨ ᠶᠠᠪᠤᠳᠠᠯ ᠳᠤ ᠲᠥᠭᠡᠷᠢᠭᠳᠡᠬᠦ ᠦᠭᠡᠢ᠂ ᠰᠢᠷᠦᠭᠦᠨ | ᠰᠠᠯᠬᠢ ᠲᠤᠬᠰᠢᠨ ᠳᠠᠪᠠᠯᠭᠠᠨ ᠳᠤ ᠨᠥᠯᠥᠭᠡᠯᠡᠭᠳᠡᠬᠦ ᠦᠭᠡᠢ ᠪᠠᠶᠢᠵᠤ᠂ ᠳᠤᠮᠳᠠᠳᠤ ᠤᠷᠤᠰ ᠤᠨ ᠪᠠᠶᠢᠯᠳᠤᠬᠤ ᠪᠣᠳᠣᠯᠭ᠎ᠠ ᠶᠢᠨ | ᠬᠠᠮᠵᠢᠯᠴᠠᠭᠠᠨ ᠤ ᠲᠣᠬᠲᠠᠭᠠᠯᠲᠤ ᠴᠢᠨᠠᠷ ᠪᠣᠯᠣᠨ ᠤᠶᠠᠨ ᠬᠠᠳᠠᠨ ᠴᠢᠨᠠᠷ ᠢᠶᠠᠷ ᠳᠡᠯᠡᠬᠡᠢ ᠶᠢᠨ ᠤᠯᠠᠨ ᠲᠦᠢᠯᠵᠢᠯᠲᠠ ᠶᠢᠨ | ᠠᠬᠢᠴᠠ ᠶᠢ ᠬᠠᠮᠲᠤ ᠪᠠᠷ ᠠᠬᠢᠭᠤᠯᠵᠤ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ | ᠪᠠᠶᠢᠭᠤᠯᠬᠤ ᠶᠢ ᠬᠠᠮᠲᠤ ᠪᠠᠷ ᠠᠬᠢᠭᠤᠯᠤᠶ᠎ᠠ᠃ | ᠳᠤᠮᠳᠠᠳᠤ ᠤᠯᠤᠰ ᠪᠠ ᠤᠷᠤᠰ ᠪᠣᠯ ᠴᠥᠮ ᠭᠡᠷᠡᠯ ᠰᠠᠴᠤᠷᠠᠩᠭᠤᠢ ᠪᠣᠯᠪᠠᠰᠤᠨ ᠲᠠᠢ ᠠᠭᠤᠤ ᠶᠡᠭᠡ ᠤᠯᠤᠰ ᠮᠥᠨ᠂ | ᠳᠤᠮᠳᠠᠳᠤ ᠤᠯᠤᠰ ᠤᠨ ᠠᠷᠠᠳ ᠲᠦᠮᠡᠨ ᠪᠠ ᠤᠷᠤᠰ ᠤᠨ ᠠᠷᠠᠳ ᠲᠦᠮᠡᠨ ᠪᠣᠯ ᠴᠥᠮ ᠪᠠᠭᠠᠲᠤᠷᠯᠢᠭ ᠤᠳᠤᠮᠰᠢᠯ ᠲᠠᠢ | ᠠᠭᠤᠤ ᠶᠡᠭᠡ ᠠᠷᠠᠳ ᠲᠦᠮᠡᠨ ᠮᠥᠨ᠃ 80 ᠵᠢᠯ ᠤᠨ ᠡᠮᠦᠨ᠎ᠡ᠂ ᠪᠢᠳᠠ ᠡᠷᠡᠯᠬᠡᠭ ᠢᠶᠠᠷ ᠡᠰᠡᠷᠭᠦᠴᠡᠨ ᠲᠡᠮᠡᠴᠡᠵᠦ ᠹᠠᠱᠢᠰ ᠢ | ᠡᠰᠡᠷᠭᠦᠴᠡᠬᠦ ᠲᠠᠶᠢᠨ ᠤ ᠠᠭᠤᠤ ᠶᠡᠭᠡ ᠢᠯᠠᠯᠲᠠ ᠶᠢ ᠣᠯᠪᠠ᠃ 80 ᠵᠢᠯ ᠤᠨ ᠳᠠᠷᠠᠭᠠᠬᠢ ᠥᠨᠥᠳᠥᠷ᠂ ᠪᠢᠳᠡ ᠠᠯᠢᠪᠠ ᠴᠢᠬᠤᠯᠠ | ᠪᠦᠬᠦᠢ ᠠᠷᠭ᠎ᠠ ᠬᠡᠮᠵᠢᠶ᠎ᠡ ᠶᠢ ᠠᠪᠴᠤ᠂ ᠲᠤᠰ ᠪᠡᠶ᠎ᠡ ᠶᠢᠨ ᠡᠷᠬᠡ ᠮᠡᠳᠡᠯ᠂ ᠠᠮᠤᠷ ᠲᠦᠪᠰᠢᠨ᠂ ᠬᠥᠭᠵᠢᠯᠲᠡ ᠶᠢᠨ ᠠᠰᠢᠭ | ᠲᠤᠰᠠ ᠪᠠᠨ ᠡᠷᠡᠰ ᠬᠠᠮᠠᠭᠠᠯᠠᠵᠤ᠂ ᠡᠷᠡᠰ ᠪᠠᠲᠤ ᠪᠠᠷ ᠲᠡᠦᠬᠡ ᠶᠢᠨ ᠳᠤᠷᠠᠰᠤᠮᠵᠢ ᠶᠢᠨ ᠬᠠᠮᠠᠭᠠᠯᠠᠭᠴᠢ᠂ ᠬᠥᠭᠵᠢᠯ ᠮᠠᠨᠳᠤᠯ ᠤᠨ | ᠵᠠᠮ ᠳᠠᠬᠢ ᠬᠠᠮᠲᠤ ᠤᠷᠤᠭᠰᠢᠯᠠᠭᠴᠢ᠂ ᠤᠯᠠᠨ ᠤᠯᠤᠰ ᠤᠨ ᠲᠥᠪ ᠭᠤᠣᠯᠴᠢ ᠰᠢᠳᠤᠷᠭᠤ ᠶᠣᠰᠣᠨ ᠤ ᠬᠠᠮᠠᠭᠠᠯᠠᠭᠴᠢ ᠪᠣᠯᠵᠤ᠂ | ᠭᠠᠷ ᠬᠤᠯᠪᠣᠨ ᠬᠥᠮᠥᠨ ᠲᠥᠷᠥᠯᠬᠢᠲᠡᠨ ᠤ ᠢᠷᠡᠭᠡᠳᠦᠢ ᠬᠤᠪᠢ ᠵᠠᠶᠠᠭᠠᠨ ᠤ ᠲᠥᠯᠥᠭᠡ ᠨᠡᠩ ᠭᠡᠭᠡᠨ ᠰᠠᠷᠠᠭᠤᠯ ᠢᠷᠡᠭᠡᠳᠦᠢ ᠶᠢ | ᠲᠡᠮᠡᠴᠡᠨ ᠴᠣᠭᠴᠠᠯᠠᠶ᠎ᠠ᠃ |