ᠪᠠᠷᠠᠭᠤᠨ ᠦᠵᠦᠮᠦᠴᠢᠨ ᠬᠤᠰᠢᠭᠤᠨ ᠤ ᠳᠠᠭᠠᠳᠬᠠᠯ ᠳᠤ ᠤᠷᠤᠯᠴᠠᠭᠰᠠᠨ ᠠᠵᠢᠯ ᠠᠴᠠ ᠪᠠᠨ ᠠᠮᠠᠷᠠᠭᠰᠠᠳ ᠨᠡᠶᠢᠭᠡᠮ ᠤᠨ ᠳᠠᠭᠠᠳᠬᠠᠯ ᠤᠨ ᠭᠡᠷᠡᠴᠢᠯᠡᠭᠡ ᠪᠠᠨ ᠬᠢᠬᠦ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2025/5/9
ᠪᠠᠷᠠᠭᠤᠨ ᠦᠵᠦᠮᠦᠴᠢᠨ ᠬᠤᠰᠢᠭᠤᠨ ᠤ ᠳᠠᠭᠠᠳᠬᠠᠯ ᠳᠤ ᠤᠷᠤᠯᠴᠠᠵᠦ ᠠᠵᠢᠯ ᠠᠴᠠ ᠪᠠᠨ ᠠᠮᠠᠷᠠᠭᠰᠠᠨ ᠪᠥᠬᠦ ᠣᠯᠠᠨ ᠲᠦᠮᠡᠨ ᠳᠤ᠄     2025 ᠣᠨ ᠤ 4 ᠰᠠᠷ᠎ᠠ ᠶᠢᠨ 1 ᠤ ᠡᠳᠦᠷ ᠠᠴᠠ ᠡᠬᠢᠯᠡᠨ᠂ ᠮᠠᠨ ᠤ ᠣᠷᠣᠨ ᠤ ᠨᠡᠶᠢᠭᠡᠮ ᠤᠨ ᠳᠠᠭᠠᠳᠬᠠᠯ ᠤᠨ ᠣᠯᠭᠤᠮᠵᠢ ᠶᠢᠨ ᠬᠢᠷᠢ ᠬᠡᠮ ᠤᠨ ᠭᠡᠷᠡᠴᠢᠯᠡᠭᠡ ᠬᠢᠬᠦ ᠦᠶᠡᠯᠡᠯ ᠤᠨ ᠬᠤᠭᠤᠴᠠᠭ᠎ᠠ ᠶᠢ ᠣᠣᠯ ᠨᠢ 12 ᠰᠠᠷ᠎ᠠ ᠪᠠᠶᠢᠭᠰᠠᠨ ᠢ 6 ᠰᠠᠷ᠎ᠠ ᠪᠣᠯᠭᠠᠨ ᠬᠤᠪᠢᠷᠠᠭᠤᠯᠵᠦ᠂ ᠵᠢᠯ ᠪᠦᠷᠢ 2 ᠤᠳᠠᠭ᠎ᠠ ᠭᠡᠷᠡᠴᠢᠯᠡᠭᠡ ᠬᠢᠬᠦ ᠬᠡᠷᠡᠭᠲᠡᠢ ᠪᠤᠯᠪᠠ᠃ ᠬᠠᠷᠠᠭᠠᠯᠵᠠᠯ ᠬᠦᠷᠲᠡᠭᠴᠢ ᠨᠢ ᠭᠡᠷᠡᠴᠢᠯᠡᠭᠡ ᠶᠢᠨ ᠦᠶᠡᠯᠡᠯ ᠤᠨ ᠬᠤᠭᠤᠴᠠᠭ᠎ᠠ ᠲᠤᠯᠬᠤ ᠠᠴᠠ ᠡᠮᠦᠨ᠎ᠡ ᠳᠠᠷᠠᠭ᠎ᠠ ᠤᠳᠠᠭᠠᠨ ᠤ ᠭᠡᠷᠡᠴᠢᠯᠡᠭᠡ ᠪᠠᠨ ᠬᠢᠵᠦ ᠳᠠᠭᠤᠰᠬᠠᠬᠤ ᠬᠡᠷᠡᠭᠲᠡᠢ᠂ ᠲᠤᠬᠠᠶᠢᠯᠠᠪᠠᠯ ᠳᠠᠷᠠᠭ᠎ᠠ ᠤᠳᠠᠭᠠᠨ ᠤ ᠭᠡᠷᠡᠴᠢᠯᠡᠭᠡ ᠶᠢᠨ ᠬᠤᠭᠤᠴᠠᠭ᠎ᠠ ᠨᠢ ᠳᠡᠭᠡᠷ᠎ᠡ ᠤᠳᠠᠭᠠᠨ ᠤ ᠭᠡᠷᠡᠴᠢᠯᠡᠭᠡ ᠶᠢᠨ ᠬᠤᠭᠤᠴᠠᠭ᠎ᠠ ᠠᠴᠠ 6 ᠰᠠᠷ᠎ᠠ ᠬᠡᠲᠦᠷᠡᠵᠦ ᠪᠣᠯᠬᠤ ᠦᠭᠡᠢ᠂ ᠳᠡᠭᠡᠷ᠎ᠡ ᠤᠳᠠᠭᠠᠨ ᠤ ᠭᠡᠷᠡᠴᠢᠯᠡᠭᠡ ᠶᠢᠨ ᠬᠤᠭᠤᠴᠠᠭ᠎ᠠ ᠠᠴᠠ 6 ᠰᠠᠷ᠎ᠠ ᠭᠡᠳᠦᠷᠡᠭᠰᠡᠨ ᠪᠠᠶᠢᠪᠠᠯ᠂ ᠨᠡᠶᠢᠭᠡᠮ ᠤᠨ ᠳᠠᠭᠠᠳᠬᠠᠯ ᠤᠨ ᠭᠠᠷᠲᠠᠨ ᠭᠦᠢᠴᠡᠳᠬᠡᠬᠦ ᠰᠢᠰᠲ᠋ᠧᠮ ᠠᠴᠠ ᠨᠡᠶᠢᠭᠡᠮ ᠤᠨ ᠳᠠᠭᠠᠳᠬᠠᠯ ᠤᠨ ᠬᠠᠷᠠᠭᠠᠯᠵᠠᠯ ᠣᠯᠭᠤᠬᠤ ᠶᠢ ᠲᠦᠷ ᠵᠣᠭᠰᠣᠭᠠᠨ᠎ᠠ᠃     ᠣᠳᠣᠬᠠᠨ ᠳᠤ ᠪᠥᠬᠦ ᠬᠤᠰᠢᠭᠤᠨ ᠤ ᠳᠠᠭᠠᠳᠬᠠᠯ ᠳᠤ ᠣᠷᠣᠯᠴᠠᠵᠤ ᠠᠵᠢᠯ ᠠᠴᠠ ᠪᠠᠨ ᠠᠮᠠᠷᠠᠭᠰᠠᠳ ᠳᠤᠳᠤᠷ᠎ᠠ ᠭᠡᠷᠡᠴᠢᠯᠡᠭᠡ ᠪᠠᠨ ᠬᠢᠭᠡᠳᠦᠢ ᠬᠦᠮᠦᠰ ᠤᠨ ᠲᠤᠭ᠎ᠠ ᠨᠡᠯᠢᠶᠡᠳ ᠣᠯᠠᠨ ᠪᠠᠶᠢᠨ᠎ᠠ᠂ ᠡᠶᠢᠮᠦ ᠠᠴᠠ ᠲᠣᠰ ᠪᠡᠶ᠎ᠡ ᠶᠢᠨ ᠠᠰᠢᠭ ᠲᠤᠰᠠ ᠪᠠᠨ ᠪᠠᠲᠤᠯᠠᠬᠤ ᠶᠢᠨ ᠲᠥᠯᠥᠭᠡ᠂ ᠭᠡᠷᠡᠴᠢᠯᠡᠭᠡ  ᠪᠠᠨ ᠬᠢᠭᠡᠳᠦᠢ ᠬᠦᠮᠦᠰ 5 ᠰᠠᠷ᠎ᠠ ᠶᠢᠨ 12 ᠤᠨ ᠡᠳᠦᠷ ᠠᠴᠠ ᠡᠮᠦᠨ᠎ᠡ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠬᠢᠷᠢ ᠬᠡᠮ ᠤᠨ ᠭᠡᠷᠡᠴᠢᠯᠡᠭᠡ ᠪᠠᠨ ᠪᠡᠶᠡᠯᠡᠭᠦᠯᠵᠦ᠂ ᠳᠠᠷᠠᠭ᠎ᠠ ᠰᠠᠷ᠎ᠠ ᠶᠢᠨ ᠣᠯᠭᠤᠮᠵᠢ ᠪᠠᠨ ᠬᠠᠷᠰᠢᠯᠠᠬᠤ ᠦᠭᠡᠢ ᠪᠠᠶᠢᠬᠤ ᠶᠢ ᠰᠠᠨᠠᠭᠤᠯᠵᠦ ᠪᠠᠶᠢᠨ᠎ᠠ᠃    ᠭᠡᠷᠡᠴᠢᠯᠡᠬᠦ ᠬᠡᠯᠪᠡᠷᠢ᠄    ᠰᠦᠯᠵᠢᠶᠡᠨ ᠳᠡᠭᠡᠷᠡᠬᠢ ᠭᠡᠷᠡᠴᠢᠯᠡᠭᠡ᠄ ︽ᠥᠪᠥᠷ ᠮᠣᠩᠭᠤᠯ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ︾ ᠶᠢᠨ APP ᠶᠢ ᠪᠠᠭᠤᠯᠭᠠᠵᠤ ᠠᠪᠤᠭᠠᠳ ︽ᠨᠡᠶᠢᠭᠡᠮ ᠤᠨ ᠳᠠᠭᠠᠳᠬᠠᠯ ᠤᠨ ᠬᠠᠷᠠᠭᠠᠯᠵᠠᠯ ᠤᠨ ᠬᠢᠷᠢ ᠬᠡᠮ ᠤᠨ ᠭᠡᠷᠡᠴᠢᠯᠡᠭᠡ︾ ᠶᠢᠨ ᠬᠡᠰᠡᠭ ᠲᠤ ᠤᠷᠤᠨ᠎ᠠ ︱ ᠰᠠᠨᠠᠭᠤᠯᠤᠮᠵᠢ ᠶᠣᠰᠣᠭᠠᠷ ᠬᠢᠵᠦ ᠳᠠᠭᠤᠰᠬᠠᠨ᠎ᠠ ︵24 ᠴᠠᠭ ᠲᠤ ᠭᠦᠢᠴᠡᠳᠬᠡᠵᠦ ᠪᠣᠯᠣᠨ᠎ᠠ︶᠃    ᠰᠦᠯᠵᠢᠶᠡᠨ ᠠᠴᠠ ᠭᠠᠳᠠᠨᠠᠬᠢ ᠭᠡᠷᠡᠴᠢᠯᠡᠭᠡ᠄ ᠪᠡᠶ᠎ᠡ ᠶᠢᠨ ᠦᠨᠡᠮᠯᠡᠯ ᠢᠶᠠᠨ ᠠᠪᠴᠤ ᠪᠠᠷᠠᠭᠤᠨ ᠦᠵᠦᠮᠦᠴᠢᠨ ᠬᠤᠰᠢᠭᠤᠨ ᠤ ᠨᠡᠶᠢᠭᠡᠮ ᠤᠨ ᠪᠠᠲᠤᠯᠠᠭ᠎ᠠ ᠶᠢᠨ ᠲᠥᠪ ᠤᠨ ᠭᠠᠷᠲᠠᠨ ᠭᠦᠢᠴᠡᠳᠬᠡᠬᠦ ᠴᠣᠩᠬᠤ ᠪᠤᠶᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠳᠤ ᠬᠦᠷᠴᠦ ᠭᠦᠢᠴᠡᠳᠬᠡᠨ᠎ᠡ᠃    ᠭᠡᠷᠡᠴᠢᠯᠡᠭᠡ ᠶᠢ ᠣᠷᠣᠯᠠᠨ ᠭᠦᠢᠴᠡᠳᠬᠡᠬᠦ᠄ ᠭᠡᠷ ᠪᠦᠯᠢ ᠶᠢᠨ ᠬᠢᠨ APP ᠶᠢ ᠬᠠᠮᠵᠢᠨ ᠬᠡᠷᠡᠭᠯᠡᠬᠦ ᠪᠤᠶᠤ ᠰᠦᠯᠵᠢᠶᠡᠨ ᠭᠠᠳᠠᠨᠠᠬᠢ ᠴᠢᠭ ᠲᠤ ᠬᠦᠷᠴᠦ ᠣᠷᠣᠯᠠᠨ ᠭᠦᠢᠴᠡᠳᠬᠡᠵᠦ ᠪᠣᠯᠣᠨ᠎ᠠ᠃ ᠣᠨᠴᠠᠭᠠᠶᠢᠯᠠᠨ ᠰᠠᠨᠠᠭᠤᠯᠬᠤ ᠨᠢ᠄    ᠭᠡᠷᠡᠴᠢᠯᠡᠭᠡ ᠬᠢᠭᠡᠳ ᠠᠮᠵᠢᠯᠲᠠ ᠣᠯᠣᠭᠰᠠᠨ ᠤ ᠳᠠᠷᠠᠭ᠎ᠠ᠂ ᠬᠠᠷᠠᠭᠠᠯᠵᠠᠯ ᠢ ᠨᠢ ᠬᠡᠪ ᠤᠨ ᠶᠣᠰᠣᠭᠠᠷ ᠣᠯᠭᠤᠨ᠎ᠠ᠂ ᠭᠡᠷᠡᠴᠢᠯᠡᠭᠡ ᠪᠠᠨ ᠬᠢᠭᠰᠡᠨ ᠦᠭᠡᠢ ᠬᠥᠮᠥᠰ ᠢ ᠰᠢᠰᠲ᠋ᠧᠮ ᠠᠴᠠ ᠠᠶᠠᠨᠳᠠᠭᠠᠨ ᠤᠯᠭᠤᠮᠵᠢ ᠶᠢ ᠨᠢ  ᠵᠤᠭᠰᠤᠭᠠᠵᠤ᠂ ᠭᠡᠷᠡᠴᠢᠯᠡᠭᠡ ᠪᠠᠨ ᠨᠦᠬᠦᠪᠦᠷᠢᠯᠡᠨ ᠬᠢᠭᠰᠡᠨ ᠤ ᠳᠠᠷᠠᠭ᠎ᠠ ᠰᠠᠷ᠎ᠠ ᠳᠤᠨᠢ ᠰᠠᠶ᠋ᠢ ᠰᠡᠷᠭᠦᠭᠡᠬᠦ ᠶᠢᠨ ᠬᠠᠮᠲᠤ ᠨᠥᠬᠦᠪᠦᠷᠢᠯᠡᠨ ᠣᠯᠭᠤᠨ᠎ᠠ᠃    ᠥᠨᠳᠥᠷ ᠨᠠᠰᠤᠲᠠᠢ᠂ ᠬᠥᠳᠡᠯᠵᠦ ᠪᠠᠷᠢᠬᠤ ᠳᠤ ᠳᠥᠭᠦᠮ ᠦᠭᠡᠢ ᠬᠥᠮᠥᠰ ᠨᠡᠶᠢᠭᠡᠮ ᠲᠣᠭᠤᠷᠢᠭ ᠤᠨ ᠠᠵᠢᠯᠲᠠᠨ  ᠲᠠᠢ ᠬᠠᠷᠢᠯᠴᠠᠵᠤ᠂ ᠭᠡᠷ ᠲᠤᠨᠢ ᠬᠦᠷᠴᠦ ᠭᠡᠷᠡᠴᠢᠯᠡᠭᠡ ᠬᠢᠬᠦ ᠦᠢᠯᠡᠴᠢᠯᠡᠭᠡ ᠶᠢ ᠪᠣᠯᠵᠣᠵᠤ ᠪᠣᠯᠣᠨ᠎ᠠ᠃    ᠯᠠᠪᠯᠠᠬᠤ ᠤᠲᠠᠰᠤ᠄ 0479 ︱ 3523052 ︵ᠪᠠᠷᠠᠭᠤᠨ ᠦᠵᠦᠮᠦᠴᠢᠨ ᠬᠤᠰᠢᠭᠤᠨ ᠤ ᠨᠡᠶᠢᠭᠡᠮ ᠤᠨ ᠪᠠᠲᠤᠯᠠᠭ᠎ᠠ ᠶᠢᠨ ᠦᠢᠯᠡᠴᠢᠯᠡᠭᠡᠨ ᠤ ᠲᠥᠪ︶             ᠪᠠᠷᠠᠭᠤᠨ ᠦᠵᠦᠮᠦᠴᠢᠨ ᠬᠤᠰᠢᠭᠤᠨ ᠤ ᠨᠡᠶᠢᠭᠡᠮ ᠤᠨ ᠳᠠᠭᠠᠳᠬᠠᠯ ᠤᠨ ᠦᠢᠯᠡᠰ ᠤᠨ ᠦᠢᠯᠡᠴᠢᠯᠡᠭᠡᠨ ᠤ ᠲᠥᠪ                                     2025 ᠣᠨ ᠤ 5 ᠰᠠᠷ᠎ᠠ ᠶᠢᠨ 7
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号