︽ᠡᠨᠡᠷᠢᠩᠭᠦᠢ ᠠᠨᠢᠶ᠎ᠠ︾ ᠪᠤᠯ 2021 ᠤᠨ ᠳᠤ ᠵᠢᠩᠬᠢᠨᠢ ᠪᠠᠷ ᠪᠠᠶᠢᠭᠤᠯᠥᠠᠠᠳᠠᠭᠰᠠᠨ ᠬᠦᠴᠢᠷᠲᠡᠯ ᠳᠤ | ᠲᠤᠯᠭᠠᠷᠠᠭᠰᠠᠨ ᠬᠡᠦᠬᠡᠳ ᠤᠨ ᠭᠡᠷ ᠪᠦᠯᠢ ᠨᠢᠭᠡᠪᠦᠷᠢ ᠶᠢ ᠬᠠᠪᠰᠤᠷᠤᠨ ᠲᠡᠮᠵᠢᠳᠡᠭ ᠤᠷᠤᠨ ᠨᠤᠳᠤᠭ ᠲᠠᠭᠠᠨ | ᠬᠦᠷᠢᠶᠡᠯᠡᠯᠲᠠᠢ᠂ ᠤᠯᠠᠨ ᠲᠦᠮᠡᠨ ᠳᠡᠭᠡᠨ ᠮᠠᠭᠳᠠᠭᠠᠯᠲᠠᠢ ᠰᠠᠶᠢᠨ ᠲᠤᠷ᠎ᠠ ᠶᠢᠨ ᠦᠢᠯᠡᠴᠢᠯᠡᠭᠡᠨ ᠤ ᠠᠩᠭᠢ ᠶᠤᠮ᠃ | ︽ᠡᠨᠡᠷᠢᠩᠭᠦᠢ ᠠᠨᠢᠶ᠎ᠠ︾ ᠨᠢ ᠠᠵᠢᠯ ᠠᠴᠠ ᠪᠠᠨ ᠠᠮᠠᠷᠠᠭᠰᠠᠨ ᠨᠠᠰᠤᠲᠠᠨ᠂ ᠡᠬᠡᠯ ᠵᠢᠷ ᠤᠨ ᠮᠠᠯᠴᠢᠨ᠂ | ᠦᠨᠳᠦᠰᠦᠨ ᠱᠠᠲᠤᠨ ᠤ ᠠᠵᠢᠯᠲᠠᠳ ᠢᠶᠠᠷ ᠪᠦᠷᠢᠯᠳᠦᠵᠦ᠂ ᠵᠠᠯᠠᠭᠤᠴᠤᠳ ᠪᠠᠶᠢᠬᠤ ᠪᠠᠷ ᠪᠠᠷᠠᠬᠤ ᠦᠭᠡᠢ ᠪᠠᠰᠠ ᠳᠠᠯ᠎ᠠ | ᠭᠠᠷᠤᠭᠰᠠᠨ ᠠᠬᠠᠮᠠᠳ ᠨᠠᠰᠤᠳᠠᠳ ᠪᠠᠶᠢᠵᠦ᠂ ᠲᠡᠳᠡᠨ ᠤ ᠵᠠᠷᠢᠮ ᠨᠢ ᠢᠳᠡᠵᠦ ᠤᠤᠭᠤᠬᠤ ᠪᠠᠨ ᠠᠷᠪᠢᠯᠠᠨ ᠰᠤᠷᠤᠯᠭ᠎ᠠ | ᠶᠢᠨ ᠲᠡᠳᠬᠦᠮᠵᠢ ᠶᠢᠨ ᠮᠥᠩᠭᠦ ᠴᠤᠭᠯᠠᠭᠤᠯᠵᠤ᠂ ᠵᠠᠷᠢᠮ ᠨᠢ ᠭᠠᠷ ᠲᠠᠬᠢ ᠠᠵᠢᠯ ᠢᠶᠠᠨ ᠬᠠᠶᠠᠵᠤ᠂ ᠲᠡᠷᠯᠢᠭ ᠭᠤᠳᠤᠯ | ᠣᠶᠣᠵᠤ᠂ ᠪᠠᠶᠠᠷ ᠳᠤᠷᠠᠰᠬᠠᠯ ᠤᠨ ᠡᠳᠦᠷ ᠲᠤ ᠪᠠᠰᠠ ᠨᠣᠮ ᠤᠩᠰᠢᠬᠤ ᠵᠡᠷᠭᠡ ᠰᠠᠶᠢᠨ ᠲᠤᠷ᠎ᠠ ᠶᠢᠨ ᠠᠵᠢᠯᠯᠠᠭ᠎ᠠ | ᠵᠣᠬᠢᠶᠠᠨ ᠪᠠᠶᠢᠭᠤᠯᠵᠦ᠂ ᠬᠡᠤᠬᠡᠳ ᠤᠳ ᠤᠨ ᠰᠡᠳᠬᠢᠯ ᠢ ᠲᠤᠯᠠᠭᠠᠴᠠᠭᠤᠯᠳᠠᠭ᠃ | ᠣᠶᠢᠷ᠎ᠠ ᠳᠤ᠂ ᠪᠠᠷᠠᠭᠤᠨ ᠦᠵᠦᠮᠦᠴᠢᠨ ᠬᠤᠰᠢᠭᠤᠨ ᠤ ︽ᠡᠨᠡᠷᠢᠩᠭᠦᠢ ᠠᠨᠢᠶ᠎ᠠ︾ ︽ᠲᠠᠭᠠᠭᠠᠴᠢᠯᠠᠭᠰᠠᠨ | ᠬᠡᠤᠬᠡᠳ ᠢᠶᠠᠨ ᠬᠠᠶᠢᠷᠠᠯᠠᠨ᠂ ᠠᠬᠠᠮᠠᠳ ᠨᠠᠰᠤᠲᠠᠶᠢᠴᠤᠳ ᠢᠶᠠᠨ ᠲᠤᠯᠠᠭᠠᠴᠠᠭᠤᠯᠬᠤ︾ ᠡᠮᠡᠭᠲᠡᠶᠢᠴᠦᠳ ᠤᠨ ᠰᠠᠶᠢᠨ | ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠬᠦᠭᠵᠢᠶᠡᠨᠲᠠᠢ ᠶᠠᠪᠤᠭᠳᠠᠯ᠎ᠠ᠃ | ᠪᠠᠷᠠᠭᠤᠨ ᠦᠵᠦᠮᠦᠴᠢᠨ ᠬᠤᠰᠢᠭᠤᠨ ᠤ ᠨᠢᠭᠡᠳᠦᠭᠡᠷ ᠪᠠᠭ᠎ᠠ ᠰᠤᠷᠭᠠᠭᠤᠯᠢ ᠶᠢᠨ ᠵᠢᠷᠭᠤᠳᠤᠭᠠᠷ ᠣᠨ ᠤ | ᠰᠣᠷᠣᠭᠴᠢ ᠴᠡᠯᠮᠡᠭ ᠪᠤᠯ ᠦᠢ ᠤᠯᠠᠨ ᠲᠤᠰᠠᠯᠠᠮᠵᠢ ᠭᠥᠷᠳᠡᠭᠰᠡᠨ ᠰᠤᠷᠤᠭᠴᠢ ᠶᠢᠨ ᠨᠢᠭᠡ ᠪᠤᠯᠥᠨ᠎ᠠ᠂ ︽ᠡᠨᠡᠷᠢᠩᠭᠦᠢ | ᠠᠨᠢᠶ᠎ᠠ︾ ᠨᠠᠷ ᠴᠡᠯᠮᠡᠭ ᠢ ᠬᠤᠶᠠᠳᠤᠭᠠᠷ ᠣᠨ ᠠᠴᠠ ᠨᠢ ᠡᠬᠢᠯᠡᠨ ᠲᠠᠪᠤᠨ ᠵᠢᠯ ᠤᠨ ᠲᠤᠷᠰᠢ ᠵᠢᠯ ᠪᠦᠷᠢ 1200 | ᠲᠥᠭᠦᠷᠢᠭ ᠢᠶᠠᠷ ᠲᠤᠰᠠᠯᠠᠭᠰᠠᠭᠠᠷ ᠢᠷᠡᠵᠠᠢ᠃ | ᠡᠨᠡ ᠬᠦ ᠭᠦᠨ ᠵᠤᠵᠠᠭᠠᠨ ᠬᠠᠶᠢᠷ᠎ᠠ ᠬᠠᠯᠠᠮᠵᠢ ᠨᠢ ᠪᠠᠷᠠᠭᠤᠨ ᠦᠵᠦᠮᠦᠴᠢᠨ ᠬᠤᠰᠢᠭᠤᠨ ᠤ ︽ᠡᠨᠡᠷᠢᠩᠭᠦᠢ ᠠᠨᠢᠶ᠎ᠠ | ︾ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠶᠢᠨ ᠬᠢᠨ ᠤ ᠴᠢᠷᠮᠠᠶᠢᠯᠭ᠎ᠠ ᠪᠠ ᠪᠠᠷᠢᠮᠲᠠᠯᠠᠯ ᠪᠤᠢ᠃ | ᠪᠠᠷᠠᠭᠤᠨ ᠦᠵᠦᠮᠦᠴᠢᠨ ᠬᠤᠰᠢᠭᠤᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠨᠢ ᠪᠥᠬᠦ ᠤᠯᠤᠰ ᠤᠨ | ᠡᠮᠡᠭᠲᠡᠶᠢᠴᠦᠳ ᠤᠨ ᠬᠤᠯᠪᠣᠭᠠᠲᠤ ᠬᠤᠷᠠᠯ ᠵᠡᠷᠭᠡ ᠶᠢᠰᠦᠨ ᠰᠠᠯᠠᠭ᠎ᠠ ᠮᠥᠴᠢᠷ ᠤᠨ ︽ᠭᠡᠷ ᠲᠡᠭᠡᠨ ᠬᠤᠴᠣᠷᠤᠭᠰᠠᠨ | ᠬᠡᠦᠬᠡᠳ ᠪᠠ ᠬᠦᠴᠢᠷᠳᠡᠯ ᠳᠤ ᠲᠤᠯᠭᠠᠷᠠᠭᠰᠠᠨ ᠬᠡᠦᠬᠡᠳ ᠢ ᠬᠠᠶᠢᠷᠠᠯᠠᠨ ᠬᠠᠯᠠᠮᠵᠢᠯᠠᠬᠤ ᠭᠤᠷᠪᠠᠨ ᠵᠢᠯ ᠤᠨ ᠠᠵᠢᠯᠯᠠᠭ᠎ᠠ | ᠶᠢ ᠭᠦᠨᠵᠡᠭᠡᠢ ᠥᠷᠨᠢᠭᠦᠯᠬᠦ ᠲᠥᠰᠥᠯ︾ ᠢ ᠢᠳᠡᠪᠬᠢᠲᠡᠢ ᠪᠠᠷ ᠴᠤᠤᠷᠢᠶᠠᠲᠤᠨ ᠳᠠᠭᠠᠵᠤ᠂ 2021 ᠣᠨ ᠠᠴᠠ | ᠡᠬᠢᠯᠡᠨ ᠡᠮᠡᠭᠲᠡᠶᠢᠴᠦᠳ ᠤᠨ ᠬᠤᠯᠪᠣᠭᠠᠲᠤ ᠬᠤᠷᠠᠯ ᠨᠢ ᠵᠢᠷᠤᠮᠵᠢᠭᠰᠠᠨ ᠰᠠᠶᠢᠨ ᠳᠤᠷ᠎ᠠ ᠶᠢᠨ ᠦᠢᠯᠡᠴᠢᠯᠡᠭᠡᠨ ᠤ | ᠰᠢᠰᠲ᠋ᠧᠮ ᠢ ᠠᠯᠬᠤᠮ ᠠᠯᠬᠤᠮ ᠢᠶᠠᠷ ᠪᠠᠶᠢᠭᠤᠯᠵᠦ᠂ ᠡᠯ᠎ᠡ ᠱᠠᠲᠤᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ | ᠤᠨ ᠺᠠᠳ᠋ᠷ᠂ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠭᠦᠢᠴᠡᠳᠬᠡᠬᠦ ᠭᠡᠰᠢᠭᠦᠨ ᠨᠢ ᠭᠤᠷᠪᠠᠨ ᠰᠠᠷ᠎ᠠ ᠶᠢᠨ | ᠨᠠᠢᠮᠠᠨ ᠤ ᠤᠯᠠᠭᠠᠨ ᠲᠤᠭᠴᠢ᠂ ᠡᠮᠡᠭᠲᠡᠢ ᠰᠠᠶᠢᠨ ᠳᠤᠷ᠎ᠠ ᠶᠢᠨ ᠠᠵᠢᠯᠯᠠᠭᠴᠢ᠂ ᠡᠮᠡᠭᠲᠡᠢ ᠭᠠᠪᠢᠶ᠎ᠠ ᠪᠠᠶᠢᠭᠤᠯᠤᠭᠰᠠᠨ | ᠵᠢᠱᠢᠶᠡᠴᠢ᠂ ᠡᠯ᠎ᠡ ᠱᠠᠲᠤᠨ ᠤ ᠬᠠᠶᠢᠷ᠎ᠠ ᠬᠠᠯᠠᠮᠵᠢ ᠶᠢᠨ ᠬᠥᠮᠥᠰ ᠢ ᠳᠠᠶᠢᠴᠢᠯᠠᠨ ︽ᠡᠨᠡᠷᠢᠩᠭᠦᠢ ᠠᠨᠢᠶ᠎ᠠ︾ | ᠡᠮᠡᠭᠲᠡᠶᠢᠴᠦᠳ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠪᠦᠯᠬᠦᠮ ᠢ ᠵᠣᠬᠢᠶᠠᠨ ᠪᠠᠶᠢᠭᠤᠯᠪᠠ᠃ | ᠬᠦᠴᠢᠷᠳᠡᠯ ᠳᠤ ᠲᠤᠯᠭᠠᠷᠠᠭᠰᠠᠨ ᠬᠡᠦᠬᠡᠳ ᠤᠨ ᠭᠡᠷ ᠪᠦᠯᠢ ᠨᠢᠭᠡᠪᠦᠷᠢ ᠶᠢᠨ ᠬᠡᠷᠡᠭᠴᠡᠭᠡ ᠱᠠᠭᠠᠷᠳᠠᠯᠭ᠎ᠠ ᠳᠤ | ᠴᠢᠭᠯᠡᠭᠦᠯᠦᠨ᠂ ᠣᠯᠠᠨ ᠲᠣᠭᠠᠨ ᠤ ︽ᠡᠨᠡᠷᠢᠩᠭᠦᠢ ᠠᠨᠢᠶ᠎ᠠ︾ ᠪᠠᠷ ᠲᠤᠰᠬᠠᠢ ᠬᠠᠪᠰᠤᠷᠤᠨ ᠲᠡᠳᠬᠦᠬᠦ ᠳᠤᠭᠤᠶᠢᠯᠠᠩ | ᠪᠠᠶᠢᠭᠤᠯᠵᠤ᠂ ᠬᠦᠴᠦᠨ ᠢᠶᠠᠨ ᠨᠢᠭᠡᠳᠬᠡᠵᠦ ᠪᠠᠶᠢᠭᠠᠳ ᠬᠦᠴᠢᠷᠳᠡᠯ ᠳᠤ ᠲᠤᠯᠭᠠᠷᠠᠭᠰᠠᠨ ᠬᠡᠦᠬᠡᠳ ᠵᠢᠴᠢ ᠭᠡᠷ | ᠪᠦᠯᠢ ᠶᠢ ᠬᠠᠮᠲᠤ ᠪᠠᠷ ᠬᠠᠪᠰᠤᠷᠤᠬᠤ ︽N+1︾ ᠬᠠᠪᠰᠤᠷᠤᠨ ᠲᠡᠳᠬᠦᠬᠦ ᠲᠣᠭᠲᠠᠴᠠ ᠶᠢ ᠰᠢᠨ᠎ᠡ ᠪᠠᠷ ᠡᠭᠦᠳᠦᠨ | ᠭᠡᠷᠡᠭᠵᠢᠭᠦᠯᠦᠭᠰᠡᠨ ᠪᠠᠶᠢᠨ᠎ᠠ᠃ | ︽ᠡᠨᠡᠷᠢᠩᠭᠦᠢ ᠠᠨᠢᠶ᠎ᠠ︾ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠨᠢ ᠠᠩᠬ᠎ᠠ ᠡᠬᠢᠨ ᠳᠡᠭᠡᠨ 28 | ᠰᠠᠶᠢᠨ ᠳᠤᠷ᠎ᠠ ᠶᠢᠨ ᠠᠵᠢᠯᠯᠠᠭᠴᠢ ᠲᠠᠢ ᠪᠠᠶᠢᠭᠰᠠᠨ ᠢᠶᠠᠨ ᠡᠳᠦᠭᠡ ᠪᠣᠯᠬᠤ ᠳᠤ 724 ᠬᠥᠮᠥᠨ ᠲᠠᠢ ᠰᠠᠶᠢᠨ | ᠳᠤᠷ᠎ᠠ ᠶᠢᠨ ᠦᠢᠯᠡᠴᠢᠯᠡᠭᠡᠨ ᠤ ᠠᠩᠭᠢ ᠪᠤᠯᠥᠠᠠᠰᠠᠨ ᠪᠠᠶᠢᠨ᠎ᠠ᠃ | ᠬᠦᠴᠢᠷᠳᠡᠯ ᠳᠤ ᠲᠤᠯᠭᠠᠷᠠᠭᠰᠠᠨ ᠬᠡᠦᠬᠡᠳ ᠢ ᠨᠠᠩ ᠰᠠᠶᠢᠨ ᠬᠠᠯᠠᠮᠵᠢᠯᠠᠨ ᠬᠠᠶᠢᠷᠠᠯᠠᠬᠤ ᠶᠢᠨ ᠲᠥᠯᠥᠭᠡ᠂ | ᠬᠤᠰᠢᠭᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠨᠢ ᠡᠯ᠎ᠡ ᠱᠠᠲᠤᠨ ᠤ ᠡᠮᠡᠭᠲᠡᠶᠢᠴᠦᠳ ᠤᠨ ᠬᠤᠯᠪᠣᠭ᠎ᠠ ᠶᠢ | ᠬᠥᠲᠥᠯᠥᠨ ᠵᠢᠯᠤᠭᠤᠳᠴᠤ ᠭᠠᠴᠠᠭ᠎ᠠ᠂ ᠨᠡᠶᠢᠭᠡᠮ ᠲᠣᠭᠤᠷᠢᠭ ᠲᠤ ᠭᠦᠨᠵᠡᠭᠡᠶᠢᠷᠡᠨ ᠪᠠᠶᠢᠴᠠᠭᠠᠬᠤ ᠪᠠᠷ ᠳᠠᠮᠵᠢᠭᠤᠯᠤᠨ᠂ | ᠬᠦᠴᠢᠷᠳᠡᠯ ᠳᠤ ᠲᠤᠯᠭᠠᠷᠠᠭᠰᠠᠨ 184 ᠬᠡᠦᠬᠡᠳ᠂ ᠭᠡᠷ ᠲᠡᠭᠡᠨ ᠬᠤᠴᠣᠷᠤᠭᠰᠠᠨ 8 ᠬᠡᠦᠬᠡᠳ ᠤᠨ ᠦᠰᠦᠨ | ᠪᠣᠶᠢᠵᠢᠬᠤ ᠬᠡᠷᠡᠭᠴᠡᠭᠡ ᠱᠠᠭᠠᠷᠳᠠᠯᠭ᠎ᠠ ᠶᠢᠨ ᠮᠡᠳᠡᠭᠡ ᠵᠠᠩᠭᠢ ᠶᠢᠨ ᠨᠠᠷᠢᠨ ᠲᠠᠩᠰᠠ ᠶᠢ ᠪᠠᠶᠢᠭᠤᠯᠵᠤ᠂ ᠪᠠᠰᠠ | ᠬᠡᠦᠬᠡᠳ ᠤᠨ ᠬᠥᠭᠵᠢᠯᠲᠡ ᠶᠢᠨ ᠲᠥᠯᠦᠪᠵᠢᠭᠦᠯᠭᠡ ᠶᠢ ᠲᠣᠭᠲᠠᠭᠠᠬᠤ᠂ ᠡᠷᠬᠡ ᠠᠰᠢᠭ ᠢ ᠬᠠᠮᠠᠭᠠᠯᠠᠬᠤ ᠬᠠᠮᠲᠤᠷᠠᠭᠰᠠᠨ | ᠬᠤᠷᠠᠯᠳᠤᠭᠠᠨ ᠤ ᠳᠦᠷᠢᠮ ᠢ ᠪᠠᠶᠢᠭᠤᠯᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠪᠦᠬᠦ ᠲᠠᠯ᠎ᠠ ᠶᠢᠨ | ᠪᠠᠲᠤᠯᠠᠭ᠎ᠠ ᠶᠢᠨ ᠰᠢᠰᠲ᠋ᠧᠮ ᠢ ᠪᠤᠶ ᠪᠣᠯᠭᠠᠵᠠᠢ᠃ | ᠲᠠᠪᠤᠨ ᠵᠢᠯ ᠤᠨ ᠬᠤᠭᠤᠴᠠᠭᠠᠨ ᠳᠤ᠂ ︽ᠡᠨᠡᠷᠢᠩᠭᠦᠢ ᠠᠨᠢᠶ᠎ᠠ︾ ᠨᠡᠶᠢᠲᠡ 36 ᠲᠦᠮᠡᠨ ᠲᠥᠭᠦᠷᠢᠭ ᠤᠨ | ᠬᠠᠪᠰᠤᠷᠤᠨ ᠲᠡᠳᠬᠦᠬᠦ ᠵᠤᠭᠤᠰ ᠮᠥᠩᠭᠦ ᠲᠠᠷᠬᠠᠭᠠᠵᠤ᠂ ᠰᠤᠷᠤᠭᠴᠢᠳ ᠲᠤ ᠵᠤᠭᠤᠰ ᠮᠥᠩᠭᠦᠨ ᠤ ᠲᠤᠰᠠᠯᠠᠮᠵᠢ | ᠬᠠᠩᠭᠠᠬᠤ ᠠᠴᠠ ᠭᠠᠳᠠᠨ᠎ᠠ ᠪᠠᠰᠠ ᠰᠡᠳᠬᠢᠴᠡ ᠶᠢᠨ ᠲᠠᠯ᠎ᠠ ᠪᠠᠷ ᠬᠠᠪᠰᠤᠷᠤᠨ ᠵᠢᠯᠤᠭᠤᠳᠬᠤ᠂ ᠠᠮᠢᠳᠤᠷᠠᠯ ᠤᠨ | ᠲᠠᠯ᠎ᠠ ᠪᠠᠷ ᠬᠠᠷᠠᠭᠠᠯᠵᠠᠬᠤ᠂ ᠭᠡᠷ ᠤᠨ ᠰᠤᠷᠭᠠᠨ ᠬᠥᠮᠦᠵᠢᠯ ᠤᠨ ᠲᠠᠯ᠎ᠠ ᠪᠠᠷ ᠵᠢᠭᠠᠨ ᠵᠢᠯᠤᠭᠤᠳᠬᠤ᠂ ᠠᠮᠤᠷ | ᠲᠦᠪᠰᠢᠨ ᠤ ᠬᠥᠮᠦᠵᠢᠯ ᠬᠢᠬᠦ ᠵᠡᠷᠭᠡ ᠰᠠᠶᠢᠨ ᠳᠤᠷ᠎ᠠ ᠶᠢᠨ ᠦᠢᠯᠡᠴᠢᠯᠡᠭᠡ ᠬᠠᠨᠭ᠍ᠭᠠᠭᠰᠠᠨ ᠪᠠᠶᠢᠨ᠎ᠠ᠃ | 2023 ᠣᠨ ᠳᠤ᠂ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠨᠢ ᠪᠠᠷᠠᠭᠤᠨ ᠦᠵᠦᠮᠦᠴᠢᠨ ᠬᠤᠰᠢᠭᠤᠨ | ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ︽ᠬᠠᠮᠤᠭ ᠤᠨ ᠭᠤᠶᠣ ᠰᠠᠶᠢᠨ ᠳᠤᠷ᠎ᠠ ᠶᠢᠨ ᠦᠢᠯᠡᠴᠢᠯᠡᠭᠡᠨ ᠤ | ᠪᠦᠯᠬᠦᠮ︾ ᠤᠨ ᠢᠷᠠᠭᠤ ᠠᠯᠳᠠᠷ ᠢ ᠭᠥᠷᠳᠡᠪᠡ᠃ ᠲᠤᠰ ᠵᠢᠯ ᠳᠤ᠂ ᠪᠠᠷᠠᠭᠤᠨ ᠦᠵᠦᠮᠦᠴᠢᠨ ᠬᠤᠰᠢᠭᠤᠨ ᠤ | ᠡᠮᠡᠭᠲᠡᠶᠢᠴᠦᠳ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠲᠦᠷᠦᠯ ᠲᠡᠮᠳᠡᠭ ᠢ ᠡᠭᠦᠳᠴᠦ᠂ ᠬᠡᠦᠬᠡᠳ ᠢ | ᠬᠠᠯᠠᠮᠵᠢᠯᠠᠨ ᠬᠠᠶᠢᠷᠠᠯᠠᠬᠤ ᠦᠢᠯᠡᠴᠢᠯᠡᠭᠡᠨ ᠤ ᠰᠢᠰᠲ᠋ᠧᠮ ᠢ ᠴᠢᠨᠠᠭᠰᠢᠳᠠ ᠲᠡᠭᠦᠯᠳᠡᠷᠵᠢᠭᠦᠯᠬᠦ ᠶᠢᠨ ᠲᠥᠯᠥᠭᠡ᠂ | ᠰᠢᠯᠢ ᠶᠢᠨ ᠭᠤᠣᠯ ᠠᠶᠢᠮᠠᠭ ᠤᠨ ︽ᠡᠨᠡᠷᠢᠩᠭᠦᠢ ᠠᠨᠢᠶ᠎ᠠ︾ ᠬᠡᠦᠬᠡᠳ ᠢ ᠬᠠᠯᠠᠮᠵᠢᠯᠠᠨ ᠬᠠᠶᠢᠷᠠᠯᠠᠬᠤ ᠰᠠᠶᠢᠨ ᠳᠤᠷ᠎ᠠ | ᠶᠢᠨ ᠦᠢᠯᠡᠴᠢᠯᠡᠭᠡᠨ ᠤ ᠪᠦᠯᠬᠦᠮ ᠤᠨ ᠪᠠᠷᠠᠭᠤᠨ ᠦᠵᠦᠮᠦᠴᠢᠨ ᠬᠤᠰᠢᠭᠤᠨ ᠤ ᠬᠤᠪᠢᠶᠠᠷᠢ ᠠᠩᠭᠢ ᠶᠢ ᠪᠠᠶᠢᠭᠤᠯᠵᠤ᠂ | ᠡᠯ᠎ᠡ ᠦᠨᠳᠦᠰᠦᠨ ᠱᠠᠲᠤᠨ ᠤ ᠡᠮᠡᠭᠲᠡᠶᠢᠴᠦᠳ ᠤᠨ ᠬᠤᠯᠪᠣᠭ᠎ᠠ ᠶᠢ ᠵᠢᠭᠠᠨ ᠵᠢᠯᠤᠭᠤᠳᠴᠤ ᠵᠣᠬᠢᠬᠤ ᠬᠤᠪᠢᠶᠠᠷᠢ ᠪᠠᠭ᠎ᠠ | ᠠᠩᠭᠢ ᠪᠠᠶᠢᠭᠤᠯᠵᠤ᠂ ᠬᠠᠯᠠᠮᠵᠢᠯᠠᠨ ᠬᠠᠶᠢᠷᠠᠯᠠᠬᠤ ᠰᠦᠯᠵᠢᠶ᠎ᠡ ᠶᠢ ᠦᠵᠦᠮᠦᠴᠢᠨ ᠲᠠᠯ᠎ᠠ ᠨᠤᠲᠤᠭ ᠤᠨ ᠥᠨᠴᠥᠭ | ᠪᠤᠯᠤᠩ ᠪᠣᠯᠭᠠᠨ ᠳᠤ ᠪᠦᠷᠬᠦᠭᠦᠯᠵᠡᠢ᠃ | | | | | | |