ᠪᠠᠷᠠᠭᠤᠨ ᠦᠵᠦᠮᠦᠴᠢᠨ ᠬᠤᠰᠢᠭᠤ ᠥᠰᠢ ᠶᠢᠨ ᠳ᠋ᠠᠢ ᠺᠠ ᠲᠠᠢ ᠬᠥᠩᠭᠡᠨᠴᠠᠭᠠᠨ ᠤ  ᠡᠳ᠋ᠰᠢᠭᠦᠯᠦᠯᠲᠡ ᠶᠢᠨ ᠠᠵᠤ ᠦᠢᠯᠡᠰ ᠤᠨ ᠲᠥᠷᠥᠯ ᠵᠦᠢᠯ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ᠎ᠡ
ᠨᠡᠶᠢᠲᠡᠯᠡᠭᠰᠡᠨ ᠴᠠᠭ᠄
2025/5/9
    5 ᠰᠠᠷ᠎ᠠ ᠶᠢᠨ 7 ᠤ ᠡᠳᠦᠷ᠂ ᠪᠠᠷᠠᠭᠤᠨ ᠦᠵᠦᠮᠦᠴᠢᠨ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠶᠣᠣ ᠬᠤᠩ ᠭᠠᠩ ᠰᠢᠨᠵᠢᠯᠡᠨ ᠪᠠᠶᠢᠴᠠᠭᠠᠬᠤ ᠪᠠᠷ ᠢᠷᠡᠭᠰᠡᠨ  ᠥᠰᠢ ᠶᠢᠨ ᠳ᠋ᠠᠢ ᠺᠠ ᠬᠦᠷᠳᠤ ᠦᠢᠯᠡᠳᠬᠦ ᠬᠢᠵᠠᠭᠠᠷᠲᠤ ᠺᠣᠮᠫᠠᠨᠢ ᠶᠢᠨ ᠶᠡᠷᠦᠩᠬᠡᠢ ᠳᠠᠭᠠᠭᠠᠮᠠᠯ ᠬᠥ᠋ ᠶᠦᠩ ᠵᠢᠶᠦ᠋ᠨ ᠪᠣᠯᠣᠨ ᠵᠥᠩ ᠰᠢᠨ ᠳ᠋ᠠᠢ ᠺᠠ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠬᠢᠨ ᠲᠠᠢ ᠶᠠᠷᠢᠯᠴᠠᠵᠤ᠂ ᠪᠠᠶᠠᠨᠬᠤᠸᠠ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠪᠠᠶᠢᠩᠭᠤ ᠶᠢᠨ ᠳᠡᠳ᠋ ᠡᠷᠬᠢᠯᠡᠭᠴᠢ ᠬᠠᠢ ᠱᠠᠨ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠬᠤᠰᠢᠭᠤ ᠳᠡᠳ᠋ ᠳᠠᠷᠤᠭ᠎ᠠ ᠵᠣᠣ ᠭᠦᠸᠧ ᠳ᠋ᠦᠩ ᠪᠠᠷ᠎ᠠ ᠪᠣᠯᠣᠯᠴᠠᠪᠠ᠃     ᠰᠢᠨᠵᠢᠯᠡᠨ ᠪᠠᠶᠢᠴᠠᠭᠠᠬᠤ ᠳᠤᠭᠤᠶᠢᠯᠠᠩ ᠤᠷᠢᠳ ᠬᠤᠵᠢᠳ ᠪᠠᠷᠠᠭᠤᠨ ᠦᠵᠦᠮᠦᠴᠢᠨ ᠬᠤᠰᠢᠭᠤᠨ ᠤ ᠪᠦᠦ ᠱᠦᠸᠧ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠣᠮᠫᠠᠨᠢ᠂ ᠬᠥᠩᠭᠡᠨᠴᠠᠭᠠᠨ ᠤ ᠰᠠᠭᠤᠷᠢ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠬᠦᠷᠢᠶᠡᠯᠡᠩ ᠤᠨ ᠪᠠᠷᠢᠮᠵᠢᠶᠠᠵᠢᠭᠤᠯᠤᠭᠰᠠᠨ ᠦᠢᠯᠡᠳᠪᠦᠷᠢ ᠶᠢᠨ ᠪᠠᠶᠢᠰᠢᠩ ᠤᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠵᠠᠷ᠂ ᠤᠯᠤᠰ ᠤᠨ ᠴᠠᠬᠢᠯᠭᠠᠨ ᠬᠦᠴᠦᠨ ᠤ ᠪᠡᠯᠡ ᠣᠷᠣᠭᠤᠯᠤᠯᠲᠠ ᠶᠢᠨ ᠪᠦᠯᠦᠭᠯᠡᠯ ᠤᠨ ᠪᠠᠶᠠᠨᠬᠤᠸᠠ ᠳᠡᠭᠡᠳᠦ ᠨᠠᠷᠢᠯᠢᠭ ᠬᠥᠩᠭᠡᠨᠴᠠᠭᠠᠨ ᠬᠠᠪᠲᠠᠰᠤᠨ ᠤ ᠲᠥᠷᠥᠯ ᠵᠦᠢᠯ ᠪᠠ ᠥᠪᠡᠷᠲᠡᠭᠡᠨ ᠪᠡᠯᠡᠳᠬᠡᠭᠰᠡᠨ ᠴᠠᠬᠢᠯᠭᠠᠨ ᠦᠢᠯᠡᠳᠪᠦᠷᠢ᠂ ᠪᠠᠶᠠᠨᠬᠤᠸᠠ ᠨᠡᠭᠦᠷᠡᠰᠦ ᠴᠠᠬᠢᠯᠭᠠᠨ ᠤ ᠬᠢᠵᠠᠭᠠᠷᠲᠤ ᠺᠣᠮᠫᠠᠨᠢ ᠶᠢᠨ ᠵᠠᠳᠠᠭᠠᠢ ᠠᠭᠤᠷᠬᠠᠢ ᠵᠡᠷᠭᠡ ᠦᠢᠯᠡᠳᠪᠦᠷᠢ ᠠᠭᠤᠷᠬᠠᠢ ᠶᠢ ᠲᠣᠭᠤᠷᠢᠨ ᠦᠵᠡᠵᠦ᠂ ᠲᠦᠭᠦᠬᠡᠢ ᠮᠠᠲ᠋ᠧᠷᠢᠶᠠᠯ ᠤᠨ ᠬᠠᠩᠭᠠᠯᠭ᠎ᠠ᠂ ᠪᠠᠷᠠᠭ᠎ᠠ ᠲᠡᠭᠡᠭᠡᠪᠦᠷᠢ᠂ ᠠᠵᠤ ᠦᠢᠯᠡᠰ ᠤᠨ ᠢᠵᠢ ᠪᠦᠷᠢᠳᠦᠭᠦᠯᠬᠦ ᠵᠡᠷᠭᠡ ᠲᠠᠯ᠎ᠠ ᠪᠠᠷ ᠭᠤᠣᠯᠳᠠᠯᠭ᠎ᠠ ᠲᠠᠢ ᠰᠢᠨᠵᠢᠯᠡᠨ ᠪᠠᠶᠢᠴᠠᠭᠠᠵᠤ᠂ ᠪᠠᠷᠠᠭᠤᠨ ᠦᠵᠦᠮᠦᠴᠢᠨ ᠬᠤᠰᠢᠭᠤᠨ ᠤ ᠬᠥᠩᠭᠡᠨᠴᠠᠭᠠᠨ ᠤ ᠠᠵᠤ ᠦᠢᠯᠡᠰ ᠤᠨ ᠬᠡᠯᠬᠢᠶᠡᠨ ᠤ ᠬᠥᠭᠵᠢᠯᠲᠡ ᠶᠢᠨ ᠣᠳᠣᠬᠢ ᠪᠠᠶᠢᠳᠠᠯ ᠵᠢᠴᠢ ᠢᠷᠡᠭᠡᠳᠦᠢ ᠶᠢᠨ ᠲᠥᠯᠦᠪᠵᠢᠭᠦᠯᠭᠡ ᠶᠢ ᠨᠠᠷᠢᠨ ᠣᠶᠢᠯᠠᠭᠠᠪᠠ᠃     ᠪᠠᠶᠢᠴᠠᠭᠠᠨ ᠰᠤᠳᠤᠯᠤᠯᠲᠠ ᠶᠢᠨ ᠳᠠᠷᠠᠭ᠎ᠠ᠂ ᠶᠣᠣ ᠬᠤᠩ ᠭᠠᠩ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠵᠤ᠂ ᠬᠤᠶᠠᠷ ᠲᠠᠯ᠎ᠠ ᠪᠠᠷ ᠢᠶᠠᠨ ᠬᠥᠩᠭᠡᠨᠴᠠᠭᠠᠨ ᠢ ᠨᠠᠷᠢᠯᠢᠭ ᠪᠣᠯᠪᠠᠰᠤᠷᠠᠭᠤᠯᠬᠤ᠂ ᠮᠠᠰᠢᠨ ᠲᠡᠷᠭᠡᠨ ᠤ ᠬᠦᠷᠳᠦ ᠦᠢᠯᠡᠳᠬᠦ ᠵᠡᠷᠭᠡ ᠬᠡᠪᠴᠢᠶᠡᠨ ᠳᠠᠬᠢ ᠬᠠᠮᠲᠤᠷᠠᠯᠴᠠᠭᠠᠨ ᠤ ᠲᠤᠬᠠᠢ ᠰᠠᠨᠠᠯ ᠢᠶᠠᠨ ᠭᠦᠨᠵᠡᠭᠡᠢ ᠰᠣᠯᠢᠯᠴᠠᠪᠠ᠃ ᠶᠣᠣ ᠬᠤᠩ ᠭᠠᠩ ᠢᠯᠡᠷᠬᠡᠶᠢᠯᠡᠬᠦ ᠳᠡᠭᠡᠨ᠂ ᠪᠠᠷᠠᠭᠤᠨ ᠦᠵᠦᠮᠦᠴᠢᠨ ᠬᠤᠰᠢᠭᠤ ᠨᠢ ᠪᠦᠷᠢᠨ ᠲᠡᠭᠦᠯᠳᠡᠷ ᠵᠣᠯᠭᠠᠭᠤᠯᠬᠤ ᠲᠣᠭᠲᠠᠴᠠ ᠶᠢ ᠲᠦᠷᠭᠡᠨ ᠪᠠᠶᠢᠭᠤᠯᠵᠤ᠂ ᠭᠠᠵᠠᠷ ᠰᠢᠷᠣᠢ ᠶᠢᠨ ᠬᠠᠩᠭᠠᠯᠭ᠎ᠠ᠂ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ ᠡᠨᠧᠷᠭᠢ ᠶᠢᠨ ᠬᠤᠷᠣᠭᠳᠠᠯ ᠤᠨ ᠭᠦᠢᠴᠡᠳᠬᠡᠯ ᠲᠤᠭ᠎ᠠ᠂ ᠴᠠᠬᠢᠯᠭᠠᠨ ᠬᠦᠴᠦᠨ ᠤ ᠪᠠᠲᠤᠯᠠᠭ᠎ᠠ ᠵᠡᠷᠭᠡ ᠲᠠᠯ᠎ᠠ ᠪᠠᠷ ᠠᠵᠤ ᠠᠬᠤᠶᠢᠯᠠᠯ ᠳᠤ ᠬᠠᠮᠤᠭ ᠤᠨ ᠶᠡᠭᠡ ᠳᠡᠮᠵᠢᠯᠭᠡ ᠦᠵᠡᠭᠦᠯᠵᠦ᠂ ᠲᠥᠷᠥᠯ ᠵᠦᠢᠯ ᠢ ᠨᠠᠶᠢᠳᠠᠪᠤᠷᠢᠵᠢᠭᠤᠯᠤᠨ ᠪᠦᠲᠦᠭᠡᠨ ᠪᠠᠶᠢᠭᠤᠯᠬᠤ ᠳᠤ ᠪᠥᠬᠦ ᠬᠦᠴᠦᠨ ᠢᠶᠠᠷ ᠢᠶᠠᠨ ᠦᠢᠯᠡᠴᠢᠯᠡᠨ᠎ᠡ ᠭᠡᠵᠡᠢ᠃     ᠥᠰᠢ ᠶᠢᠨ ᠳ᠋ᠠᠢ ᠺᠠ ᠶᠢᠨ ᠲᠠᠯ᠎ᠠ ᠶᠢᠨ ᠬᠢᠨ ᠢᠯᠡᠷᠬᠡᠶᠢᠯᠡᠬᠦ ᠳᠡᠭᠡᠨ᠂ ᠪᠠᠷᠠᠭᠤᠨ ᠦᠵᠦᠮᠦᠴᠢᠨ ᠬᠤᠰᠢᠭᠤᠨ ᠤ ᠪᠦᠷᠢᠨ ᠲᠡᠭᠦᠯᠳᠡᠷ ᠬᠥᠩᠭᠡᠨᠴᠠᠭᠠᠨ ᠤ ᠠᠵᠤ ᠦᠢᠯᠡᠰ ᠤᠨ ᠠᠮᠢ ᠠᠬᠤᠢ ᠪᠣᠯᠣᠨ ᠰᠢᠯᠢᠳᠡᠭ ᠰᠠᠶᠢᠨ ᠪᠡᠯᠡ ᠣᠷᠣᠭᠤᠯᠤᠯᠲᠠ ᠶᠢᠨ ᠣᠷᠴᠢᠨ ᠲᠣᠭᠤᠷᠢᠨ ᠨᠢ ᠬᠥᠮᠥᠰ ᠲᠤ ᠭᠦᠨ ᠰᠠᠭᠤᠭᠳᠠᠯ ᠥᠭᠴᠡᠢ᠂ ᠬᠤᠶᠠᠷ ᠲᠠᠯ᠎ᠠ ᠪᠠᠷ ᠢᠶᠠᠨ ᠬᠠᠷᠢᠯᠴᠠᠭ᠎ᠠ ᠪᠠᠨ ᠴᠢᠩᠭᠠᠳᠬᠠᠵᠤ᠂ ᠺᠣᠮᠫᠠᠨᠢ ᠨᠢ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠬᠠᠮᠲᠤᠷᠠᠯᠴᠠᠭᠠᠨ  ᠤ ᠲᠦᠷᠦᠯ ᠵᠦᠢᠯ ᠢ ᠨᠠᠶᠢᠳᠠᠪᠤᠷᠢᠵᠢᠭᠤᠯᠬᠤ ᠶᠢ ᠢᠳᠡᠪᠬᠢᠲᠡᠢ ᠠᠬᠢᠭᠤᠯᠵᠤ᠂ ᠪᠣᠳᠠᠲᠠᠢ ᠬᠠᠮᠲᠤᠷᠠᠯᠴᠠᠭᠠᠨ ᠤ ᠱᠠᠲᠤᠨ ᠳᠤ ᠡᠷᠲᠡᠬᠡᠨ ᠣᠷᠣᠬᠤ ᠶᠢ ᠬᠦᠰᠡᠵᠦ ᠪᠠᠶᠢᠨ᠎ᠠ ᠭᠡᠵᠡᠢ᠃     ᠲᠣᠰ ᠤᠳᠠᠭᠠᠨ ᠤ ᠵᠣᠯᠭᠠᠭᠤᠯᠬᠤ ᠠᠵᠢᠯᠯᠠᠭ᠎ᠠ ᠨᠢ ᠪᠠᠷᠠᠭᠤᠨ ᠦᠵᠦᠮᠦᠴᠢᠨ ᠬᠤᠰᠢᠭᠤᠨ ᠤ  ᠬᠥᠩᠭᠡᠨᠴᠠᠭᠠᠨ  ᠤ ᠠᠵᠤ ᠦᠢᠯᠡᠰ ᠤᠨ ᠳᠡᠭᠡᠳᠦ ᠲᠠᠰ ᠤᠨ ᠦᠢᠯᠡᠳᠬᠦ ᠦᠢᠯᠡᠰ ᠳᠠᠰᠢ  ᠬᠥᠭᠵᠢᠬᠦ ᠶᠢ ᠠᠬᠢᠭᠤᠯᠵᠤ᠂ ᠪᠥᠬᠦ ᠬᠤᠰᠢᠭᠤᠨ ᠤ ᠬᠥᠩᠭᠡᠨᠴᠠᠭᠠᠨ ᠤ ᠰᠠᠭᠤᠷᠢ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠬᠡᠯᠬᠢᠶᠡᠨ ᠤ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠬᠠᠩᠭᠠᠬᠤ ᠪᠣᠯᠣᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号