6 ᠰᠠᠷ᠎ᠠ ᠶᠢᠨ 4 ᠤ ᠡᠳᠦᠷ ᠶᠠᠪᠤᠭᠳᠠᠭᠰᠠᠨ ᠪᠠᠷᠠᠭᠤᠨ ᠦᠵᠦᠮᠦᠴᠢᠨ ᠬᠤᠰᠢᠭᠤᠨ ᠤ ᠬᠤᠶᠠᠳᠤᠭᠠᠷ ᠬᠤᠭᠤᠴᠠᠭᠠᠨ ᠤ | ᠨᠢᠭᠡ ᠲᠡᠯᠭᠡᠭᠦᠷ ᠨᠢᠭᠡ ᠤᠨᠴᠠᠯᠢᠭᠲᠤ ᠠᠮᠳᠠᠳᠤ ᠢᠳᠡᠭᠡᠨ ᠤ ᠰᠢᠯᠭᠠᠷᠠᠭᠤᠯᠤᠯᠲᠠ ᠵᠢᠴᠢ ︽ᠲᠦᠮᠡᠨ ᠭᠠᠵᠠᠷ ᠤᠨ ᠴᠠᠢ ᠶᠢᠨ | ᠵᠠᠮ ᠤᠬᠢ ᠠᠮᠳᠠᠳᠤ ᠰᠦ ᠲᠠᠢ ᠴᠠᠢ︾ ᠶᠢ ᠠᠮᠳᠠᠯᠠᠨ ᠰᠢᠯᠭᠠᠷᠠᠭᠤᠯᠬᠤ ᠠᠵᠢᠯᠯᠠᠭ᠎ᠠ ᠳᠤ ᠪᠠᠯᠭᠠᠷᠭᠤᠤᠯ ᠪᠠᠯᠭᠠᠰᠤᠨ ᠤ ︽ | ᠰᠢᠨ᠎ᠠ ᠪᠠᠭᠤᠴᠠ︾ ᠮᠣᠩᠭᠤᠯ ᠬᠤᠭᠤᠯᠠᠨ ᠭᠡᠷ ᠤᠨ ᠡᠵᠡᠭᠲᠡᠢ ᠱᠢᠷᠦ ᠶᠢᠨ ᠴᠢᠨᠠᠭᠰᠠᠨ ᠰᠦ ᠲᠠᠢ ᠴᠠᠢ ᠪᠠ ᠮᠤᠩᠭᠤᠯ ᠪᠤᠤᠰᠠ | ᠨᠢ ᠦᠪᠷᠮᠢᠴᠡ ᠦᠨᠦᠷ ᠠᠮᠳᠠ ᠪᠠᠷ ᠢᠶᠠᠨ ᠨᠢᠭᠡᠳᠦᠭᠡᠷ ᠨᠡᠷ᠎ᠡ ᠳᠤ ᠲᠤᠳᠤᠷᠠᠯ᠎ᠠ᠃ | | | ᠪᠠᠷᠠᠭᠤᠨ ᠦᠵᠦᠮᠦᠴᠢᠨ ᠬᠤᠰᠢᠭᠤᠨ ᠤ ᠪᠠᠶᠠᠨᠬᠤᠸᠠ ᠪᠠᠯᠭᠠᠰᠤᠨ ᠤ ᠤᠯᠠᠭᠠᠨᠲᠤᠭ ᠭᠠᠴᠠᠭ᠎ᠠ ᠪᠠᠷ ᠨᠤᠲᠤᠭᠳᠠᠢ ᠱᠢᠷᠦ | ᠨᠦᠬᠦᠷ ᠲᠦᠮᠡᠨᠨᠠᠰᠤᠲᠤ ᠲᠠᠢ ᠪᠠᠨ ᠬᠠᠮᠳᠤ ᠬᠦᠳᠡᠭᠡᠨ ᠤ ᠮᠠᠯᠵᠢᠬᠤ ᠠᠮᠢᠳᠤᠷᠠᠯ ᠢᠶᠠᠨ ᠵᠤᠬᠢᠴᠠᠭᠤᠯᠬᠤ ᠶᠢᠨ ᠲᠠᠭᠠᠤ | ᠬᠤᠰᠢᠭᠤᠨ ᠲᠦᠪ ᠲᠤ ᠬᠤᠭᠤᠯᠠᠨ ᠭᠡᠷ ᠡᠵᠡᠩᠨᠡᠵᠦ᠂ ᠮᠠᠯᠵᠢᠯ ᠤᠨ ᠪᠤᠰᠤ ᠤᠷᠤᠯᠭ᠎ᠠ ᠪᠠᠨ ᠨᠡᠮᠡᠭᠳᠡᠭᠦᠯᠦᠨ᠂ ᠰᠠᠶᠢᠨ | ᠰᠠᠶᠢᠬᠠᠨ ᠠᠮᠢᠳᠤᠷᠠᠯ ᠢᠶᠠᠨ ᠴᠣᠭᠴᠠᠯᠠᠵᠤ ᠶᠠᠪᠤᠨ᠎ᠠ᠃ | | ᠬᠠᠷᠠᠬᠠᠨ ᠪᠠᠭ᠎ᠠ ᠠᠴᠠ ᠪᠠᠨ ᠬᠤᠭᠤᠯᠠ ᠤᠮᠳᠠ ᠬᠢᠬᠦ ᠳᠤ ᠠᠪᠢᠶᠠᠰ ᠲᠠᠢ ᠲᠡᠷᠡ ᠮᠤᠩᠭᠤᠯ ᠦᠨᠦᠷ ᠠᠮᠳᠠᠳᠤ | ᠬᠤᠭᠤᠯᠠᠨ ᠭᠡᠷ ᠡᠷᠬᠢᠯᠡᠬᠦ ᠪᠠᠷ ᠵᠤᠷᠢᠭ ᠰᠢᠭᠤᠳᠴᠠᠢ᠃ 2012 ᠣᠨ ᠳᠤ ᠲᠡᠷᠡ ᠬᠤᠰᠢᠭᠤ ᠠᠵᠢᠯ ᠣᠯᠭᠤᠯᠲᠠ ᠶᠢᠨ | ᠦᠢᠯᠡᠴᠢᠯᠡᠭᠡᠨ ᠤ ᠲᠥᠪ ᠠᠴᠠ 5 ᠲᠦᠮᠡᠨ ᠲᠥᠭᠦᠷᠢᠭ ᠤᠨ ᠦᠢᠯᠡᠰ ᠪᠣᠰᠬᠠᠬᠤ ᠵᠢᠭᠡᠯᠡᠯᠭᠡ ᠠᠪᠴᠤ ︽ᠰᠢᠨ᠎ᠠ ᠪᠠᠭᠤᠴᠠ︾ | ᠬᠤᠭᠤᠯᠠᠨ ᠭᠡᠷ ᠤᠨ ᠢᠶᠠᠨ ᠡᠷᠦᠬᠡ ᠶᠢ ᠰᠡᠭᠦᠵᠦ᠂ ᠤᠷᠴᠢᠨ ᠲᠤᠭᠤᠷᠢᠨ ᠨᠢ ᠲᠤᠬᠢᠯᠢᠭ ᠲᠠᠭᠠᠯᠠᠮᠵᠢᠲᠠᠢ᠂ ᠲᠤᠯᠭ᠎ᠠ ᠴᠠᠢ᠂ | ᠪᠤᠤᠰᠠ ᠱᠠᠯᠪᠢᠩ ᠵᠡᠷᠭᠡ ᠣᠨᠴᠠᠯᠢᠭᠲᠤ ᠢᠳᠡᠭᠡᠨ ᠨᠢ ᠦᠨᠦᠷ ᠠᠮᠳᠠ ᠰᠠᠶᠢᠳᠡᠢ ᠪᠠᠷ ᠢᠶᠠᠨ ᠬᠤᠯᠠ ᠤᠶᠢᠷ᠎ᠠ ᠳᠤ ᠪᠠᠨ | ᠠᠯᠳᠠᠷᠰᠢᠵᠠᠢ᠃ ᠬᠤᠭᠤᠯᠠ ᠵᠠᠭᠤᠰᠢ ᠪᠠᠨ ᠦᠪᠡᠷ ᠤᠨ ᠮᠠᠯᠵᠢᠵᠦ ᠪᠠᠶᠢᠭ᠎ᠠ ᠦᠬᠡᠷ ᠬᠤᠨᠢᠨ ᠤ ᠮᠢᠬ᠎ᠠ ᠪᠠᠨ ᠪᠤᠷᠤᠯᠠᠭᠤᠯᠤᠨ | ᠬᠢᠳᠡᠭ ᠠᠴᠠ ᠢᠳᠡᠭᠡᠨ ᠤ ᠰᠢᠨ᠎ᠠ ᠰᠤᠷᠭᠤᠭ᠂ ᠠᠮᠤᠷ ᠲᠦᠪᠰᠢᠨ ᠢ ᠪᠠᠳᠤᠯᠠᠵᠤ᠂ ᠵᠣᠴᠢᠳ ᠤᠨ ᠲᠠᠭᠠᠰᠢᠶᠠᠯ ᠢ ᠶᠡᠬᠡᠳᠡ | ᠣᠯᠵᠠᠢ᠃ | ᠤᠶᠢᠷ᠎ᠠ ᠶᠢᠨ ᠵᠢᠯ ᠠᠴᠠ ᠱᠢᠷᠦ ᠴᠠᠭ ᠦᠶ᠎ᠡ ᠶᠢᠨ ᠠᠯᠬᠤᠮ ᠢ ᠳᠠᠭᠠᠵᠤ᠂ ᠲᠢᠺ ᠲᠤᠺ᠂ ᠸᠢᠴᠠᠲ ᠵᠡᠷᠭᠡ ᠲᠠᠪᠴᠠᠩ ᠢ | ᠢᠳᠡᠪᠬᠢᠲᠡᠢ ᠠᠰᠢᠭᠯᠠᠨ᠂ ᠬᠤᠭᠤᠯᠠᠨ ᠭᠡᠷ ᠤᠨ ᠪᠠᠨ ᠠᠮᠳᠠᠳᠤ ᠢᠳᠡᠭᠡᠨ ᠪᠠ ᠡᠳᠦᠷ ᠲᠤᠲᠤᠮ ᠤᠨ ᠠᠵᠢᠯ ᠢ ᠨᠠᠶᠢᠳᠡᠯᠡᠵᠦ | ᠨᠠᠩ ᠣᠯᠠᠨ ᠬᠥᠮᠥᠰ ᠲᠤ ᠲᠠᠨᠢᠭᠳᠠᠵᠠᠢ᠃ ᠡᠭᠦᠨ ᠤ ᠬᠠᠮᠲᠤ ᠲᠡᠷᠡ ᠪᠠᠰᠠ ᠪᠠᠶᠠᠷ ᠲᠤᠷᠠᠰᠬᠠᠯ ᠤᠨ ᠡᠳᠦᠷ ᠢ | ᠲᠤᠬᠢᠶᠠᠯᠳᠤᠭᠤᠯᠤᠨ ︽ᠲᠤᠯᠭ᠎ᠠ ᠴᠠᠢ︾ ᠦᠨ᠎ᠡ ᠲᠦᠯᠦᠪᠦᠷᠢ ᠦᠭᠡᠢ ᠬᠦᠷᠭᠡᠬᠦ ᠵᠡᠷᠭᠡ ᠠᠵᠢᠯᠯᠠᠭ᠎ᠠ ᠶᠠᠪᠤᠭᠳᠠᠭᠤᠯᠳᠠᠭ ᠢᠶᠠᠷ | ᠬᠤᠭᠤᠯᠠᠨ ᠭᠡᠷ ᠨᠢ ᠤᠯᠠᠮ ᠬᠦᠭᠵᠢᠶᠡᠨ ᠲᠠᠢ ᠪᠤᠯᠵᠠᠢ᠃ | | ︽ᠰᠢᠨ᠎ᠠ ᠪᠠᠭᠤᠴᠠ︾ ᠬᠤᠭᠤᠯᠠᠨ ᠭᠡᠷ ᠲᠤ ᠦᠢᠯᠡᠴᠢᠯᠡᠭᠴᠢ᠂ ᠲᠤᠭᠤᠭᠠᠴᠢ ᠨᠡᠶᠢᠲᠡ 9 ᠠᠵᠢᠯᠴᠢᠨ ᠲᠠᠢ᠂ ᠲᠡᠳᠡ | ᠴᠥᠮ ᠬᠤᠳᠠ ᠤᠷᠤᠭᠰᠠᠨ ᠮᠠᠯᠴᠢᠳ ᠪᠠᠶᠢᠵᠤ᠂ ᠳᠤᠮᠳᠠᠴᠢ ᠪᠠᠷ ᠰᠠᠷ᠎ᠠ ᠶᠢᠨ ᠣᠷᠣᠯᠭ᠎ᠠ ᠨᠢ 4500 ᠲᠥᠭᠦᠷᠢᠭ ᠲᠤ | ᠬᠦᠷᠴᠦ ᠪᠠᠶᠢᠨ᠎ᠠ᠃ | | ᠱᠢᠷᠦ᠄ ︽ᠣᠶᠢᠷ᠎ᠠ ᠶᠢᠨ ᠬᠤᠶᠠᠷ ᠵᠢᠯ ᠳᠤ᠂ ᠦᠬᠡᠷ ᠬᠤᠨᠢᠨ ᠮᠢᠬᠠᠨ ᠤ ᠵᠠᠬ᠎ᠠ ᠳᠡᠯᠭᠡᠭᠦᠷ ᠤᠨ ᠦᠨ᠎ᠡ ᠬᠠᠩᠰᠢ | ᠬᠡᠯᠪᠡᠯᠵᠡᠵᠦ᠂ ᠬᠡᠰᠡᠭ ᠮᠠᠯᠴᠢᠳ ᠪᠣᠷᠤᠯᠠᠭᠤᠯᠭ᠎ᠠ ᠶᠢᠨ ᠬᠦᠴᠢᠷ ᠠᠰᠠᠭᠤᠳᠠᠯ ᠳᠤ ᠲᠤᠯᠭᠠᠷᠠᠵᠤ ᠪᠠᠶᠢᠭᠰᠠᠨ ᠴᠦ ᠮᠠᠨ ᠤ ᠬᠢ | ᠡᠭᠦᠨ ᠤ ᠲᠥᠯᠥᠭᠡ ᠲᠡᠮᠡᠢ ᠰᠠᠨᠠᠭ᠎ᠠ ᠪᠤᠯᠬᠤ ᠦᠭᠡᠢ᠃ 2022 ᠣᠨ ᠳᠤ ᠬᠤᠭᠤᠯᠠᠨ ᠭᠡᠷ ᠢᠶᠠᠨ ᠥᠷᠭᠡᠳᠬᠡᠭᠰᠡᠨ ᠠᠴᠠ | ᠨᠠᠰᠢ ᠵᠢᠯ ᠪᠦᠷᠢ ᠳᠤᠮᠳᠠᠴᠢ ᠪᠠᠷ 400 ᠭᠠᠷᠤᠢ ᠬᠤᠨᠢ ᠵᠠᠷᠤᠴᠠᠭᠤᠯᠵᠤ᠂ ᠡᠳᠡᠭᠡᠷ ᠢ ᠴᠥᠮ ᠥᠪᠡᠷ ᠤᠨ ᠮᠠᠯᠵᠢᠵᠤ ᠪᠠᠶᠢᠭ᠎ᠠ | ᠦᠬᠡᠷ ᠬᠤᠨᠢ ᠪᠠ ᠣᠶᠢᠷ᠎ᠠ ᠬᠠᠪᠢ ᠶᠢᠨ ᠮᠠᠯᠴᠢᠳ ᠠᠴᠠ ᠪᠠᠨ ᠬᠤᠳᠠᠯᠳᠤᠨ ᠠᠪᠳᠠᠭ︾ ᠭᠡᠵᠦ ᠶᠠᠷᠢᠵᠤ ᠪᠠᠶᠢᠯ᠎ᠠ᠃ | ᠡᠶᠢᠮᠦᠷᠬᠦ ︽ᠬᠤᠭᠤᠯᠠᠨ ᠭᠡᠷ + ᠮᠠᠯᠵᠢᠯ ᠤᠨ ᠲᠠᠯᠠᠪᠠᠶ︾ ᠶᠢᠨ ᠡᠵᠡᠩᠨᠡᠯᠲᠡ ᠶᠢᠨ ᠵᠠᠭᠪᠤᠷ ᠨᠢ ᠲᠡᠭᠦᠨ ᠤ ᠬᠤᠭᠤᠯᠠᠨ | ᠭᠡᠷ ᠤᠨ ᠥᠪᠡᠷ ᠤᠨ ᠥᠷᠲᠡᠭ ᠢ ᠪᠠᠭᠤᠷᠠᠭᠤᠯᠬᠤ ᠶᠢᠨ ᠬᠠᠮᠲᠤ ᠮᠠᠯ ᠤᠨ ᠪᠣᠷᠤᠯᠠᠭᠤᠯᠭ᠎ᠠ ᠶᠢᠨ ᠠᠰᠠᠭᠤᠳᠠᠯ ᠢᠶᠠᠨ ᠴᠦ | ᠰᠢᠢᠳᠪᠦᠷᠢᠯᠡᠵᠦ ᠴᠢᠳᠠᠵᠠᠢ᠃ | | |