ᠮᠠᠯᠴᠢᠨ ᠰᠡᠴᠡᠨᠪᠠᠶᠠᠷ ᠪᠤᠷᠭᠠᠰᠣ ᠪᠠᠷ ᠪᠤᠷᠳᠤᠭᠤᠷ ᠬᠢᠵᠦ ᠠᠵᠤ ᠠᠬᠤᠢ ᠠᠮᠢ ᠠᠬᠤᠢ ᠶᠢᠨ ᠬᠤᠣᠰ ᠠᠰᠢᠭ ᠬᠥᠷᠲᠡᠪᠡ
ᠨᠡᠶᠢᠲᠡᠯᠡᠭᠰᠡᠨ ᠴᠠᠭ᠄
2025/6/11
    ᠵᠣᠨ ᠤ ᠡᠬᠢᠨ ᠰᠠᠷ᠎ᠠ ᠪᠠᠷ ᠮᠠᠯᠴᠢᠨ ᠰᠡᠴᠡᠨᠪᠠᠶᠠᠷ ᠤᠨ ᠡᠯᠡᠰᠦᠨ ᠨᠤᠲᠤᠭ ᠨᠤᠮᠢᠨ ᠨᠤᠭᠤᠭᠠᠨ ᠦᠩᠭᠡ ᠪᠠᠷ ᠭᠤᠶᠤᠯᠠᠵᠤ᠂ ᠲᠡᠭᠦᠨ ᠤ ᠤᠯᠠᠨ ᠵᠢᠯ ᠤᠨ ᠲᠤᠷᠰᠢᠬᠢ ᠮᠠᠩᠬᠠᠨ ᠨᠤᠲᠤᠭ ᠢ ᠬᠠᠮᠠᠭᠠᠯᠠᠵᠤ ᠵᠠᠰᠠᠭᠰᠠᠨ ᠬᠥᠳᠡᠯᠮᠦᠷᠢ ᠬᠦᠴᠦ ᠶᠢ ᠢᠯᠡᠬᠡᠨ ᠬᠠᠷᠠᠭᠤᠯᠤᠨ᠎ᠠ  ᠃
     ᠰᠡᠴᠡᠨᠪᠠᠶᠠᠷ ᠪᠣᠯ ᠪᠠᠷᠠᠭᠤᠨ ᠦᠵᠦᠮᠦᠴᠢᠨ ᠬᠤᠰᠢᠭᠤᠨ ᠤ ᠪᠠᠶᠠᠨᠬᠤᠸᠠ ᠪᠠᠯᠭᠠᠰᠤᠨ ᠤ ᠦᠷᠢᠢᠨᠲᠤᠶᠠᠭ᠎ᠠ ᠭᠠᠴᠠᠭᠠᠨ ᠤ ᠮᠠᠯᠴᠢᠨ᠃ ᠥᠩᠭᠡᠷᠡᠭᠰᠡᠨ ᠳᠤ ᠰᠡᠴᠡᠨᠪᠠᠶᠠᠷ ᠤᠨ ᠪᠡᠯᠴᠢᠭᠡᠷ ᠨᠤᠲᠤᠭ ᠲᠤ 400 ᠮᠦ ᠬᠠᠯᠴᠠᠭᠠᠢ ᠮᠠᠩᠬᠠᠨ ᠨᠤᠲᠤᠭ  ᠪᠠᠶᠢᠳᠠᠭ ᠪᠠᠶᠢᠵᠤ᠂ ᠣᠯᠠᠨ ᠵᠢᠯ ᠤᠨ ᠰᠠᠯᠬᠢ ᠰᠢᠭᠤᠷᠭᠠᠨ ᠳᠤ ᠢᠳᠡᠭᠳᠡᠨ ᠡᠳᠦᠷ ᠶᠠᠪᠤᠬᠤ ᠲᠤᠳᠤᠮ ᠨᠡᠭᠦᠳᠡᠯᠯᠡᠨ ᠶᠡᠬᠡᠳᠴᠦ᠂ ᠡᠷᠬᠢᠨ ᠲᠣᠭᠤᠷᠢᠨ ᠤ ᠪᠡᠯᠴᠢᠭᠡᠷ  ᠨᠤᠲᠤᠭ ᠤᠨ ᠠᠮᠢ ᠠᠬᠤᠢ ᠨᠢ ᠴᠤ ᠮᠠᠭᠤᠳᠠᠵᠤ ᠡᠬᠢᠯᠡᠭᠰᠡᠨ ᠪᠠᠶᠢᠨ᠎ᠠ  ᠃ ᠰᠡᠴᠡᠨᠪᠠᠶᠠᠷ ᠡᠬᠢᠯᠡᠭᠡᠳ ᠭᠡᠷ ᠤᠨ ᠢᠶᠠᠨ ᠣᠶᠢᠷ᠎ᠠ ᠬᠠᠪᠢ ᠪᠠᠷ  ᠬᠠᠷᠭᠠᠨ᠎ᠠ᠂ ᠪᠣᠷᠭᠠᠰᠣ ᠲᠠᠷᠢᠵᠤ ᠡᠯᠡᠰᠦ ᠶᠢ ᠲᠤᠭᠲᠠᠪᠤᠷᠢᠵᠢᠭᠤᠯᠬᠤ ᠶᠢ ᠵᠣᠷᠢᠵᠠᠢ᠃ ᠭᠡᠪᠡᠴᠦ ᠲᠤᠰᠬᠠᠢ ᠮᠡᠷᠭᠡᠵᠢᠯ ᠤᠨ ᠲᠥᠬᠦᠭᠡᠷᠦᠮᠵᠢ ᠦᠭᠡᠢ ᠮᠦᠷᠲᠡᠭᠡᠨ ᠮᠡᠷᠭᠡᠵᠢᠯ ᠬᠦᠷᠦᠯᠴᠡᠬᠦ ᠦᠭᠡᠢ ᠣᠴᠢᠷ ᠠᠴᠠ ᠬᠡᠳᠦᠨ ᠵᠠᠭᠤᠨ ᠮᠦ ᠡᠯᠡᠰᠦᠨ ᠭᠠᠵᠠᠷ ᠢ ᠵᠠᠰᠠᠵᠤ ᠨᠤᠭᠤᠭᠠᠷᠠᠭᠤᠯᠬᠤ ᠳᠤ ᠬᠤᠪᠢ ᠬᠥᠮᠥᠨ ᠤ ᠬᠦᠴᠦ ᠨᠢ ᠦᠨᠡᠭᠡᠷ ᠰᠠᠨᠠᠭ᠎ᠠ ᠪᠠᠶᠢᠭᠠᠳ ᠣᠨᠤᠭ᠎ᠠ ᠬᠦᠷᠬᠦ ᠦᠭᠡᠢ  ᠪᠠᠶᠢᠯ᠎ᠠ  ᠃
     2017 ᠣᠨ ᠳᠤ᠂ ᠪᠠᠷᠠᠭᠤᠨ ᠦᠵᠦᠮᠦᠴᠢᠨ ᠬᠤᠰᠢᠭᠤᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠠᠴᠠ ᠪᠠᠶᠢᠴᠠᠭᠠᠨ ᠰᠤᠳᠤᠯᠤᠯᠲᠠ ᠬᠢᠬᠦ ᠪᠠᠷ ᠳᠡᠮᠵᠢᠨ᠂ ᠡᠨᠡ ᠬᠡᠰᠡᠭ ᠡᠯᠡᠰᠦᠵᠢᠭᠰᠡᠨ ᠭᠠᠵᠠᠷ ᠢ ᠡᠯᠡᠰᠦ ᠶᠢ ᠵᠠᠰᠠᠬᠤ ᠭᠤᠣᠯᠳᠠᠯᠭ᠎ᠠ ᠲᠠᠢ ᠣᠷᠣᠨ ᠪᠦᠰᠡ ᠪᠣᠯᠭᠠᠨ ᠵᠠᠭᠠᠭᠯᠠᠨ  ᠲᠤᠭᠲᠠᠭᠠᠵᠤ  ᠂ ᠲᠤᠰᠬᠠᠢ ᠮᠡᠷᠭᠡᠵᠢᠯ ᠤᠨ  ᠠᠵᠢᠯᠲᠠᠨ ᠠᠴᠠ ᠲᠤᠬᠠᠢ ᠶᠢᠨ ᠭᠠᠵᠠᠷ ᠤᠨ ᠠᠭᠤᠷ ᠠᠮᠢᠰᠬᠤᠯ᠂ ᠬᠥᠷᠥᠰᠥ ᠰᠢᠷᠣᠢ ᠶᠢᠨ ᠨᠥᠬᠦᠴᠡᠯ ᠢ ᠦᠨᠳᠦᠰᠦᠯᠡᠨ ᠭᠠᠩ ᠬᠠᠪᠰᠠᠷᠭᠠᠨ ᠳᠤ ᠲᠡᠰᠪᠦᠷᠢᠲᠡᠢ᠂ ᠡᠯᠡᠰᠦᠨ ᠰᠠᠯᠬᠢᠨ ᠳᠤ ᠳᠠᠭᠠᠭᠠᠴᠠ ᠲᠠᠢ ᠰᠢᠷ᠎ᠠ ᠪᠤᠷᠭᠠᠰᠤ ᠪᠠ ᠠᠯᠲᠠᠨ ᠬᠠᠷᠭᠠᠨ᠎ᠠ ᠶᠢ ᠰᠣᠩᠭᠤᠨ ᠲᠠᠷᠢᠵᠠᠢ᠃ ᠲᠣᠰᠬᠠᠢ ᠮᠡᠷᠭᠡᠵᠢᠯ ᠤᠨ ᠠᠵᠢᠯᠲᠠᠨ ᠤ ᠰᠢᠨᠵᠢᠯᠡᠬᠦ ᠣᠬᠠᠭᠠᠨᠴᠢ ᠲᠠᠷᠢᠬᠤ ᠮᠡᠷᠭᠡᠵᠢᠯ  ᠠᠴᠠ ᠭᠠᠳᠠᠨ᠎ᠠ ᠰᠡᠴᠡᠨᠪᠠᠶᠠᠷ ᠤᠨ ᠵᠢᠯ ᠪᠦᠷᠢ ᠮᠠᠯ ᠤᠨᠤᠭ᠎ᠠ ᠣᠷᠣᠭᠤᠯᠬᠤ ᠦᠭᠡᠢ ᠠᠷᠠᠴᠢᠯᠠᠵᠤ ᠬᠠᠮᠠᠭᠠᠯᠠᠭᠰᠠᠨ ᠤ ᠳ᠋ᠦᠩ ᠳᠤ ᠭᠥᠯᠢᠭᠡᠷ ᠬᠠᠯᠴᠠᠭᠠᠢ ᠡᠯᠡᠰᠦ ᠮᠠᠩᠬ᠎ᠠ ᠠᠭᠠᠵᠢᠮ ᠢᠶᠠᠷ ᠨᠤᠮᠢᠨ ᠨᠣᠭᠤᠭᠠᠨ ᠪᠦᠷᠢᠳᠦ ᠪᠣᠯᠵᠤ᠂ ᠠᠲᠠᠷᠰᠢᠭᠰᠠᠨ ᠡᠯᠡᠰᠦᠷᠬᠡᠭ ᠭᠠᠵᠠᠷ ᠠᠮᠢᠵᠢᠷᠠᠯ ᠤᠨ ᠬᠦᠴᠦᠨ  ᠢᠶᠠᠷ  ᠪᠢᠯᠬᠠᠭᠰᠠᠨ ᠪᠠᠶᠢᠨ᠎ᠠ᠃
     ᠰᠢᠷ᠎ᠠ ᠪᠣᠷᠠᠭᠠᠰᠣ ᠪᠠ ᠬᠠᠷᠭᠠᠨ᠎ᠠ ᠨᠢ ᠨᠡᠶᠢᠲᠡᠯᠢᠭ ᠴᠢᠨᠠᠷᠲᠠᠢ ᠪᠤᠲᠠᠯᠢᠭ ᠣᠷᠭᠤᠮᠠᠯ ᠪᠠᠶᠢᠵᠤ᠂ ᠢᠭᠴᠤ ᠰᠠᠬᠤᠯᠢᠭ ᠦᠨᠳᠦᠷ ᠲᠤᠮᠤ ᠣᠷᠭᠤᠭᠰᠠᠨ ᠤ ᠳᠠᠷᠠᠭ᠎ᠠ ᠬᠠᠲᠤᠵᠤ ᠳᠡᠭᠰᠢᠯᠡᠬᠦ ᠦᠭᠡᠢ ᠪᠣᠯ ᠦᠨᠳᠦᠰᠦᠨ ᠳᠤ ᠨᠢ ᠤᠰᠤ ᠲᠤᠲᠠᠵᠤ ᠬᠤᠪᠠᠭ᠋ᠠᠶᠢᠷᠠᠵᠤ ᠦᠬᠦᠬᠦ ᠠᠶᠤᠯ ᠲᠠᠢ ᠪᠠᠶᠢᠳᠠᠭ ᠪᠠᠶᠢᠵᠠᠢ᠃ ᠵᠢᠯ ᠪᠦᠷᠢ ᠶᠢᠨ ᠬᠠᠪᠤᠷ ᠤᠨ ᠤᠯᠠᠷᠢᠯ ᠳᠤ᠂ ᠤᠢ ᠰᠢᠭᠤᠢ ᠶᠢᠨ ᠰᠠᠯᠠᠭ᠎ᠠ ᠮᠥᠴᠢᠷ ᠠᠴᠠ ᠦᠨᠳᠦᠷ ᠲᠤᠮᠤ ᠣᠷᠭᠤᠭᠰᠠᠨ‌‍ᠰᠢᠷ᠎ᠠ ᠪᠤᠷᠭᠠᠰᠤ  ᠪᠠ ᠬᠠᠷᠭᠠᠨ᠎ᠠ ᠶᠢ ᠬᠠᠳᠣᠵᠤ ᠳᠡᠭᠡᠭᠰᠢᠯᠡᠭᠡᠳ ᠦᠷᠡᠵᠢᠵᠦ ᠥᠰᠬᠦ ᠶᠢ ᠨᠢ ᠪᠠᠲᠤᠯᠠᠳᠠᠭ᠃ ᠭᠡᠪᠡᠴᠦ ᠤᠭᠲᠤᠯᠵᠤ ᠭᠡᠭᠡᠭᠳᠡᠭᠰᠡᠨ ᠪᠤᠷᠭᠠᠰᠣ ᠬᠠᠷᠭᠠᠨ᠎ᠠ ᠶᠢᠨ ᠵᠠᠷᠢᠮ ᠭᠡᠰᠡᠭ ᠢ  ᠨᠢ ᠲᠠᠬᠢᠨ ᠲᠠᠷᠢᠵᠦ ᠣᠶᠢᠵᠢᠭᠤᠯᠬᠤ ᠳᠤ ᠠᠰᠢᠭᠯᠠᠵᠤ  ᠪᠣᠯᠳᠠᠭ ᠴᠤ ᠬᠡᠲᠦ ᠪᠦᠳᠦᠭᠦᠨ ᠲᠤᠮᠤ  ᠭᠡᠰᠡᠭ ᠨᠢ ᠵᠥᠪᠬᠡᠨ ᠲᠦᠯᠡᠭᠡ ᠪᠣᠯᠤᠨ ᠬᠠᠶᠠᠭᠳᠠᠳᠠᠭ ᠪᠠᠶᠢᠨ᠎ᠠ᠃ ᠮᠠᠯᠴᠢᠨ ᠰᠡᠴᠡᠨᠪᠠᠶᠠᠷ ᠡᠳᠡᠭᠡᠷ ᠬᠠᠶᠠᠭᠳᠠᠮᠠᠯ ᠬᠠᠷᠭᠠᠨ᠎ᠠ ᠪᠤᠷᠭᠠᠰᠤ ᠶᠢ ᠬᠠᠷᠠᠬᠤ ᠪᠦᠷᠢ  ᠬᠠᠶᠢᠷᠠᠨ ᠰᠠᠨᠠᠭᠳᠠᠵᠤ  ᠂ ᠶᠠᠭᠠᠭᠢᠵᠤ ᠨᠢᠭᠡ ᠬᠡᠷᠡᠭᠴᠡᠭᠡᠨ ᠳᠤ ᠣᠷᠣᠭᠤᠯᠬᠤ ᠶᠢ ᠪᠤᠳᠤᠭᠰᠠᠭᠠᠷ ᠢᠷᠡᠵᠡᠢ᠃ ᠡᠶᠢᠨᠬᠦ ᠲᠡᠷᠡ ᠣᠯᠠᠨ ᠲᠠᠯ᠎ᠠ ᠶᠢᠨ ᠰᠦᠪᠡᠭᠴᠢᠯᠡᠯᠲᠡ ᠬᠢᠵᠦ᠂ ᠪᠤᠷᠭᠠᠰᠣ ᠪᠠᠷ ᠮᠠᠯ ᠤᠨ ᠲᠡᠵᠢᠭᠡᠯ ᠪᠤᠷᠳᠤᠭᠤᠷ ᠬᠢᠳᠡᠭ ᠮᠠᠰᠢᠨ ᠲᠤᠨᠤᠭ ᠪᠠᠶᠢᠳᠠᠭ ᠢ ᠰᠣᠷᠠᠭ ᠳᠤᠭᠤᠯᠤᠨ᠂ ᠲᠤᠰᠬᠠᠶᠢᠯᠠᠨ ᠰᠢᠯᠤᠭᠠᠨ ᠬᠥᠪᠡᠭᠡᠲᠦ ᠴᠠᠭᠠᠨ ᠬᠤᠰᠢᠭᠤᠨ ᠳᠤ ᠬᠦᠷᠴᠦ ᠪᠤᠷᠭᠠᠰᠣ ᠪᠠᠷ ᠮᠠᠯ ᠤᠨ ᠲᠡᠵᠢᠭᠡᠯ ᠪᠤᠷᠳᠤᠭᠤᠷ ᠬᠢᠵᠦ ᠪᠠᠶᠢᠭ᠎ᠠ ᠶᠢ ᠦᠵᠡᠵᠦ ᠰᠣᠷᠣᠯᠴᠠᠭᠠᠳ 2022 ᠣᠨ ᠳᠤ ᠮᠠᠰᠢᠨ ᠲᠤᠨᠤᠭ ᠢ ᠨᠢ ᠣᠷᠣᠭᠤᠯᠣᠨ ᠠᠪᠴᠢᠷᠠᠵᠤ ᠬᠠᠶᠠᠭᠳᠠᠮᠠᠯ ᠪᠤᠷᠭᠠᠰᠤ᠂ ᠬᠠᠷᠭᠠᠨ᠎ᠠ ᠪᠠᠷ ᠪᠤᠷᠳᠤᠭᠤᠷ ᠬᠢᠵᠦ ᠲᠤᠷᠰᠢᠵᠤ ᠡᠬᠢᠯᠡᠵᠡᠢ  ᠃      ᠬᠡᠳᠦᠶᠢᠪᠡᠷ ᠪᠤᠷᠳᠤᠭᠤᠷ ᠬᠢᠬᠦ ᠮᠠᠰᠢᠨ ᠲᠤᠨᠤᠭ ᠢ ᠢᠵᠢ ᠪᠦᠷᠢᠯᠳᠥᠭᠦᠯᠬᠦ ᠳᠤ ᠪᠡᠯᠡ ᠮᠦᠩᠭᠦ ᠨᠡᠯᠢᠶᠡᠳ ᠶᠡᠭᠡ ᠬᠡᠷᠡᠭᠰᠡᠭᠰᠡᠨ ᠪᠤᠯᠪᠠᠴᠤ ᠰᠡᠴᠡᠨᠪᠠᠶᠠᠷ ᠲᠡᠭᠦᠨ ᠤ ᠠᠯᠣᠰ ᠬᠡᠳᠦ ᠶᠢᠨ ᠦᠨ᠎ᠡ ᠥᠷᠳᠡᠭ ᠢ ᠰᠡᠷᠭᠡᠭ ᠢᠶᠠᠷ ᠲᠠᠨᠢᠵᠤ᠂ ᠮᠠᠩᠬᠠᠨ ᠨᠤᠲᠤᠭ ᠲᠠᠬᠢ ᠬᠠᠶᠠᠭᠳᠠᠮᠠᠯ ᠪᠤᠷᠭᠠᠰᠣ ᠪᠠᠷ ᠢᠶᠠᠨ ᠪᠤᠷᠳᠤᠭᠤᠷ ᠬᠢᠵᠦ ᠮᠠᠯ ᠤᠨᠤᠭ᠎ᠠ ᠪᠠᠨ ᠲᠡᠵᠢᠭᠡᠨ᠂ ᠨᠢᠭᠡ ᠲᠠᠯ᠎ᠠ ᠪᠠᠷ ᠬᠠᠶᠠᠭᠳᠠᠮᠠᠯ ᠪᠤᠷᠭᠠᠰᠤ ᠶᠢ ᠬᠡᠷᠡᠭᠴᠡᠭᠡᠨ ᠳᠤ ᠣᠷᠣᠭᠤᠯᠤᠨ ᠠᠰᠢᠭᠯᠠᠵᠤ᠂ ᠨᠥᠭᠦᠭᠡ ᠲᠠᠯ᠎ᠠ ᠪᠠᠷ ᠮᠠᠯᠵᠢᠬᠤ ᠦᠢᠯᠡᠳᠪᠦᠷᠢᠯᠡᠯ  ᠤᠨ ᠢᠶᠠᠨ ᠥᠪᠡᠷ ᠤᠨ ᠥᠷᠳᠡᠭ ᠢ ᠪᠠᠭᠠᠰᠬᠠᠨ ᠠᠵᠤ ᠠᠬᠤᠢ ᠠᠮᠢ ᠠᠬᠤᠢ ᠶᠢᠨ ᠬᠤᠣᠰ ᠠᠰᠢᠭ ᠢ ᠬᠦᠷᠲᠡᠭᠰᠡᠨ ᠪᠠᠶᠢᠨ᠎ᠠ᠃ ᠲᠡᠭᠦᠨ ᠤ ᠲᠠᠨᠢᠯᠴᠠᠭᠤᠯᠤᠭᠰᠠᠨ ᠢᠶᠠᠷ  ᠂ ᠪᠤᠷᠭᠠᠰᠣ ᠪᠠ ᠬᠠᠷᠭᠠᠨ᠎ᠠ ᠪᠠᠷ ᠬᠢᠭᠰᠡᠨ ᠰᠢᠬᠠᠮᠠᠯ ᠪᠤᠷᠳᠤᠭᠤᠷ ᠨᠢ ᠮᠠᠯ ᠲᠡᠵᠢᠭᠡᠯ ᠠᠪᠬᠤ ᠨᠢ ᠨᠡᠯᠢᠶᠡᠳ ᠰᠠᠶᠢᠨ᠂ ᠶᠠᠮᠠᠷ ᠲᠥᠷᠦᠯ ᠤᠨ ᠮᠠᠯ ᠴᠤ ᠪᠦᠷ ᠢᠳᠡᠬᠦ ᠳᠤᠷᠠᠲᠠᠢ᠂ ᠥᠪᠡᠷ ᠤᠨ ᠨᠤᠲᠤᠭ ᠤᠨ ᠪᠤᠷᠭᠠᠰᠤ ᠬᠠᠷᠭᠠᠨ᠎ᠠ ᠪᠠᠷ ᠬᠢᠭᠰᠡᠨ ᠪᠤᠯᠬᠤᠷ ᠶᠠᠮᠠᠷ ᠴᠤ ᠬᠤᠯᠢᠴᠠ ᠦᠭᠡᠢ ᠴᠤᠯ ᠪᠠᠶᠢᠭᠠᠯᠢᠯᠢᠭ  ᠂ ᠠᠮᠤᠷ ᠳᠥᠪᠰᠢᠨ ᠮᠦᠷᠲᠡᠭᠡᠨ ᠰᠢᠮ᠎ᠡ ᠲᠡᠵᠢᠭᠡᠯ ᠦᠨᠳᠦᠷ ᠪᠠᠶᠢᠳᠠᠭ  ᠃      ᠡᠶᠢᠨᠬᠦ ᠰᠡᠴᠡᠨᠪᠠᠶᠠᠷ ᠡᠯᠡᠰᠦ ᠶᠢ ᠵᠠᠰᠠᠵᠤ ᠡᠯᠡᠰᠦ ᠶᠢ ᠨᠤᠭᠤᠭᠠᠷᠠᠭᠤᠯᠬᠤ ᠠᠵᠢᠯ ᠳᠤ ᠢᠳᠡᠪᠬᠢᠲᠡᠢ ᠣᠷᠣᠯᠴᠠᠨ᠂ ᠵᠣᠷᠢᠭᠲᠠᠢ ᠲᠣᠷᠰᠢᠯᠲᠠ ᠬᠢᠵᠦ᠂ ᠠᠵᠤ ᠠᠬᠤᠢ ᠠᠮᠢ ᠠᠬᠤᠢ ᠶᠢᠨ  ᠠᠰᠢᠭ ᠢ ᠵᠡᠷᠭᠡᠪᠡᠷ ᠬᠦᠷᠲᠡᠨ᠂ ᠬᠦᠳᠡᠯᠮᠦᠷᠢ ᠣᠷᠣᠯᠳᠣᠯᠭ᠎ᠠ ᠪᠠᠷ ᠢᠶᠠᠨ ᠮᠠᠯᠵᠢᠬᠤ ᠠᠮᠢᠳᠣᠷᠠᠯ ᠢᠶᠠᠨ ᠴᠢᠮᠡᠵᠦ ᠶᠠᠪᠤᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号