ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠪᠣᠯ ᠣᠷᠣᠨ ᠪᠦᠰᠡ ᠶᠢᠨ ᠠᠵᠤ ᠠᠬᠤᠢ ᠶᠢᠨ ᠴᠢᠨᠠᠷ | ᠰᠠᠶᠢᠲᠠᠢ ᠬᠥᠭᠵᠢᠯᠲᠡ ᠶᠢᠨ ︽ᠬᠦᠴᠦᠷᠬᠡᠭ ᠬᠥᠳᠡᠯᠭᠡᠭᠦᠷ︾ ᠪᠠᠶᠢᠵᠤ᠂ ᠨᠠᠩ ᠴᠤ ᠠᠵᠤ ᠦᠢᠯᠡᠰ ᠤᠨ ᠲᠠᠰ | ᠳᠡᠪᠰᠢᠬᠦ ᠶᠢᠨ ︽ᠠᠯᠲᠠᠨ ᠲᠦᠯᠬᠢᠭᠦᠷ︾ ᠶᠤᠮ᠃ ᠪᠠᠷᠠᠭᠤᠨ ᠦᠵᠦᠮᠦᠴᠢᠨ ᠬᠤᠰᠢᠭᠤ ᠲᠦᠷᠦ ᠶᠢᠨ ᠪᠣᠳᠣᠯᠭ᠎ᠠ ᠶᠢ | ᠰᠢᠯᠢᠳᠡᠭᠵᠢᠭᠦᠯᠬᠦ ᠪᠠᠷ ᠰᠢᠪᠲᠤᠯᠤᠯᠲᠠ ᠶᠢᠨ ᠴᠡᠭ ᠪᠣᠯᠭᠠᠵᠤ᠂ ᠠᠷᠠᠯᠵᠢᠶᠠᠴᠢᠨ ᠤᠷᠢᠵᠤ ᠪᠡᠯᠡ ᠮᠥᠩᠭᠦ | ᠣᠷᠣᠭᠤᠯᠬᠤ ᠶᠢ ︽ᠲᠡᠷᠢᠭᠦᠨ ᠴᠢᠬᠤᠯᠠ ᠢᠨᠵᠧᠨᠧᠷᠢᠩ︾ ᠪᠤᠯᠭᠠᠨ᠂ ︽ᠶᠡᠭᠡ ᠶᠢ ᠤᠷᠢᠵᠤ ᠬᠦᠴᠦᠷᠬᠡᠭ ᠢ | ᠤᠷᠤᠭᠤᠯᠬᠤ᠂ ᠰᠢᠨ᠎ᠡ ᠶᠢ ᠤᠷᠢᠵᠦ ᠰᠢᠯᠢᠳᠡᠭ ᠢ ᠤᠷᠤᠭᠤᠯᠬᠤ︾ ᠬᠠᠷᠠᠯᠲᠠ ᠶᠢ ᠲᠣᠭᠲᠠᠭᠠᠵᠤ᠂ ︽ᠲᠦᠷᠦ ᠶᠢᠨ | ᠪᠣᠳᠣᠯᠭ᠎ᠠ + ᠤᠨᠢᠨ ᠳᠡᠭᠡᠷ᠎ᠡ ᠨᠢ ᠦᠢᠯᠡᠴᠢᠯᠡᠬᠦ + ᠡᠬᠢ ᠪᠠᠶᠠᠯᠢᠭ ᠢ ᠬᠤᠯᠪᠣᠯᠳᠤᠭᠤᠯᠬᠤ︾ ᠵᠡᠷᠭᠡ ᠠᠷᠭ᠎ᠠ | ᠬᠡᠮᠵᠢᠶ᠎ᠡ ᠶᠢ ᠠᠪᠴᠤ᠂ ᠠᠵᠤ ᠠᠬᠤᠢ ᠶᠢᠨ ᠬᠥᠭᠵᠢᠯᠲᠡ ᠶᠢᠨ ᠶᠠᠰᠤ ᠴᠢᠨᠠᠷ ᠢ ᠳᠡᠭᠡᠭᠰᠢᠯᠡᠭᠦᠯᠵᠦ᠂ ᠦᠷ᠎ᠡ ᠠᠰᠢᠭ ᠢ | ᠨᠡᠮᠡᠭᠳᠡᠭᠦᠯᠬᠦ ᠶᠢ ᠪᠦᠬᠦ ᠬᠦᠴᠦᠨ ᠢᠶᠠᠷ ᠢᠶᠠᠨ ᠠᠬᠢᠭᠤᠯᠵᠤ ᠪᠠᠶᠢᠨ᠎ᠠ᠃ | ᠡᠨᠡ ᠵᠢᠯ ᠠᠴᠠ ᠨᠠᠰᠢ᠂ ᠪᠠᠷᠠᠭᠤᠨ ᠦᠵᠦᠮᠦᠴᠢᠨ ᠬᠤᠰᠢᠭᠤᠨ ᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ | ᠨᠢ ᠬᠥᠭᠦᠷᠭᠡ ᠬᠤᠯᠪᠣᠭᠠᠰᠤ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠬᠤᠯᠪᠣᠭᠳᠠᠯ ᠪᠦᠬᠦᠢ ᠰᠠᠯᠠᠭ᠎ᠠ | ᠮᠥᠴᠢᠷ ᠲᠠᠢ ᠬᠠᠮᠲᠤᠷᠠᠨ ᠪᠡᠭᠡᠵᠢᠩ᠂ ᠱᠠᠩᠬᠠᠢ᠂ ᠭᠤᠸᠠᠩᠵᠧᠦ᠂ ᠵᠢᠨᠠᠨ᠂ ᠴᠢᠩᠳᠣᠣ᠂ ᠽᠢ ᠪᠦᠸᠧ ᠵᠡᠷᠭᠡ ᠮᠤᠵᠢ | ᠬᠤᠳᠠ ᠳᠤ ᠬᠦᠷᠴᠦ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠠᠷᠢᠯᠴᠠᠬᠤ ᠬᠤᠷᠠᠯ ᠬᠤᠷᠠᠯᠳᠤᠵᠤ᠂ ᠡᠯ᠎ᠡ | ᠭᠠᠵᠠᠷ ᠤᠨ ᠠᠵᠤ ᠠᠬᠤᠶᠢᠯᠠᠯ᠂ ᠬᠤᠳᠠᠯᠳᠤᠭᠠᠴᠢᠳ ᠤᠨ ᠡᠪᠯᠡᠯ ᠲᠠᠢ ᠣᠷᠣᠨ ᠪᠦᠰᠡ ᠶᠢᠨ ᠬᠠᠮᠲᠤᠷᠠᠯᠴᠠᠭ᠎ᠠ ᠶᠢ | ᠭᠦᠨᠵᠡᠭᠡᠶᠢᠷᠡᠭᠦᠯᠬᠦ᠂ ᠠᠵᠤ ᠦᠢᠯᠡᠰ ᠤᠨ ᠬᠠᠮᠵᠢᠯᠴᠠᠨ ᠬᠥᠭᠵᠢᠬᠦ ᠶᠢ ᠠᠬᠢᠭᠤᠯᠬᠤ ᠶᠢᠨ ᠲᠣᠭᠤᠷᠢᠨ ᠳᠤ ᠭᠦᠨᠵᠡᠭᠡᠢ | ᠰᠣᠯᠢᠯᠴᠠᠭ᠎ᠠ ᠬᠢᠵᠦ᠂ ᠲᠦᠷᠦ ᠶᠢᠨ ᠪᠣᠳᠣᠯᠭ᠎ᠠ ᠶᠢᠨ ᠠᠰᠢᠭ ᠢᠶᠠᠷ ᠪᠡᠯᠡ ᠣᠷᠣᠭᠤᠯᠤᠯᠲᠠ ᠶᠢᠨ ᠢᠲᠡᠭᠡᠯ ᠢ | ᠬᠥᠪᠴᠢᠯᠡᠵᠦ᠂ ᠣᠷᠣᠨ ᠪᠦᠰᠡ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠰᠢᠨ᠎ᠡ ᠬᠥᠳᠡᠯᠭᠡᠬᠦ | ᠬᠦᠴᠦᠨ ᠨᠡᠮᠡᠷᠢᠯᠡᠪᠡ᠃ | ᠳᠡᠭᠡᠳᠦ ᠪᠠᠶᠢᠷᠢ ᠠᠴᠠ ᠤᠬᠠᠭᠠᠯᠠᠨ ᠲᠥᠯᠥᠪᠯᠡᠵᠦ᠂ ᠬᠤᠳᠠᠯᠳᠤᠭᠠᠴᠢᠨ ᠤᠷᠢᠬᠤ ︽ᠰᠠᠭᠤᠷᠢ ᠴᠢᠯᠠᠭᠤ︾ ᠶᠢ | ᠪᠠᠲᠤᠳᠬᠠᠨ᠎ᠠ | ᠪᠠᠷᠠᠭᠤᠨ ᠦᠵᠦᠮᠦᠴᠢᠨ ᠬᠤᠰᠢᠭᠤᠨ ᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠬᠢᠨ ᠠᠷᠭ᠎ᠠ | ᠤᠬᠠᠭᠠᠨ ᠰᠦᠪᠡᠭᠴᠢᠯᠡᠵᠦ᠂ ᠥᠨᠳᠥᠷ ᠪᠠᠷᠢᠮᠵᠢᠶ᠎ᠠ ᠪᠠᠷ ᠪᠠᠶᠢᠷᠢᠯᠠᠭᠤᠯᠬᠤ ᠶᠢ ᠪᠠᠷᠢᠮᠲᠠᠯᠠᠨ᠂ ᠪᠠᠶᠢᠩᠭᠤᠵᠢᠭᠤᠯᠤᠨ | ᠵᠣᠯᠭᠠᠭᠤᠯᠬᠤ ᠲᠣᠭᠲᠠᠴᠠ ᠶᠢ ᠪᠠᠶᠢᠭᠤᠯᠵᠤ᠂ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠭᠡᠷ᠎ᠡ ᠲᠣᠭᠲᠠᠬᠤ | ᠪᠣᠯᠣᠮᠵᠢ ᠲᠠᠢ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠤ ᠠᠬᠤᠶᠢᠯᠠᠯ ᠲᠠᠢ ᠬᠠᠷᠢᠯᠴᠠᠵᠤ᠂ ᠠᠵᠤ | ᠠᠬᠤᠶᠢᠯᠠᠯ ᠤᠨ ᠪᠡᠯᠡ ᠣᠷᠣᠭᠤᠯᠬᠤ ᠬᠦᠰᠡᠯ ᠢ ᠭᠦᠨᠵᠡᠭᠡᠢ ᠣᠶᠢᠯᠠᠭᠠᠨ᠂ ᠠᠵᠤ ᠠᠬᠤᠶᠢᠯᠠᠯ ᠳᠤ ᠲᠤᠯᠭᠠᠷᠠᠵᠤ ᠪᠠᠶᠢᠭ᠎ᠠ | ᠬᠦᠴᠢᠷᠳᠡᠯ ᠪᠠ ᠠᠰᠠᠭᠤᠳᠠᠯ ᠢ ᠣᠨᠣᠪᠴᠢᠲᠠᠶ ᠡᠵᠡᠮᠰᠢᠵᠦ᠂ ᠠᠵᠤ ᠠᠬᠤᠶᠢᠯᠠᠯ ᠤᠨ ᠪᠠᠷᠠᠭᠤᠨ ᠦᠵᠦᠮᠦᠴᠢᠨ | ᠬᠤᠰᠢᠭᠤᠨ ᠳᠤ ᠬᠦᠷᠴᠦ ᠪᠡᠯᠡ ᠣᠷᠣᠭᠤᠯᠤᠨ ᠦᠢᠯᠡᠰ ᠬᠥᠭᠵᠢᠭᠦᠯᠬᠦ ᠶᠢ ᠬᠦᠴᠦᠯᠡᠨ ᠠᠬᠢᠭᠤᠯᠵᠤ ᠪᠠᠶᠢᠨ᠎ᠠ᠃ | ᠠᠷᠠᠳ ᠤᠨ ᠡᠵᠡᠩᠨᠡᠯᠲᠡ ᠶᠢᠨ ᠠᠵᠤ ᠠᠬᠤᠢ ᠶᠢ ᠳᠡᠮᠵᠢᠬᠦ ᠲᠥᠷᠥ ᠶᠢᠨ ᠪᠣᠳᠣᠯᠭ᠎ᠠ ᠶᠢᠨ ᠵᠢᠯᠣᠭᠤᠳᠤᠯᠭ᠎ᠠ | ᠳᠣᠣᠷ᠎ᠠ᠂ 2023 ᠣᠨ ᠠᠴᠠ ᠨᠠᠰᠢ᠂ ᠪᠠᠷᠠᠭᠤᠨ ᠦᠵᠦᠮᠦᠴᠢᠨ ᠬᠤᠰᠢᠭᠤᠨ ᠤ ᠦᠢᠯᠡᠳᠪᠦᠷᠢ ᠬᠤᠳᠠᠯᠳᠤᠭᠠᠨ ᠤ | ᠬᠤᠯᠪᠣᠭ᠎ᠠ ᠨᠢ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠪᠠᠷ ᠳᠡᠮᠵᠢᠨ ᠨᠢᠭᠡ ᠲᠥᠷᠥᠯ ᠵᠦᠢᠯ ᠢ ᠠᠮᠵᠢᠯᠲᠠ | ᠲᠠᠢ ᠪᠠᠷ ᠨᠠᠶᠢᠳᠠᠪᠤᠷᠢᠵᠢᠭᠤᠯᠵᠤ᠂ 1.96 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠡᠢ᠃ | ᠣᠳᠣᠬᠠᠨ ᠳᠤ᠂ ᠶᠡᠷᠦᠩᠬᠡᠢ ᠪᠡᠯᠡ ᠣᠷᠣᠭᠤᠯᠤᠯᠲᠠ ᠨᠢ 3500 ᠲᠦᠮᠡᠨ ᠲᠥᠭᠦᠷᠢᠭ ᠤᠨ ᠴᠠᠬᠢᠯᠭᠠᠨ ᠴᠡᠨᠡᠭᠯᠡᠬᠦ | ᠲᠦᠭᠦᠭᠡᠷᠦᠮᠵᠢ ᠶᠢᠨ ᠲᠥᠷᠥᠯ ᠵᠦᠢᠯ ᠢ ᠶᠠᠷᠢᠯᠴᠠᠨ ᠨᠠᠶᠢᠳᠠᠪᠦᠷᠢᠵᠢᠭᠤᠯᠵᠤ᠂ ᠪᠠᠷᠠᠭᠤᠨ ᠦᠵᠦᠮᠦᠴᠢᠨ ᠬᠤᠰᠢᠭᠤᠨ ᠤ | ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ | ᠪᠣᠬᠢᠷᠲᠤᠯ ᠦᠭᠡᠢ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠳᠤ ᠬᠦᠴᠦᠨ ᠨᠡᠮᠡᠷᠢᠯᠡᠬᠦ ᠪᠠᠷ ᠪᠠᠶᠢᠨ᠎ᠠ᠃ ᠡᠳᠡᠭᠡᠷ | ᠲᠦᠷᠦᠯ ᠵᠦᠢᠯ ᠢ ᠠᠮᠵᠢᠯᠲᠠ ᠲᠠᠢ ᠨᠠᠶᠢᠳᠠᠪᠤᠷᠢᠵᠢᠭᠤᠯᠤᠭᠰᠠᠨ ᠨᠢ ᠲᠤᠬᠠᠢ ᠶᠢᠨ ᠭᠠᠵᠠᠷ ᠤᠨ ᠠᠵᠤ ᠠᠬᠤᠢ ᠶᠢᠨ | ᠨᠡᠮᠡᠭᠳᠡᠯ ᠢ ᠳᠠᠶᠢᠴᠢᠯᠠᠭᠰᠠᠨ ᠢᠶᠠᠷ ᠪᠠᠷᠠᠬᠤ ᠦᠭᠡᠢ ᠪᠠᠰᠠ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ | ᠬᠥᠭᠵᠢᠯᠲᠡ ᠳᠤ ᠥᠷᠭᠡᠨ ᠠᠭᠤᠳᠠᠮ ᠣᠷᠣᠨ ᠵᠠᠢ ᠶᠢ ᠨᠡᠭᠡᠭᠡᠨ ᠥᠭᠴᠦ᠂ ᠨᠡᠩ ᠤᠯᠠᠨ ᠵᠠᠬ᠎ᠠ ᠳᠡᠯᠭᠡᠭᠦᠷ ᠤᠨ ᠠᠵᠠ | ᠲᠣᠬᠢᠶᠠᠯ ᠪᠣᠯᠣᠨ ᠠᠵᠤ ᠠᠬᠤᠢ ᠶᠢᠨ ᠦᠷ᠎ᠡ ᠠᠰᠢᠭ ᠢ ᠡᠭᠦᠳᠴᠡᠢ᠃ | ᠰᠠᠨᠠᠭᠠᠴᠢᠯᠠᠭ᠎ᠠ ᠲᠠᠢ ᠪᠠᠷ ᠲᠠᠶᠢᠴᠢᠯᠠᠯᠲᠠ ᠶᠠᠪᠤᠭᠤᠯᠵᠤ᠂ ᠠᠷᠠᠯᠵᠢᠶᠠᠴᠢᠨ ᠤᠷᠢᠬᠤ ︽ᠨᠠᠶᠢᠵᠠ ᠶᠢᠨ | ᠲᠣᠭᠤᠷᠢᠭ︾ ᠢ ᠥᠷᠭᠡᠳᠬᠡᠪᠡ | ᠪᠠᠷᠠᠭᠤᠨ ᠦᠵᠦᠮᠦᠴᠢᠨ ᠬᠤᠰᠢᠭᠤᠨ ᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠬᠢᠨ ᠡᠬᠢ | ᠪᠠᠶᠠᠯᠢᠭ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠬᠤᠳᠠᠯᠳᠤᠭᠠᠴᠢᠳ ᠤᠨ ᠡᠪᠯᠡᠯ᠂ ᠠᠷᠠᠳ ᠠᠴᠠ | ᠡᠵᠡᠩᠨᠡᠭᠰᠡᠨ ᠠᠵᠤ ᠠᠬᠤᠶᠢᠯᠠᠯ ᠢ ᠢᠳᠡᠪᠬᠢᠲᠡᠢ ᠪᠠᠷ ᠬᠥᠲᠥᠯᠥᠨ ᠵᠢᠯᠤᠭᠤᠳᠴᠤ᠂ ᠬᠤᠳᠠᠯᠳᠤᠭᠠᠴᠢᠨ ᠤᠷᠢᠬᠤ ᠵᠠᠭᠪᠤᠷ | ᠤᠨ ᠰᠢᠨ᠎ᠡ ᠶᠢ ᠡᠭᠦᠳᠴᠦ᠂ ︽ᠠᠷᠠᠯᠵᠢᠶᠠᠴᠢᠨ ᠢᠶᠠᠷ ᠬᠤᠳᠠᠯᠳᠤᠭᠠᠴᠢᠨ ᠤᠷᠢᠬᠤ᠂ ᠠᠵᠤ ᠠᠬᠤᠶᠢᠯᠠᠯ ᠢᠶᠠᠷ ᠠᠵᠤ | ᠠᠬᠤᠶᠢᠯᠠᠯ ᠢ ᠲᠠᠲᠠᠬᠤ︾ ᠠᠷᠭ᠎ᠠ ᠬᠡᠯᠪᠡᠷᠢ ᠶᠢ ᠠᠪᠴᠤ᠂ ︽ᠨᠤᠲᠤᠭ ᠤᠨ ᠬᠠᠶᠢᠷ᠎ᠠ ᠰᠡᠳᠬᠢᠯᠭᠡ︾᠂ ︽ᠬᠠᠮᠲᠤ | ᠰᠤᠷᠤᠯᠭᠠᠲᠠᠨ ᠤ ᠰᠡᠳᠬᠢᠯᠭᠡ︾᠂ ︽ᠨᠠᠶᠢᠵᠠ ᠶᠢᠨ ᠰᠡᠳᠬᠢᠯᠭᠡ︾ ᠵᠡᠷᠭᠡ ᠨᠡᠶᠢᠭᠡᠮ ᠤᠨ ᠡᠬᠢ ᠪᠠᠶᠠᠯᠢᠭ ᠢ ᠬᠠᠶᠢᠵᠤ᠂ | ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯᠯᠠᠭ᠎ᠠ ᠶᠢ ᠥᠷᠭᠡᠨ ᠢᠶᠠᠷ ᠥᠷᠨᠢᠭᠦᠯᠪᠡ᠃ | ᠤᠯᠤᠰ ᠠᠴᠠ ᠠᠷᠠᠳ ᠤᠨ ᠡᠵᠡᠩᠨᠡᠯᠲᠡ ᠶᠢᠨ ᠠᠵᠤ ᠠᠬᠤᠢ ᠶᠢ ᠴᠢᠬᠤᠯᠠᠴᠢᠯᠠᠵᠤ ᠪᠠᠶᠢᠭ᠎ᠠ ᠨᠢ ᠠᠵᠤ | ᠠᠬᠤᠶᠢᠯᠠᠯ ᠤᠨ ᠬᠥᠭᠵᠢᠯᠲᠡ ᠶᠢᠨ ᠢᠷᠡᠭᠡᠳᠦᠢ ᠶᠢ ᠬᠠᠷᠠᠭᠤᠯᠵᠤ᠂ ᠪᠠᠷᠠᠭᠤᠨ ᠦᠵᠦᠮᠦᠴᠢᠨ ᠬᠤᠰᠢᠭᠤᠨ ᠤ | ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢ ᠬᠤᠳᠠᠯᠳᠤᠭᠠᠴᠢᠨ ᠤᠷᠢᠬᠤ ᠶᠠᠪᠤᠴᠠ ᠳᠤ ᠨᠠᠩ ᠢᠯᠡᠭᠦᠦ ᠲᠠᠲᠠᠬᠤ | ᠬᠦᠴᠦᠨ ᠲᠠᠢ ᠪᠣᠯᠭᠠᠵᠠᠢ᠃ | ᠡᠨᠡ ᠵᠢᠯ ᠠᠴᠠ ᠨᠠᠰᠢ᠂ ᠪᠠᠷᠠᠭᠤᠨ ᠦᠵᠦᠮᠦᠴᠢᠨ ᠬᠤᠰᠢᠭᠤᠨ ᠤ ᠦᠢᠯᠡᠳᠪᠦᠷᠢ ᠬᠤᠳᠠᠯᠳᠤᠭᠠᠨ ᠤ | ᠬᠤᠯᠪᠣᠭ᠎ᠠ ᠶᠢᠨ ᠬᠢᠨ ︽ᠰᠠᠨᠠᠭᠠᠴᠢᠯᠠᠭ᠎ᠠ ᠲᠠᠢ ᠪᠠᠷ ᠲᠠᠶᠢᠴᠢᠯᠠᠯᠲᠠ ᠬᠢᠬᠦ︾ ᠵᠠᠭᠪᠤᠷ ᠢ ᠬᠡᠷᠡᠭᠵᠢᠭᠦᠯᠵᠦ᠂ ᠸᠧᠨᠵᠸᠦ᠂ | ᠭᠤᠸᠠᠩᠵᠸᠤ ᠵᠡᠷᠭᠡ 7 ᠬᠤᠲᠠ ᠳᠤ ᠬᠦᠷᠴᠦ᠂ 10 ᠭᠠᠳᠠᠭᠠᠳᠤ ᠳᠤ ᠪᠠᠶᠢᠭ᠎ᠠ ᠬᠤᠳᠠᠯᠳᠤᠭᠠᠨ ᠤ ᠡᠪᠯᠡᠯ᠂ 52 | ᠣᠨᠳᠣᠣ ᠭᠠᠵᠠᠷ ᠤᠨ ᠠᠷᠠᠳ ᠤᠨ ᠡᠵᠡᠩᠨᠡᠭᠰᠡᠨ ᠠᠵᠤ ᠠᠬᠤᠶᠢᠯᠠᠯ ᠲᠠᠢ ᠰᠠᠭᠤᠳᠠᠯ ᠤᠨ ᠬᠤᠷᠠᠯ ᠬᠤᠷᠠᠯᠳᠤᠵᠦ᠂ | ᠬᠤᠳᠠᠯᠳᠤᠭᠠᠴᠢᠨ ᠤᠷᠢᠵᠤ ᠪᠡᠯᠡ ᠣᠷᠣᠭᠤᠯᠬᠤ᠂ ᠬᠤᠶᠠᠷ ᠭᠠᠵᠠᠷ ᠤᠨ ᠨᠥᠬᠦᠷᠰᠡᠭ ᠬᠤᠳᠠᠯᠳᠤᠭᠠᠨ ᠤ ᠡᠪᠯᠡᠯ ᠤᠨ | ᠪᠠᠶᠢᠭᠤᠯᠤᠯᠲᠠ ᠵᠡᠷᠭᠡ ᠰᠡᠳᠦᠪ ᠤᠨ ᠲᠣᠭᠤᠷᠢᠨ ᠳᠤ ᠬᠤᠶᠠᠷ ᠲᠠᠯ᠎ᠠ ᠪᠠᠷ ᠢᠶᠠᠨ ᠭᠦᠨᠵᠡᠭᠡᠢ ᠰᠤᠳᠤᠯᠤᠨ ᠶᠠᠷᠢᠯᠴᠠᠵᠤ᠂ | ᠤᠯᠠᠨ ᠵᠦᠢᠯ ᠤᠨ ᠬᠠᠮᠲᠤᠷᠠᠯᠴᠠᠭᠠᠨ ᠤ ᠬᠠᠮᠲᠤ ᠶᠢᠨ ᠲᠠᠨᠢᠯᠲᠠ ᠲᠠᠢ ᠪᠤᠯᠤᠭᠰᠠᠨ ᠪᠠᠶᠢᠨ᠎ᠠ᠃ | ᠠᠷᠠᠯᠵᠢᠶᠠᠴᠢᠨ ᠤᠷᠢᠬᠤ ︽ ᠨᠡᠷ᠎ᠡ ᠶᠢᠨ ᠬᠠᠭᠤᠳᠠᠰᠤ︾ ᠶᠢ ᠨᠠᠷᠢᠯᠢᠭ ᠣᠨᠣᠴᠠᠲᠠᠢ ᠪᠠᠷ ᠲᠠᠨᠢᠯᠴᠠᠭᠤᠯᠪᠠ | ᠠᠷᠠᠯᠵᠢᠶᠠᠴᠢᠨ ᠤᠷᠢᠵᠤ ᠪᠡᠯᠡ ᠣᠷᠣᠭᠤᠯᠬᠤ ᠲᠠᠨᠢᠯᠴᠠᠭᠤᠯᠭ᠎ᠠ ᠶᠢᠨ ᠴᠤᠭᠯᠠᠭᠠᠨ ᠡᠷᠭᠢᠯᠡᠬᠦ᠂ ᠠᠵᠢᠯ ᠲᠥᠷᠥᠯ | ᠤᠨ ᠦᠵᠡᠭᠦᠯᠭᠡ ᠳᠤ ᠣᠷᠣᠯᠴᠠᠬᠤ᠂ ᠠᠵᠤ ᠠᠬᠤᠶᠢᠯᠠᠯ ᠤᠨ ᠰᠣᠷᠪᠤᠯᠵᠢᠯᠠᠭ᠎ᠠ ᠥᠷᠨᠢᠭᠦᠯᠬᠦ ᠵᠡᠷᠭᠡ ᠬᠡᠯᠪᠡᠷᠢ ᠪᠠᠷ | ᠳᠠᠮᠵᠢᠭᠤᠯᠤᠨ᠂ ᠪᠠᠷᠠᠭᠤᠨ ᠦᠵᠦᠮᠦᠴᠢᠨ ᠬᠤᠰᠢᠭᠤᠨ ᠤ ᠥᠪᠡᠷᠮᠢᠴᠡ ᠡᠬᠢ ᠪᠠᠶᠠᠯᠢᠭ ᠤᠨ ᠳᠠᠪᠠᠭᠤᠯᠢᠭ᠂ ᠰᠠᠶᠢᠨ | ᠰᠠᠶᠢᠬᠠᠨ ᠪᠡᠯᠡ ᠣᠷᠣᠭᠤᠯᠤᠯᠲᠠ ᠶᠢᠨ ᠣᠷᠴᠢᠨ ᠲᠣᠭᠤᠷᠢᠨ ᠪᠠ ᠠᠷᠠᠯᠵᠢᠶᠠᠴᠢᠨ ᠤᠷᠢᠬᠤ ᠲᠥᠷᠥ ᠶᠢᠨ ᠪᠣᠳᠣᠯᠭ᠎ᠠ ᠶᠢ | ᠤᠷᠤᠨ ᠤ ᠲᠤᠳᠤᠨ᠎ᠠ ᠭᠠᠳᠠᠨᠠᠬᠢ ᠠᠷᠠᠯᠵᠢᠶᠠᠴᠢᠳ ᠲᠤ ᠲᠡᠯᠭᠡᠨ ᠦᠵᠡᠭᠦᠯᠪᠡ᠃ | ᠪᠠᠷᠠᠭᠤᠨ ᠦᠵᠦᠮᠦᠴᠢᠨ ᠬᠤᠰᠢᠭᠤ ᠠᠯᠢ ᠣᠯᠠᠨ ᠤᠬᠠᠭᠤᠯᠤᠨ ᠲᠠᠨᠢᠯᠴᠠᠭᠤᠯᠬᠤ ᠠᠵᠢᠯᠯᠠᠭ᠎ᠠ ᠪᠠᠷ ᠲᠠᠮᠵᠢᠭᠤᠯᠤᠨ᠂ | ᠪᠡᠯᠡ ᠣᠷᠣᠭᠤᠯᠤᠯᠲᠠ ᠶᠢᠨ ᠲᠥᠷᠥᠯ ᠵᠦᠢᠯ ᠢ ᠨᠠᠶᠢᠳᠠᠪᠤᠷᠢᠵᠢᠭᠤᠯᠵᠤ᠂ ᠪᠠᠷᠠᠭᠤᠨ ᠦᠵᠦᠮᠦᠴᠢᠨ ᠬᠤᠰᠢᠭᠤᠨ ᠤ ᠪᠠᠨ | ᠨᠥᠯᠥᠭᠡᠯᠡᠬᠦ ᠬᠦᠴᠦᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠨᠠᠩ ᠣᠯᠠᠨ ᠰᠢᠯᠢᠳᠡᠭ ᠠᠵᠤ ᠠᠬᠤᠶᠢᠯᠠᠯ ᠢ | ᠲᠡᠳᠡᠨ ᠠᠪᠴᠢᠷᠠᠵᠤ᠂ ᠪᠠᠷᠠᠭᠤᠨ ᠦᠵᠦᠮᠦᠴᠢᠨ ᠬᠤᠰᠢᠭᠤᠨ ᠤ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ | ᠬᠠᠭᠤᠳᠠᠰᠤ ᠶᠢ ᠬᠠᠮᠲᠤ ᠪᠠᠷ ᠪᠢᠴᠢᠭᠯᠡᠬᠦ ᠪᠠᠷ ᠪᠠᠶᠢᠨ᠎ᠠ ᠃ |