ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨᠤᠬᠠᠮᠰᠠᠷ  ᠢ  ᠭᠦᠨᠵᠡᠭᠡᠶᠢᠷᠡᠭᠦᠯᠦᠨ  ᠪᠤᠳᠠᠳᠠᠶᠢᠵᠢᠭᠤᠯᠤᠶ᠎ᠠ        ᠪᠠᠶᠠᠩᠬᠤᠸᠡ ᠬᠠᠶᠢᠵᠸᠤ ᠵᠠᠳᠠᠭᠠᠢ ᠨᠡᠭᠦᠷᠡᠰᠦᠨ ᠠᠭᠤᠷᠬᠠᠢ ᠶᠢᠨ ᠬᠢᠵᠠᠭᠠᠷᠲᠤ         ᠺᠣᠮᠫᠠᠨᠢ  ᠤᠷᠤᠨ  ᠨᠤᠳᠤᠭ  ᠤᠨ  ᠭᠦᠭᠵᠢᠯᠳᠡ ᠳᠤ  ᠬᠦᠴᠦᠨ  ᠨᠡᠮᠡᠷᠢᠯᠠᠨ᠎ᠠ  ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨᠤᠬᠠᠮᠰᠠᠷ  ᠢ  ᠭᠦᠨᠵᠡᠭᠡᠶᠢᠷᠡᠭᠦᠯᠦᠨ  ᠪᠤᠳᠠᠳᠠᠶᠢᠵᠢᠭᠤᠯᠤᠶ᠎ᠠ        ᠪᠠᠶᠠᠩᠬᠤᠸᠡ ᠬᠠᠶᠢᠵᠸᠤ ᠵᠠᠳᠠᠭᠠᠢ ᠨᠡᠭᠦᠷᠡᠰᠦᠨ ᠠᠭᠤᠷᠬᠠᠢ ᠶᠢᠨ ᠬᠢᠵᠠᠭᠠᠷᠲᠤ         ᠺᠣᠮᠫᠠᠨᠢ  ᠤᠷᠤᠨ  ᠨᠤᠳᠤᠭ  ᠤᠨ  ᠭᠦᠭᠵᠢᠯ᠊
ᠨᠡᠶᠢᠲᠡᠯᠡᠭᠰᠡᠨ ᠴᠠᠭ᠄
2025/6/11
    ᠥᠪᠥᠷ ᠮᠣᠩᠭᠤᠯ ᠤᠨ ᠪᠠᠶᠠᠩᠬᠤᠸᠡ ᠬᠠᠶᠢᠵᠸᠤ ᠵᠠᠳᠠᠭᠠᠢ ᠨᠡᠭᠦᠷᠡᠰᠦᠨ ᠠᠭᠤᠷᠬᠠᠢ ᠶᠢᠨ ᠬᠢᠵᠠᠭᠠᠷᠲᠤ ᠺᠣᠮᠫᠠᠨᠢ ᠶᠢᠨ ︽ᠳᠤᠮᠳᠠᠳᠤ ᠶᠢᠨ ᠦᠨᠳᠦᠰᠦᠲᠡᠨ ᠨᠢᠭᠡ ᠭᠡᠷ ᠪᠦᠯᠢ ᠶᠢᠨ ᠬᠢᠨ  ᠮᠡᠲᠥ ᠳᠣᠲᠣᠨᠣ᠂ ᠰᠡᠳᠬᠢᠯ ᠢᠶᠠᠨ ᠨᠢᠭᠡᠳᠬᠡᠨ ᠳᠤᠮᠳᠠᠳᠤ ᠶᠢᠨ ᠭᠦᠰᠡᠯᠠᠩ ᠢᠶᠠᠨ  ᠲᠡᠷᠭᠡᠯᠰᠢᠭᠦᠯᠦᠶ᠎ᠡ︾ ᠭᠡᠬᠦ ᠳᠤᠮᠳᠠᠳᠤ ᠶᠢᠨ ᠦᠨᠳᠦᠰᠦᠲᠡᠨ ᠤ ᠬᠠᠮᠲᠤ  ᠶᠢᠨ ᠴᠣᠭᠴᠠ ᠶᠢᠨ ᠤᠬᠠᠮᠰᠠᠷ ᠤᠨ ᠭᠤᠣᠯ ᠰᠡᠳᠦᠪᠲᠦ ᠦᠵᠡᠭᠦᠯᠭᠡ ᠶᠢᠨ ᠲᠢᠩᠬᠢᠮ ᠢᠶᠠᠷ ᠠᠴᠢᠶᠠᠯᠠᠪᠤᠷᠢ ᠪᠤᠯᠭᠠᠨ᠂ ᠭᠠᠵᠠᠷ ᠣᠷᠣᠨ ᠪᠠ ᠠᠵᠤ ᠠᠬᠤᠶᠢᠯᠠᠯ ᠤᠨ ᠡᠶ᠎ᠡ ᠵᠣᠬᠢᠴᠠᠯ ᠢ ᠠᠬᠢᠭᠤᠯᠵᠤ᠂ ᠦᠨᠳᠦᠰᠦᠲᠡᠨ ᠨᠦᠭᠦᠳ ᠤᠨ ᠬᠥᠪᠡᠭᠦᠳ ᠥᠬᠢᠳ ᠤᠨ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠭᠰᠠᠨ ᠬᠡᠪ ᠪᠠᠶᠢᠳᠠᠯ ᠢ ᠪᠤᠢ ᠪᠤᠯᠭᠠᠵᠦ᠂ ᠤᠷᠤᠨ ᠨᠤᠳᠤᠭ ᠤᠨ ᠦᠨᠳᠣᠰᠣᠳᠠᠨ ᠤ ᠪᠦᠯᠬᠦᠮᠳᠠᠯ ᠤᠨ ᠠᠵᠢᠯ ᠳᠤ ᠨᠢᠭᠡᠨ ᠮᠦᠷᠣᠨ ᠤ ᠬᠦᠴᠦ ᠪᠠᠨ  ᠡᠷᠬᠦᠭᠰᠡᠨ ᠪᠠᠶᠢᠨ᠎ᠠ᠃     ᠪᠠᠶᠠᠩᠬᠤᠸᠡ ᠬᠠᠶᠢᠵᠸᠤ ᠵᠠᠳᠠᠭᠠᠢ ᠨᠡᠭᠦᠷᠡᠰᠦᠨ ᠠᠭᠤᠷᠬᠠᠢ ᠶᠢᠨ ᠬᠢᠵᠠᠭᠠᠷᠲᠤ ᠺᠣᠮᠫᠠᠨᠢ ᠨᠢ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠢᠯᠡᠰ ᠢ ᠠᠵᠤ ᠠᠬᠤᠶᠢᠯᠠᠯ ᠤᠨ ᠬᠥᠭᠵᠢᠯᠲᠡ ᠳᠤ ᠠᠭᠤᠰᠣᠯᠴᠠᠭᠤᠯᠤᠨ᠂ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠤᠢ ᠪᠣᠯᠭᠠᠬᠤ︾ ᠪᠠᠷ ᠭᠤᠣᠯ ᠰᠢᠵᠢᠮ ᠪᠣᠯᠭᠠᠵᠤ᠂ ︽ᠠᠵᠤ ᠠᠬᠤᠶᠢᠯᠠᠯ ᠢ ᠬᠥᠭᠵᠢᠭᠦᠯᠦᠨ ᠮᠠᠨᠳᠤᠭᠤᠯᠵᠤ᠂ ᠭᠠᠵᠠᠷ ᠣᠷᠣᠨ ᠤ ᠭᠦᠭᠵᠢᠯᠳᠡ ᠳᠤ ᠬᠦᠴᠦᠨ ᠨᠡᠮᠡᠷᠢᠯᠠᠬᠦ︾ ᠠᠮᠠᠯᠠᠯᠲᠠ ᠪᠠᠨ ᠴᠢᠩᠭ᠎ᠠ ᠦᠢᠯᠠᠳᠣᠯᠬᠡᠵᠢᠬᠦᠯᠵᠦ᠂ ᠪᠠᠷᠠᠭᠤᠨ ᠦᠵᠦᠮᠦᠴᠢᠨ ᠬᠤᠰᠢᠭᠤᠨ ᠤ ᠲᠠᠯ᠎ᠠ ᠨᠤᠲᠤᠭ ᠲᠤ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠬᠠᠷᠢᠭᠤᠴᠠᠯᠭ᠎ᠠ ᠪᠠ ᠡᠭᠦᠷᠭᠡᠯᠡᠯ ᠢ ᠪᠢᠴᠢᠭᠯᠡᠵᠡᠢ᠃    2011 ᠣᠨ ᠠᠴᠠ ᠡᠬᠢᠯᠡᠨ ᠪᠠᠶᠠᠩᠬᠤᠸᠡ ᠬᠠᠶᠢᠵᠸᠤ ᠵᠠᠳᠠᠭᠠᠢ ᠨᠡᠭᠦᠷᠡᠰᠦᠨ ᠠᠭᠤᠷᠬᠠᠢ ᠶᠢᠨ ᠬᠢᠵᠠᠭᠠᠷᠲᠤ ᠺᠣᠮᠫᠠᠨᠢ ᠨᠢ ᠵᠢᠯ ᠪᠦᠷᠢ ᠶᠢᠨ 4.8 ᠲᠦᠮᠡᠨ ᠲᠣᠨ ᠳᠤᠯᠠᠭᠠᠯᠠᠭ᠎ᠠ ᠶᠢᠨ ᠨᠡᠭᠦᠷᠡᠰᠦ ᠶᠢ 580 ᠮᠠᠯᠵᠢᠬᠤ ᠡᠷᠦᠭᠡ ᠳᠤ ᠭᠦᠷᠬᠡᠬᠦ᠂ ᠮᠠᠯᠵᠢᠬᠤ ᠣᠷᠣᠨ ᠳᠤ 7.8 ᠺᠢᠯᠣᠮᠧᠲᠷ ᠤᠨ ᠵᠠᠰᠠᠮᠠᠯ ᠵᠠᠮ ᠵᠠᠰᠠᠬᠤ᠂ ᠮᠠᠯᠴᠢᠳ ᠤᠨ ᠬᠡᠣᠬᠡᠳ ᠲᠤ ᠰᠤᠷᠤᠯᠭ᠎ᠠ ᠶᠢᠨ ᠲᠡᠳᠬᠦᠮᠵᠢ ᠬᠠᠩᠭᠠᠬᠤ᠂ ᠠᠷᠠᠳ ᠤᠨ ᠠᠮᠢᠳᠤᠷᠠᠯ ᠤᠨ ᠪᠡᠯᠡ ᠣᠷᠣᠭᠤᠯᠤᠯᠲᠠ ᠶᠢ ᠨᠡᠮᠡᠭᠳᠡᠭᠦᠯᠬᠦ ᠵᠡᠷᠬᠡ ᠤᠯᠠᠨ ᠪᠤᠳᠡᠳᠡᠢ ᠠᠵᠢᠯ ᠬᠢᠵᠦ᠂ ᠤᠷᠤᠨ ᠨᠤᠳᠤᠭ ᠤᠨ ᠭᠦᠭᠵᠢᠯᠳᠡ ᠪᠠ ᠦᠨᠳᠣᠰᠣᠳᠠᠨ ᠤ ᠪᠦᠯᠬᠦᠮᠳᠠᠯ ᠢ ᠠᠬᠢᠭᠤᠯᠤᠭᠰᠠᠨ ᠢᠶᠠᠷ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ  ᠤᠨ ᠲᠡᠷᠢᠭᠦᠨ ᠤ ᠬᠠᠮᠲᠤ ᠨᠢᠬᠡᠴᠠ︾ ︽ᠪᠦᠬᠦ ᠣᠷᠣᠨ ᠤ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠡᠭᠦᠳᠦᠨ ᠪᠠᠶᠢᠭᠤᠯᠬᠤ ᠠᠵᠢᠯᠯᠠᠭ᠎ᠠ ᠶᠢᠨ ᠵᠢᠱᠢᠶ᠎ᠡ ᠦᠵᠡᠭᠦᠯᠬᠦ ᠨᠢᠭᠡᠴᠡ︾ ᠵᠡᠷᠭᠡ ᠤᠯᠠᠨ ᠢᠷᠠᠭᠤ ᠠᠯᠳᠠᠷ ᠢ ᠭᠦᠷᠳᠡᠭᠰᠡᠨ ᠪᠠᠶᠢᠨ᠎ᠠ᠃  
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号