ᠣᠷᠣᠯᠭ᠎ᠠ᠂ ᠣᠷᠣᠨ ᠰᠠᠭᠤᠴᠠ᠂ ᠨᠡᠶᠢᠭᠡᠮ ᠤᠨ ᠪᠠᠲᠤᠯᠠᠭ᠎ᠠ ᠲᠠᠢ ᠬᠤᠯᠪᠣᠭᠳᠠᠨ᠎ᠠ ᠁ ᠳᠣᠮᠲᠠᠲᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ  ᠳᠦᠷᠤ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠠᠴᠠ ᠨᠡᠶᠢᠲᠡᠯᠡᠪᠡ︕
ᠨᠡᠶᠢᠲᠡᠯᠡᠭᠰᠡᠨ ᠴᠠᠭ᠄
2025/6/11
     6 ᠳ᠋ᠤᠭᠠᠷ ᠰᠠᠷ᠎ᠠ ᠶᠢᠨ 9 ᠤ ᠡᠳᠦᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠳᠠᠷᠤᠮᠠᠯᠯᠠᠭᠰᠠᠨ ︽ᠠᠷᠠᠳ ᠤᠨ ᠠᠮᠢᠳᠤᠷᠠᠯ ᠢ ᠤᠯᠠᠮ ᠨᠢᠭᠡ ᠠᠯᠬᠤᠮ ᠪᠠᠲᠤᠯᠠᠨ ᠰᠠᠶᠢᠵᠢᠷᠠᠭᠤᠯᠵᠤ  ᠣᠯᠠᠨ ᠲᠦᠮᠡᠨ ᠤ ᠪᠠᠴᠢᠮᠳᠠᠵᠤ ᠬᠦᠴᠢᠷᠳᠡᠵᠦ ᠰᠠᠨᠠᠭᠠᠰᠢᠷᠠᠵᠤ ᠬᠦᠰᠡᠵᠦ ᠪᠠᠶᠢᠭ᠎ᠠ ᠵᠦᠢᠯᠡᠰ ᠢ ᠬᠦᠴᠦᠯᠡᠨ ᠰᠢᠢᠳᠪᠦᠷᠢᠯᠡᠬᠦ ᠲᠤᠬᠠᠢ ᠰᠠᠨᠠᠯ︾ ᠢ ᠨᠡᠶᠢᠲᠡᠯᠡᠪᠡ᠃ ᠡᠨᠡ ᠨᠢ ᠨᠡᠶᠢᠭᠡᠮ ᠤᠨ ᠪᠠᠲᠤᠯᠠᠭ᠎ᠠ᠂ ᠣᠷᠣᠨ ᠰᠠᠭᠤᠴᠠ᠂ ᠰᠤᠷᠭᠠᠨ ᠬᠥᠮᠦᠵᠢᠯ᠂ ᠡᠪᠡᠳᠴᠢᠨ ᠦᠵᠡᠭᠦᠯᠬᠦ᠂ ᠨᠠᠰᠤᠲᠠᠨ ᠢ ᠠᠰᠠᠷᠠᠵᠤ ᠬᠡᠦᠬᠡᠳ ᠰᠠᠭᠠᠲᠠᠭᠤᠯᠬᠤ ᠁ ᠲᠠᠢ ᠬᠤᠯᠪᠣᠭᠳᠠᠨ᠎ᠠ᠃ ᠬᠠᠮᠲᠤ ᠪᠠᠷ ᠣᠶᠢᠯᠠᠭᠠᠵᠠᠭᠠᠶ᠎ᠠ︕ᠨᠡᠶᠢᠭᠡᠮ ᠤᠨ ᠪᠠᠲᠤᠯᠠᠭ᠎ᠠ ᠶᠢᠨ ᠲᠠᠯ᠎ᠠ ᠪᠠᠷ      ᠠᠵᠢᠯ ᠣᠯᠣᠭᠰᠠᠨ ᠭᠠᠵᠠᠷ ᠲᠤ ᠪᠠᠨ ᠨᠡᠶᠢᠭᠡᠮ ᠤᠨ ᠳᠠᠭᠠᠳᠬᠠᠯ ᠳᠤ ᠣᠷᠣᠯᠴᠠᠳᠠᠭ ᠡᠷᠦᠬᠡ ᠠᠮᠠ ᠶᠢᠨ ᠬᠠᠷᠢᠶ᠎ᠠ ᠶᠢᠨ ᠬᠢᠵᠠᠭᠠᠷᠯᠠᠯ ᠢ ᠪᠦᠬᠦ ᠲᠠᠯ᠎ᠠ ᠪᠠᠷ ᠬᠦᠴᠦᠨ ᠦᠭᠡᠢ ᠪᠣᠯᠭᠠᠨ᠎ᠠ᠃      ᠨᠥᠬᠦᠴᠡᠯ ᠳᠤ ᠨᠡᠶᠢᠴᠡᠬᠦ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ᠂ ᠠᠵᠢᠯ ᠣᠯᠬᠤ ᠳᠤ ᠬᠦᠴᠢᠷᠲᠡᠢ ᠬᠥᠮᠥᠰ ᠵᠡᠷᠭᠡ ᠳᠤ ᠨᠡᠶᠢᠭᠡᠮ ᠤᠨ ᠳᠠᠭᠠᠳᠬᠠᠯ ᠤᠨ ᠨᠡᠮᠡᠭᠦᠷᠢ ᠣᠯᠭᠤᠨ᠎ᠠ᠃      ᠠᠵᠢᠯᠲᠠᠨ ᠠᠵᠢᠯᠴᠢᠨ ᠤ ᠡᠮᠴᠢᠯᠡᠭᠡᠨ ᠤ ᠦᠨᠳᠦᠰᠦᠨ ᠳᠠᠭᠠᠳᠬᠠᠯ ᠤᠨ ᠬᠤᠪᠢ ᠬᠥᠮᠥᠨ ᠤ ᠳᠠᠩᠰᠠᠨ ᠡᠷᠦᠬᠡ ᠶᠢ ᠮᠤᠵᠢ ᠠᠯᠤᠰᠯᠠᠨ ᠲᠤᠰᠠᠯᠠᠯᠴᠠᠬᠤ ᠶᠢ ᠡᠮᠬᠢ ᠵᠢᠷᠤᠮ ᠲᠠᠢ ᠪᠠᠷ ᠠᠬᠢᠭᠤᠯᠤᠨ᠎ᠠ᠃      ᠨᠥᠬᠦᠴᠡᠯ ᠲᠠᠢ ᠭᠠᠵᠠᠷ ᠣᠷᠣᠨ ᠢ ᠳᠡᠮᠵᠢᠵᠦ ᠬᠥᠲᠥᠯᠥᠨ ᠵᠢᠯᠤᠭᠤᠳᠴᠤ ᠪᠠᠶᠢᠭᠠᠳ ᠦᠷᠡᠵᠢᠯ ᠤᠨ ᠳᠠᠭᠠᠳᠬᠠᠯ᠂ ᠦᠷᠡᠵᠢᠯ ᠤᠨ ᠨᠡᠮᠡᠯᠭᠡ ᠶᠢ ᠳᠠᠭᠠᠳᠬᠠᠯ ᠳᠤ ᠣᠷᠣᠯᠴᠠᠭᠰᠠᠳ ᠲᠤ ᠳᠡᠰ ᠳᠠᠷᠠᠭᠠᠯᠠᠯ ᠢᠶᠠᠷ ᠨᠢ ᠰᠢᠭᠤᠳ ᠣᠯᠭᠤᠨ᠎ᠠ᠃      ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢ ᠵᠦᠢ ᠵᠣᠬᠢᠰᠲᠠᠢ ᠲᠣᠬᠢᠷᠠᠭᠤᠯᠤᠨ ᠲᠣᠭᠲᠠᠭᠠᠨ᠎ᠠ᠃      ᠬᠠᠮᠤᠭ ᠳᠣᠣᠷ᠎ᠠ ᠴᠠᠯᠢᠩ ᠤᠨ ᠪᠠᠷᠢᠮᠵᠢᠶ᠎ᠠ ᠶᠢ ᠵᠦᠢ ᠵᠣᠬᠢᠰᠲᠠᠢ ᠳᠡᠭᠡᠭᠰᠢᠯᠡᠭᠦᠯᠦᠨ᠎ᠡ᠃ᠣᠷᠣᠨ ᠰᠠᠭᠤᠴᠠ ᠶᠢᠨ ᠲᠠᠯ᠎ᠠ ᠪᠠᠷ     ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠳᠦᠷᠢᠮ ᠳᠤ ᠠᠮᠢᠳᠤᠯᠢᠭ ᠢᠶᠠᠷ ᠠᠵᠢᠯ ᠣᠯᠣᠭᠰᠠᠳ ᠤᠨ ᠣᠷᠣᠯᠴᠠᠬᠤ ᠶᠢ ᠯᠠᠪᠳᠠᠭᠤᠨ ᠢᠶᠠᠷ ᠠᠬᠢᠭᠤᠯᠤᠨ᠎ᠠ᠃      ᠡᠯ᠎ᠡ ᠭᠠᠵᠠᠷ ᠤᠨ ᠪᠡᠯᠡ ᠮᠥᠩᠭᠦ ᠪᠠᠨ ᠨᠢᠭᠡᠳᠦᠯᠲᠡᠢ ᠲᠥᠯᠥᠪᠯᠡᠬᠦ ᠠᠷᠭ᠎ᠠ ᠵᠠᠮ ᠢ ᠳᠡᠮᠵᠢᠵᠦ᠂ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ ᠬᠠᠩᠭᠠᠯᠭ᠎ᠠ ᠶᠢ ᠨᠡᠮᠡᠭᠳᠡᠭᠦᠯᠦᠨ᠂ ᠨᠡᠶᠢᠭᠡᠮ ᠤᠨ ᠬᠦᠴᠦᠨ ᠤ ᠤᠷᠲᠤ ᠬᠤᠭᠤᠴᠠᠭ᠎ᠠ ᠪᠠᠷ ᠲᠦᠷᠢᠶᠡᠰᠦᠨ ᠣᠷᠣᠨ ᠰᠠᠭᠤᠴᠠ ᠡᠵᠡᠩᠨᠡᠬᠦ ᠶᠢ ᠬᠥᠲᠥᠯᠥᠨ ᠵᠢᠯᠤᠭᠤᠳᠴᠤ ᠳᠡᠮᠵᠢᠨ᠎ᠡ᠃      ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠳᠤ ᠠᠵᠢᠯ ᠤᠨ ᠪᠠᠶᠢᠷᠢ ᠪᠠ ᠣᠷᠣᠨ ᠰᠠᠭᠤᠴᠠ ᠶᠢᠨ ᠲᠡᠩᠴᠡᠭᠦᠷᠢᠲᠡᠢ ᠪᠠᠶᠢᠯᠭᠠᠬᠤ ᠶᠢ ᠬᠠᠷᠠᠭᠠᠯᠵᠠᠭᠰᠠᠨ ᠰᠠᠭᠤᠷᠢ ᠪᠠᠶᠢᠷᠢ ᠶᠢᠨ ᠬᠡᠯᠪᠡᠷᠢ ᠪᠠ ᠵᠠᠯᠠᠭᠤᠴᠤᠳ ᠤᠨ ᠨᠡᠶᠢᠲᠡ ᠶᠢᠨ ᠪᠠᠭ᠎ᠠ ᠬᠡᠯᠪᠡᠷᠢ ᠶᠢᠨ ᠪᠠᠶᠢᠷᠢ ᠶᠢᠨ ᠰᠠᠭᠤᠬᠤ ᠬᠠᠩᠭᠠᠯᠭ᠎ᠠ ᠶᠢ ᠨᠢ ᠨᠡᠮᠡᠭᠳᠡᠭᠦᠯᠬᠦ ᠶᠢ ᠬᠥᠲᠥᠯᠥᠨ ᠵᠢᠯᠤᠭᠤᠳᠴᠤ ᠲᠡᠮᠵᠢᠨ᠎ᠠ᠃     ᠣᠯᠠᠨ ᠨᠡᠶᠢᠲᠡ ᠶᠢᠨ ᠪᠡᠯᠡᠳᠬᠡᠮᠵᠢ᠂ ᠰᠠᠭᠤᠭᠠᠯᠢ ᠠᠷᠠᠳ ᠤᠨ ᠣᠷᠣᠨ ᠰᠠᠭᠤᠴᠠ ᠵᠡᠷᠭᠡ ᠣᠯᠠᠨ ᠳᠠᠪᠬᠤᠷᠭᠠᠲᠤ ᠠᠰᠠᠷ ᠲᠤ ᠴᠠᠬᠢᠯᠭᠠᠨ ᠱᠠᠲᠤ ᠨᠡᠮᠡᠵᠦ ᠤᠭᠰᠠᠷᠠᠬᠤ ᠶᠢ ᠲᠦᠯᠬᠢᠨ ᠠᠬᠢᠭᠤᠯᠤᠨ᠎ᠠ᠃ᠰᠤᠷᠭᠠᠨ ᠬᠥᠮᠦᠵᠢᠯ ᠤᠨ ᠲᠠᠯ᠎ᠠ ᠪᠠᠷ      ᠣᠳᠣ ᠶᠢᠨ ᠪᠠᠶᠢᠭ᠎ᠠ ᠴᠢᠨᠠᠷ ᠰᠠᠶᠢᠲᠠᠢ ᠳᠤᠮᠳᠠᠳᠤ ᠪᠠᠭ᠎ᠠ ᠰᠤᠷᠭᠠᠭᠤᠯᠢ᠂ ᠠᠯᠪᠠᠨ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠤᠨ ᠲᠤᠭ᠎ᠠ ᠪᠠ ᠣᠷᠣ ᠶᠢᠨ ᠬᠠᠩᠭᠠᠯᠭ᠎ᠠ ᠶᠢ ᠥᠷᠭᠡᠳᠬᠡᠵᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠠᠭᠤᠷᠢ ᠨᠢ ᠪᠠᠷᠤᠭᠲᠠᠢ ᠰᠤᠷᠭᠠᠭᠤᠯᠢ ᠨᠤᠭᠤᠳ ᠢ ᠴᠢᠨᠠᠷ ᠰᠠᠶᠢᠲᠠᠢ ᠰᠤᠷᠭᠠᠭᠤᠯᠢ ᠶᠢᠨ ᠪᠦᠯᠦᠭᠵᠢᠭᠦᠯᠦᠨ ᠰᠤᠷᠭᠠᠭᠤᠯᠢ ᠡᠷᠬᠢᠯᠡᠬᠦ ᠪᠤᠶᠤ ᠨᠠᠶᠢᠳᠠᠨ ᠬᠠᠮᠢᠶᠠᠷᠤᠭᠤᠯᠵᠤ ᠬᠠᠪᠰᠤᠷᠤᠨ ᠲᠡᠳᠬᠦᠬᠦ ᠳᠤ ᠣᠷᠣᠭᠤᠯᠤᠨ᠎ᠠ᠃      5 ᠵᠢᠯ ᠣᠷᠴᠢᠮ ᠤᠨ ᠬᠤᠭᠤᠴᠠᠭ᠎ᠠ ᠶᠢ ᠬᠡᠷᠡᠭᠯᠡᠵᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠪᠠᠷᠢᠮᠵᠢᠶᠠᠵᠢᠭᠰᠠᠨ ᠪᠠᠶᠢᠭᠤᠯᠤᠯᠲᠠ ᠶᠢ ᠠᠯᠬᠤᠮ ᠠᠯᠬᠤᠮ ᠢᠶᠠᠷ ᠪᠡᠶᠡᠯᠡᠭᠦᠯᠦᠨ᠎ᠡ᠃      ᠴᠢᠨᠠᠷ ᠰᠠᠶᠢᠲᠠᠢ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢ 1000 ᠠᠴᠠ ᠢᠯᠡᠭᠦᠦ ᠰᠢᠨ᠎ᠡ ᠪᠠᠷ ᠪᠠᠶᠢᠭᠤᠯᠬᠤ ᠪᠠ ᠥᠷᠭᠡᠳᠬᠡᠨ ᠪᠠᠶᠢᠭᠤᠯᠵᠤ᠂ ᠰᠢᠶᠠᠨ ᠤ ᠬᠡᠪᠴᠢᠶᠡᠨ ᠤ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠦᠨᠳᠦᠰᠦᠨ ᠨᠥᠬᠦᠴᠡᠯ ᠢ ᠭᠤᠣᠯᠳᠠᠯᠭ᠎ᠠ ᠲᠠᠢ ᠰᠠᠶᠢᠵᠢᠷᠠᠭᠤᠯᠤᠨ᠎ᠠ᠃ᠡᠪᠡᠳᠴᠢᠨ ᠦᠵᠡᠭᠦᠯᠬᠦ ᠲᠠᠯ᠎ᠠ ᠪᠠᠷ      ᠥᠨᠳᠥᠷ ᠬᠢᠷᠢ ᠲᠦᠪᠰᠢᠨ ᠪᠦᠬᠦᠢ ᠡᠮᠨᠡᠯᠭᠡ ᠶᠢᠨ ᠬᠤᠷᠢᠶᠠᠨ ᠤ ᠠᠵᠢᠯᠲᠠᠳ᠂ ᠦᠢᠯᠡᠴᠢᠯᠡᠭᠡ᠂ ᠮᠡᠷᠭᠡᠵᠢᠯ᠂ ᠬᠠᠮᠢᠶᠠᠷᠤᠯᠲᠠ ᠵᠡᠷᠭᠡ ᠶᠢ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠳᠤ ᠪᠠᠭᠤᠯᠭᠠᠬᠤ ᠶᠢ ᠳᠡᠮᠵᠢᠵᠦ᠂ ᠬᠤᠳᠡ ᠶᠢᠨ ᠡᠮ ᠡᠮᠨᠡᠯᠭᠡᠨ ᠤ ᠬᠤᠯᠪᠣᠭᠠᠲᠤ ᠴᠣᠭᠴᠠ ᠶᠢᠨ ᠪᠠᠶᠢᠭᠤᠯᠤᠯᠲᠠ ᠶᠢ ᠠᠬᠢᠭᠤᠯᠤᠨ᠎ᠠ᠃      ᠥᠨᠳᠥᠷ ᠬᠢᠷᠢ ᠲᠦᠪᠰᠢᠨ ᠪᠦᠬᠦᠢ ᠠᠨᠠᠭᠠᠬᠤ ᠤᠬᠠᠭᠠᠨ ᠤ ᠴᠢᠳᠠᠪᠤᠷᠢᠲᠠᠳ ᠤᠨ ᠰᠢᠶᠠᠨ ᠤ ᠱᠠᠲᠤᠨ ᠤ ᠡᠮᠨᠡᠯᠭᠡ ᠶᠢᠨ ᠬᠤᠷᠢᠶ᠎ᠠ ᠲᠡᠶᠢᠰᠢ ᠪᠠᠭᠤᠬᠤ ᠶᠢ ᠳᠡᠮᠵᠢᠨ᠎ᠡ᠃      ᠠᠯᠤᠰ ᠡᠵᠡᠮᠰᠢᠯᠲᠦ ᠡᠮᠴᠢᠯᠡᠭᠡᠨ ᠤ ᠦᠢᠯᠡᠴᠢᠯᠡᠭᠡ ᠶᠢᠨ ᠲᠣᠣᠷ ᠪᠠᠶᠢᠭᠤᠯᠬᠤ ᠶᠢ ᠠᠬᠢᠭᠤᠯᠵᠤ᠂ ︽ᠲᠠᠷᠬᠠᠮᠠᠯ ᠪᠠᠶᠢᠴᠠᠭᠠᠯᠲᠠ᠂ ᠲᠥᠪᠯᠡᠷᠡᠩᠭᠦᠢ ᠣᠨᠣᠰᠢᠯᠠᠯᠲᠠ︾ ᠲᠠᠢ ᠡᠮᠴᠢᠯᠡᠭᠡᠨ ᠤ ᠦᠢᠯᠡᠴᠢᠯᠡᠬᠦ ᠬᠡᠪ ᠵᠠᠭᠪᠤᠷ ᠢ ᠳᠡᠯᠭᠡᠷᠡᠭᠦᠯᠦᠨ᠎ᠡ᠃      ᠵᠢᠷᠮᠦᠰᠦᠨ ᠡᠮᠡᠭᠲᠡᠶᠢᠴᠦᠳ ᠤᠨ ᠬᠥᠩᠭᠡᠵᠢᠬᠦ ᠠᠴᠠ ᠡᠮᠦᠨᠡᠬᠢ ᠪᠠᠶᠢᠴᠠᠭᠠᠯᠲᠠ ᠶᠢᠨ ᠦᠨᠳᠦᠰᠦᠨ ᠦᠢᠯᠡᠴᠢᠯᠡᠭᠡ ᠶᠢ ᠲᠡᠭᠦᠯᠳᠡᠷᠵᠢᠭᠦᠯᠵᠦ᠂ ᠨᠥᠬᠦᠴᠡᠯ ᠲᠠᠢ ᠭᠠᠵᠠᠷ ᠣᠷᠣᠨ ᠤ ᠬᠢᠨ ᠵᠣᠬᠢᠬᠤ ᠨᠠᠰᠤᠨ ᠤ ᠬᠡᠦᠬᠡᠨᠴᠦᠳ ᠲᠤ HPV ᠸᠠᠺᠼᠢᠨ ᠤ ᠲᠠᠷᠢᠯᠭ᠎ᠠ ᠬᠢᠬᠦ ᠶᠢ ᠵᠣᠷᠢᠭᠵᠢᠭᠤᠯᠤᠨ᠎ᠠ᠃ᠨᠠᠰᠤᠲᠠᠨ ᠢ ᠠᠰᠠᠷᠠᠵᠤ ᠬᠡᠦᠬᠡᠳ ᠰᠠᠭᠠᠲᠠᠭᠤᠯᠬᠤ ᠲᠠᠯ᠎ᠠ ᠪᠠᠷ      ︽ᠨᠠᠰᠤᠲᠠᠶᠢᠴᠤᠳ ᠪᠠ ᠨᠢᠯᠬᠠᠰ︾ ᠤᠨ ᠦᠢᠯᠡᠴᠢᠯᠡᠭᠡᠨ ᠤ ᠪᠠᠶᠢᠭᠤᠯᠤᠮᠵᠢ ᠨᠤᠭᠤᠳ ᠤᠨ ᠶᠠᠰᠤ ᠴᠢᠨᠠᠷ ᠨᠢ ᠪᠠᠲᠤᠯᠠᠭ᠎ᠠ ᠲᠠᠢ᠂ ᠦᠨ᠎ᠡ ᠬᠠᠩᠰᠢ ᠶᠢ ᠨᠢ ᠬᠦᠯᠢᠶᠡᠨ ᠠᠪᠴᠤ ᠳᠡᠶᠢᠯᠬᠦ᠂ ᠠᠵᠢᠯᠯᠠᠭᠠᠨ ᠨᠢ ᠦᠷᠭᠦᠯᠵᠢᠯᠡᠬᠦᠶᠢᠴᠡ ᠨᠡᠶᠢᠳᠡᠮ ᠬᠠᠷᠠᠭᠠᠯᠵᠠᠯ ᠲᠠᠢ ᠦᠢᠯᠡᠴᠢᠯᠡᠭᠡ ᠬᠠᠩᠭᠠᠬᠤ ᠶᠢ ᠳᠡᠮᠵᠢᠨ᠎ᠡ᠃      ᠪᠡᠷᠬᠡᠰᠢᠶᠡᠯᠲᠡᠢ ᠨᠠᠰᠤᠲᠠᠶᠢᠴᠤᠳ ᠢ ᠠᠰᠠᠷᠠᠨ ᠰᠤᠪᠢᠯᠠᠬᠤ ᠪᠠᠷ ᠭᠤᠣᠯᠳᠠᠯᠭ᠎ᠠ ᠪᠤᠯᠭᠠᠵᠦ᠂ ᠰᠤᠪᠢᠯᠠᠬᠤ ᠮᠠᠶ᠋ᠢᠭ ᠤᠨ ᠣᠷᠣ ᠶᠢᠨ ᠬᠠᠩᠭᠠᠯᠭ᠎ᠠ ᠶᠢ ᠨᠡᠮᠡᠭᠳᠡᠭᠦᠯᠦᠨ᠎ᠡ᠂ ᠰᠢᠨ᠎ᠡ ᠪᠠᠷ ᠪᠠᠶᠢᠭᠤᠯᠤᠭᠰᠠᠨ ᠨᠠᠰᠤᠵᠢᠯ ᠤᠨ ᠪᠠᠶᠢᠭᠤᠯᠤᠮᠵᠢ ᠶᠢᠨ ᠰᠤᠪᠢᠯᠠᠬᠤ ᠮᠠᠶ᠋ᠢᠭ ᠤᠨ ᠣᠷᠣ ᠶᠢᠨ ᠡᠵᠡᠯᠡᠬᠦ ᠬᠠᠷᠢᠴᠠᠯ ᠢ ᠵᠠᠷᠴᠢᠮ ᠳᠡᠭᠡᠷ᠎ᠡ ᠪᠠᠨ 80% ᠠᠴᠠ ᠳᠣᠣᠷ᠎ᠠ ᠪᠠᠶᠢᠯᠭᠠᠬᠤ ᠦᠭᠡᠢ᠃      10 ᠵᠢᠯ ᠣᠷᠴᠢᠮ ᠤᠨ ᠬᠤᠭᠤᠴᠠᠭ᠎ᠠ ᠶᠢ ᠬᠡᠷᠡᠭᠯᠡᠵᠦ᠂ ᠨᠥᠬᠦᠴᠡᠯ ᠲᠠᠢ ᠲᠣᠮᠣ ᠬᠤᠲᠠᠳ ᠤᠨ ᠰᠢᠭᠢᠳᠬᠡᠯ ᠮᠠᠶ᠋ᠢᠭ ᠵᠡᠷᠭᠡ ᠲᠦᠭᠡᠮᠡᠯ ᠬᠠᠷᠠᠭᠠᠯᠵᠠᠯᠲᠤ ᠨᠠᠶᠢᠳᠠᠨ ᠰᠠᠭᠠᠲᠠᠭᠤᠯᠬᠤ ᠶᠢ ᠠᠯᠬᠤᠮ ᠠᠯᠬᠤᠮ ᠢᠶᠠᠷ 80% ᠠᠴᠠ ᠳᠡᠭᠡᠭᠰᠢᠬᠢ ᠨᠡᠶᠢᠭᠡᠮ ᠲᠣᠭᠤᠷᠢᠭ ᠲᠤ ᠪᠦᠷᠬᠦᠭᠦᠯᠬᠦ ᠶᠢ ᠠᠬᠢᠭᠤᠯᠤᠨ᠎ᠠ᠃
 
ᠢᠷᠡᠯᠲᠡ᠄ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号