ᠬᠠᠷᠢᠶ᠎ᠠ ᠣᠷᠣᠨ ᠤ ᠪᠠᠨ ᠲᠤᠳᠤᠷᠡᠬᠢ ᠡᠮ ᠤᠨ ᠤᠷᠭᠤᠮᠠᠯ ᠤᠨ ᠡᠬᠢ ᠪᠠᠶᠠᠯᠢᠭ ᠢᠶᠠᠨ ᠦᠨᠡᠨᠬᠦ ᠬᠠᠮᠠᠭᠠᠯᠠᠵᠤ᠂ | ᠠᠮᠢ ᠠᠬᠤᠢ ᠶᠢᠨ ᠲᠡᠩᠴᠡᠭᠦᠷᠢ ᠶᠢ ᠪᠠᠳᠤᠯᠠᠬᠤ ᠶᠢᠨ ᠲᠤᠰᠠᠳᠠ᠂ ᠣᠶᠢᠷ᠎ᠠ ᠳᠤ᠂ ᠪᠠᠷᠠᠭᠤᠨ ᠦᠵᠦᠮᠦᠴᠢᠨ ᠬᠤᠰᠢᠭᠤᠨ | ᠤ ᠵᠢᠷ ᠤᠨ ᠭᠤᠤᠯ ᠪᠠᠯᠭᠠᠰᠣᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠩᠭᠢ ᠨᠢ | ᠬᠡᠭᠡᠷ᠎ᠡ ᠶᠢᠨ ᠡᠮ ᠤᠨ ᠣᠷᠭᠤᠮᠠᠯ ᠢ ᠬᠤᠯᠠᠭᠠᠶᠢᠯᠠᠨ ᠮᠠᠯᠲᠠᠵᠦ ᠪᠠᠶᠢᠭ᠎ᠠ ᠤᠶᠢᠯᠡ ᠠᠵᠢᠯᠯᠠᠭ᠎ᠠ ᠳᠤ ᠪᠦᠬᠦ ᠬᠦᠴᠦᠨ | ᠢᠶᠠᠷ ᠢᠶᠠᠨ ᠴᠣᠬᠢᠯᠲᠠ ᠥᠭᠬᠦ ᠠᠵᠢᠯᠯᠠᠭ᠎ᠠ ᠦᠷᠨᠢᠬᠦᠯᠦᠭᠰᠡᠨ ᠪᠠᠶᠢᠨ᠎ᠠ᠃ | ᠠᠵᠢᠯᠯᠠᠭᠠᠨ ᠤ ᠬᠤᠭᠤᠴᠠᠭᠠᠨ ᠳᠤ᠂ ᠪᠠᠯᠭᠠᠰᠣᠨ ᠤ ᠺᠠᠳᠡᠷ ᠠᠵᠢᠯᠳᠡᠨ ᠪᠤᠯᠤᠨ ᠶᠡᠷᠦᠩᠬᠡᠶᠢᠯᠡᠭᠰᠡᠨ ᠵᠠᠰᠠᠭ | ᠵᠠᠬᠢᠷᠭᠠᠨ ᠤ ᠬᠠᠤᠯᠢ ᠬᠡᠷᠡᠭᠵᠢᠬᠦᠯᠬᠦ ᠠᠩᠬᠢ ᠨᠢ ᠬᠡᠭᠡᠷ᠎ᠡ ᠶᠢᠨ ᠡᠮ ᠤᠨ ᠣᠷᠭᠤᠮᠠᠯ ᠤᠨ ᠲᠠᠷᠬᠠᠯᠲᠠ ᠶᠢᠨ ᠣᠷᠣᠨ ᠳᠤ | ᠭᠦᠨᠵᠡᠭᠡᠶᠢᠷᠡᠵᠦ᠂ ᠬᠤᠯᠠᠭᠠᠶᠢᠯᠠᠨ ᠮᠠᠯᠲᠠᠬᠤ ᠤᠶᠢᠯᠡ ᠠᠵᠢᠯᠯᠠᠭ᠎ᠠ ᠦᠷᠬᠦᠯᠵᠢ ᠭᠠᠷᠳᠠᠭ ᠭᠤᠣᠯᠳᠠᠯᠭ᠎ᠠ ᠲᠠᠢ ᠭᠠᠵᠡᠷ | ᠲᠤ ᠨᠡᠶᠢᠳᠡᠮ ᠤᠨ ᠪᠠᠶᠢᠴᠠᠭᠠᠯᠲᠠ ᠬᠢᠪᠡ᠃ ᠺᠠᠳ᠋ᠷ ᠠᠵᠢᠯᠳᠡᠨ ᠪᠤᠯᠤᠨ ᠬᠠᠤᠯᠢ ᠬᠡᠷᠡᠭᠵᠢᠭᠦᠯᠬᠦ ᠠᠵᠢᠯᠲᠠᠳ ᠡᠳᠤᠷ | ᠰᠦᠨᠢ ᠦᠬᠡᠢ ᠲᠠᠰᠤᠯᠳᠠᠯ ᠦᠭᠡᠢ ᠲᠣᠭᠤᠷᠢᠨ ᠪᠠᠶᠢᠴᠠᠭᠠᠬᠤ ᠠᠷᠭ᠎ᠠ ᠪᠠᠷ᠂ ᠬᠡᠭᠡᠷ᠎ᠡ ᠶᠢᠨ ᠡᠮ ᠤᠨ ᠣᠷᠭᠤᠮᠠᠯ ᠢ | ᠬᠤᠯᠠᠭᠠᠶᠢᠯᠠᠨ ᠮᠠᠯᠲᠠᠬᠤ᠂ ᠬᠤᠳᠠᠯᠳᠤᠨ ᠠᠪᠬᠤ ᠪᠠ ᠵᠥᠭᠡᠭᠡᠪᠦᠷᠢᠯᠡᠬᠦ ᠵᠡᠷᠭᠡ ᠬᠠᠤᠯᠢ ᠵᠥᠷᠢᠴᠡᠭᠰᠡᠨ ᠠᠵᠢᠯᠯᠠᠭ᠎ᠠ ᠳᠤ | ᠭᠤᠣᠯᠳᠠᠯᠭ᠎ᠠ ᠲᠠᠢ ᠴᠣᠬᠢᠯᠲᠠ ᠥᠭᠭᠦᠭᠰᠡᠨ ᠪᠠᠶᠢᠨ᠎ᠠ᠃ ᠡᠭᠦᠨ ᠤ ᠬᠠᠮᠲᠤ᠂ ᠬᠠᠤᠯᠢ ᠬᠡᠷᠡᠭᠵᠢᠭᠦᠯᠬᠦ ᠠᠵᠢᠯᠲᠠᠳ | ᠥᠷᠭᠡᠨ ᠤᠯᠠᠨ ᠮᠠᠯᠴᠢᠳ ᠲᠤ ᠬᠡᠭᠡᠷ᠎ᠡ ᠶᠢᠨ ᠡᠮ ᠤᠨ ᠣᠷᠭᠤᠮᠠᠯ ᠢ ᠬᠠᠶᠢᠷᠠᠯᠠᠵᠦ ᠬᠠᠮᠠᠭᠠᠯᠠᠬᠤ ᠶᠢᠨ ᠴᠢᠬᠤᠯᠠ | ᠴᠢᠨᠠᠷ ᠢ ᠲᠦᠭᠡᠮᠡᠯᠵᠢᠭᠦᠯᠤᠨ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠣᠬᠠᠭᠤᠯᠣᠨ ᠲᠠᠶᠢᠯᠪᠤᠷᠢᠯᠠᠬᠤ ᠵᠡᠷᠭᠡ | ᠬᠡᠯᠪᠡᠷᠢ ᠪᠠᠷ ᠮᠠᠯᠴᠢᠨ ᠲᠦᠮᠡᠨ ᠳᠤ ᠡᠮ ᠤᠨ ᠣᠷᠭᠤᠮᠠᠯ ᠤᠨ ᠤᠷᠭᠤᠯᠲᠠ ᠶᠢᠨ ᠣᠷᠴᠢᠨ ᠲᠣᠭᠤᠷᠢᠨ ᠬᠢᠬᠡᠳ | ᠬᠠᠮᠠᠭᠠᠯᠠᠯᠳᠠ ᠶᠢᠨ ᠠᠷᠭ᠎ᠠ ᠬᠡᠮᠵᠢᠶ᠎ᠡ ᠵᠡᠷᠬᠡ ᠶᠢ ᠨᠠᠷᠢᠯᠢᠭ ᠲᠠᠨᠢᠯᠴᠠᠭᠤᠯᠤᠨ ᠲᠠᠶᠢᠯᠪᠤᠷᠢᠯᠠᠵᠦ᠂ ᠲᠡᠳᠡᠨᠡᠷ ᠤᠨ | ᠬᠤᠯᠠᠭᠠᠶᠢᠯᠠᠨ ᠮᠠᠯᠲᠠᠬᠤ ᠠᠵᠢᠯᠯᠠᠭ᠎ᠠ ᠶᠢ ᠤᠬᠠᠮᠰᠠᠷ ᠠᠴᠠ ᠪᠠᠨ ᠡᠰᠡᠷᠭᠦᠴᠡᠨ ᠬᠤᠷᠢᠭᠯᠠᠬᠤ ᠶᠢ ᠬᠥᠲᠥᠯᠥᠨ | ᠵᠢᠯᠤᠭᠤᠳᠴᠤ᠂ ᠨᠤᠲᠤᠭ ᠪᠡᠯᠴᠢᠭᠡᠷ ᠤᠨ ᠠᠮᠢ ᠠᠬᠤᠢ ᠪᠠᠨ ᠬᠠᠮᠲᠤ ᠪᠠᠷ ᠬᠠᠮᠠᠭᠠᠯᠠᠬᠤ ᠶᠢ ᠤᠬᠠᠮᠰᠡᠷ ᠢ ᠤᠯᠠᠮ | ᠴᠢᠨᠠᠭᠰᠢᠳᠠ ᠲᠡᠭᠡᠭᠰᠢᠯᠡᠬᠦᠯᠵᠡᠢ᠃ | ᠲᠠᠷᠠᠭᠠᠴᠢ ᠶᠢᠨ ᠠᠯᠬᠤᠮ ᠳᠤ᠂ ᠵᠢᠷ ᠤᠨ ᠭᠤᠣᠯ ᠪᠠᠯᠭᠠᠰᠣᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠠᠩᠭᠢ ᠨᠢ ᠡᠮ ᠤᠨ ᠣᠷᠭᠤᠮᠠᠯ ᠬᠤᠯᠠᠭᠠᠶᠢᠯᠠᠨ ᠮᠠᠯᠲᠠᠭᠰᠠᠨ ᠬᠠᠤᠯᠢ ᠵᠥᠷᠢᠴᠡᠭᠰᠡᠨ ᠦᠶᠯᠡ | ᠠᠵᠢᠯᠯᠠᠭ᠎ᠠ ᠳᠤ ᠴᠣᠬᠢᠯᠲᠠ ᠥᠭᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠪᠠᠶᠢᠩᠭᠤ ᠶᠢᠨ ᠴᠢᠨᠠᠷᠲᠠᠢ | ᠴᠣᠬᠢᠯᠲᠠ ᠥᠭᠬᠦ ᠪᠠ ᠲᠥᠪᠯᠡᠷᠡᠬᠦᠯᠦᠨ ᠴᠤᠬᠢᠯᠳᠠ ᠦᠭᠬᠦ ᠠᠵᠢᠯᠯᠠᠭ᠎ᠠ ᠶᠢ ᠬᠠᠷᠢᠯᠴᠠᠨ ᠤᠶᠠᠯᠳᠤᠭᠤᠯᠵᠤ᠂ | ᠬᠡᠭᠡᠷ᠎ᠡ ᠶᠢᠨ ᠡᠮ ᠤᠨ ᠤᠷᠭᠤᠮᠠᠯ ᠤᠨ ᠡᠬᠢ ᠪᠠᠶᠠᠯᠢᠭ ᠢ ᠡᠪᠳᠡᠭᠰᠡᠨ ᠬᠠᠤᠯᠢ ᠵᠥᠷᠢᠴᠡᠭᠰᠡᠨ ᠶᠠᠯᠠᠲᠤ ᠠᠵᠢᠯᠯᠠᠭ᠎ᠠ ᠶᠢ | ᠡᠬᠢ ᠡᠭᠦᠰᠦᠯ ᠠᠴᠠ ᠨᠢ ᠡᠷᠡᠰ ᠬᠤᠷᠢᠭᠯᠠᠬᠤ ᠪᠠᠷ ᠪᠣᠢ᠃ |