ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2025 ᠣᠨ ᠤ ᠡᠩ ᠤᠨ ᠶᠡᠭᠡ ᠳᠡᠭᠡᠳᠦ ᠰᠤᠷᠭᠠᠭᠤᠯᠢ ᠳᠤ | ᠰᠣᠷᠣᠬᠴᠢ ᠡᠯᠰᠡᠬᠦ ᠤᠯᠤᠰ ᠤᠨ ᠨᠢᠭᠡᠳᠦᠯᠲᠡᠢ ᠰᠢᠯᠭᠠᠯᠲᠠ 6 ᠰᠠᠷ᠎ᠠ ᠶᠢᠨ 7 ᠠᠴᠠ 10 ᠤ ᠡᠳᠦᠷ ᠪᠤᠯᠲᠠᠯ᠎ᠠ ᠶᠠᠪᠤᠭᠳᠠᠨ᠎ᠠ᠃ | ᠡᠨᠡ ᠵᠢᠯ ᠮᠠᠨ ᠤ ᠠᠶᠢᠮᠠᠭ ᠤᠨ 9423 ᠰᠤᠷᠤᠬᠴᠢ ᠤᠯᠤᠰ ᠤᠨ ᠨᠢᠭᠡᠳᠦᠯᠲᠡᠢ ᠰᠢᠯᠭᠠᠯᠲᠠ ᠳᠤ ᠣᠷᠤᠯᠴᠠᠬᠤ ᠪᠠᠷ ᠨᠡᠷ᠎ᠡ | ᠮᠡᠳᠡᠭᠦᠯᠵᠦ᠂ ᠨᠡᠶᠢᠲᠡ 13 ᠰᠢᠯᠭᠠᠯᠲᠠ ᠶᠢᠨ ᠲᠣᠭᠤᠷᠢᠭ᠂ 15 ᠰᠢᠯᠭᠠᠯᠲᠠ ᠶᠢᠨ ᠴᠡᠭ᠂ 266 ᠪᠠᠷᠢᠮᠵᠢᠶᠠᠵᠢᠭᠰᠠᠨ | ᠰᠢᠯᠭᠠᠯᠲᠠ ᠶᠢᠨ ᠲᠠᠯᠠᠪᠠᠢ ᠲᠣᠬᠢᠷᠠᠭᠤᠯᠪᠠ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠨᠢᠭᠡᠳᠦᠯᠲᠡᠢ ᠰᠢᠯᠭᠠᠯᠲᠠ ᠶᠢᠨ | ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠨᠠᠶᠢᠳᠠᠪᠤᠷᠢᠵᠢᠭᠤᠯᠤᠭᠰᠠᠨ ᠠᠩᠬᠠᠨ ᠤ ᠰᠢᠯᠭᠠᠯᠲᠠ ᠶᠢᠨ ᠵᠢᠯ ᠪᠣᠯᠤᠭᠰᠠᠨ ᠤ | ᠬᠤᠪᠢ ᠳᠤ᠂ ᠣᠶᠢᠷ᠎ᠠ ᠶᠢᠨ ᠡᠳᠦᠷ᠂ ᠪᠦᠭᠦ ᠠᠶᠢᠮᠠᠭ ᠤᠨ ᠡᠯ᠎ᠡ ᠭᠠᠵᠠᠷ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ | ᠰᠢᠯᠭᠠᠭᠤᠯᠤᠭᠴᠢ ᠪᠠᠷ ᠦᠨᠳᠦᠰᠦ ᠪᠤᠯᠭᠠᠬᠤ ᠶᠢ ᠪᠠᠷᠢᠮᠲᠠᠯᠠᠵᠤ᠂ ᠨᠠᠷᠢᠨ ᠨᠢᠭᠲᠠ ᠪᠠᠶᠢᠷᠢᠯᠠᠭᠤᠯᠤᠨ᠂ ᠬᠢᠨᠠᠮᠠᠭᠠᠢ ᠵᠣᠬᠢᠶᠠᠨ | ᠪᠠᠶᠢᠭᠤᠯᠵᠤ᠂ ᠤᠯᠤᠰ ᠤᠨ ᠨᠢᠭᠡᠳᠦᠯᠲᠡᠢ ᠰᠢᠯᠭᠠᠯᠲᠠ ᠶᠢᠨ ᠬᠤᠭᠤᠴᠠᠭᠠᠨ ᠳᠠᠬᠢ ᠠᠮᠤᠷ ᠲᠦᠪᠰᠢᠨ ᠤ ᠬᠠᠮᠢᠶᠠᠷᠤᠯᠲᠠ᠂ ᠵᠠᠮ | ᠬᠠᠷᠢᠯᠴᠠᠭ᠎ᠠ᠂ ᠴᠠᠭᠢᠯᠭᠠᠨ ᠬᠦᠴᠦᠨ ᠤ ᠬᠠᠩᠭᠠᠯᠭ᠎ᠠ᠂ ᠲᠠᠭᠤ ᠱᠤᠤᠭᠢᠶᠠᠨ ᠤ ᠵᠠᠰᠠᠯᠲᠠ᠂ ᠡᠮᠴᠢᠯᠡᠭᠡᠨ ᠤ ᠦᠢᠯᠡᠴᠢᠯᠡᠭᠡ ᠵᠡᠷᠭᠡ | ᠪᠠᠲᠤᠯᠠᠭ᠎ᠠ ᠶᠢᠨ ᠠᠵᠢᠯ ᠢ ᠪᠦᠭᠦ ᠬᠦᠴᠦᠨ ᠢᠶᠠᠷ ᠰᠠᠶᠢᠲᠤᠷ ᠬᠢᠵᠦ᠂ ᠤᠯᠤᠰ ᠤᠨ ᠨᠢᠭᠡᠳᠦᠯᠲᠡᠢ ᠰᠢᠯᠭᠠᠯᠲᠠ ᠶᠢᠨ ᠲᠣᠭᠲᠠᠭᠤᠨ | ᠪᠥᠭᠡᠳ ᠤᠷᠤᠭᠰᠢᠲᠠᠢ ᠪᠠᠶᠢᠬᠤ ᠶᠢ ᠦᠨᠡᠨ ᠬᠦ ᠪᠠᠲᠤᠯᠠᠵᠤ᠂ ᠥᠴᠥᠬᠡᠨ ᠴᠦ ᠠᠯᠳᠠᠰᠢ ᠭᠠᠷᠭᠠᠬᠤ ᠦᠭᠡᠢ ᠪᠠᠶᠢᠬᠤ ᠶᠢ | ᠪᠠᠲᠤᠯᠠᠵᠤ ᠪᠠᠶᠢᠨ᠎ᠠ᠃ | ᠮᠡᠷᠭᠡᠵᠢᠯ ᠢᠶᠠᠷ ᠰᠡᠷᠭᠡᠶᠢᠯᠡᠨ ᠡᠵᠡᠮᠳᠡᠬᠦ ᠠᠷᠭ᠎ᠠ ᠪᠠᠷᠢᠯ ᠢ ᠲᠡᠰ ᠳᠡᠪᠰᠢᠭᠦᠯᠪᠡ᠃ ᠵᠢᠰᠦ ᠶᠢ ᠢᠯᠭᠠᠨ ᠲᠠᠨᠢᠬᠤ ᠵᠡᠷᠭᠡ | ᠮᠡᠷᠭᠡᠵᠢᠯ ᠢ ᠰᠢᠯᠭᠠᠯᠲᠠ ᠳᠤ ᠨᠡᠷ᠎ᠡ ᠮᠡᠳᠡᠭᠦᠯᠬᠦ ᠪᠠ ᠰᠢᠯᠭᠠᠯᠲᠠ ᠶᠢᠨ ᠲᠠᠯᠠᠪᠠᠶ ᠳᠤ ᠣᠷᠣᠬᠤ ᠵᠡᠷᠭᠡ ᠭᠤᠭᠴᠣᠭᠠᠨ ᠳᠤ | ᠬᠡᠷᠡᠭᠵᠢᠭᠦᠯᠵᠦ᠂ ᠣᠷᠣᠯᠠᠨ ᠰᠢᠯᠭᠠᠬᠤ ᠦᠵᠡᠭᠳᠡᠯ ᠡᠭᠦᠰᠬᠦ ᠶᠢ ᠴᠢᠩᠭ᠎ᠠ ᠬᠤᠷᠢᠭᠯᠠᠨ᠎ᠠ᠃ ᠰᠢᠯᠭᠠᠯᠲᠠ ᠶᠢᠨ ᠴᠡᠭ ᠲᠤ ᠭᠠᠷ | ᠤᠲᠠᠰᠤᠨ ᠤ ᠳᠣᠬᠢᠶ᠎ᠠ ︵5G︶ ᠶᠢ ᠬᠠᠯᠬᠠᠯᠠᠬᠤ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠶᠢᠨ ᠬᠠᠮᠲᠤ ᠬᠤᠶᠠᠷ ᠤᠳᠠᠭᠠᠨ ᠤ | ᠬᠠᠶᠢᠭᠤᠯ ᠬᠡᠮᠵᠢᠭᠦᠷᠯᠢᠭ ᠤᠨ ᠪᠠᠶᠢᠴᠠᠭᠠᠯᠲᠠ ᠪᠠ ᠨᠢᠭᠡ ᠤᠳᠠᠭᠠᠨ ᠤ ᠣᠶᠤᠨᠲᠤ ᠠᠶᠤᠯᠭᠦᠢ ᠶᠢᠨ ᠪᠠᠶᠢᠴᠠᠭᠠᠯᠲᠠ ᠬᠢᠵᠦ᠂ | ᠰᠢᠯᠭᠠᠭᠤᠯᠤᠭᠴᠢ ᠶᠢᠨ ᠡᠯ᠎ᠡ ᠲᠥᠷᠥᠯ ᠤᠨ ᠳᠡᠭᠡᠳᠦ ᠰᠢᠨᠵᠢᠯᠡᠬᠦ ᠮᠡᠷᠭᠡᠵᠢᠯ ᠤᠨ ᠭᠡᠮ ᠬᠢᠬᠦ ᠲᠥᠬᠦᠭᠡᠷᠦᠮᠵᠢ ᠶᠢ ᠰᠢᠯᠭᠠᠯᠲᠠ | ᠶᠢᠨ ᠲᠠᠯᠠᠪᠠᠢ ᠳᠤ ᠠᠪᠴᠤ ᠣᠷᠣᠬᠤ ᠶᠢ ᠬᠤᠷᠢᠭᠯᠠᠨ᠎ᠠ᠃ ᠰᠢᠯᠭᠠᠯᠲᠠ ᠶᠢᠨ ᠲᠠᠯᠠᠪᠠᠢ ᠳᠤ ᠲᠣᠬᠢᠷᠠᠭᠤᠯᠤᠭᠰᠠᠨ ᠬᠢᠨᠠᠨ ᠡᠵᠡᠮᠳᠡᠬᠦ | ᠰᠢᠰᠲ᠋ᠧᠮ ᠨᠢ ᠴᠠᠭ ᠲᠤᠬᠠᠢ ᠳᠤᠨᠢ ᠬᠢᠨᠠᠨ ᠡᠵᠡᠮᠳᠡᠨ ᠪᠠᠶᠢᠴᠠᠭᠠᠨ ᠦᠵᠡᠵᠦ᠂ ᠭᠠᠳᠠᠨᠠᠬᠢ ᠣᠷᠣᠨ ᠪᠦᠰᠡ ᠳᠤ ᠷᠠᠳᠢᠣ᠋ ᠬᠢᠨᠠᠨ | ᠬᠡᠮᠵᠢᠬᠦ ᠲᠡᠷᠭᠡ ᠪᠠᠶᠢᠷᠢᠯᠠᠭᠤᠯᠤᠨ ᠲᠣᠭᠤᠷᠢᠨ ᠴᠠᠭᠳᠠᠵᠤ᠂ ᠭᠡᠮ ᠬᠢᠬᠦ ᠦᠢᠯᠡ ᠠᠵᠢᠯᠯᠠᠭ᠎ᠠ ᠡᠭᠦᠰᠬᠦ ᠶᠢ ᠪᠦᠲᠦᠮᠵᠢᠲᠡᠶ | ᠰᠡᠷᠭᠡᠶᠢᠯᠡᠨ ᠬᠤᠷᠢᠭᠯᠠᠨ᠎ᠠ᠃ | ᠲᠤᠨᠤᠭ ᠲᠥᠬᠦᠭᠡᠷᠦᠮᠵᠢ ᠶᠢᠨ ᠪᠠᠲᠤᠯᠠᠭ᠎ᠠ ᠶᠢ ᠪᠦᠷᠢᠨ ᠭᠦᠢᠴᠡᠳ ᠪᠣᠯᠭᠠᠪᠠ᠃ ᠪᠦᠭᠦ ᠠᠶᠢᠮᠠᠭ ᠤᠨ ᠰᠢᠯᠭᠠᠯᠲᠠ ᠶᠢᠨ | ᠬᠠᠭᠤᠳᠠᠰᠤ ᠶᠢ ᠲᠡᠭᠡᠭᠡᠪᠦᠷᠢᠯᠡᠨ ᠬᠦᠷᠭᠡᠬᠦ 13 ᠲᠡᠷᠭᠡ ᠪᠠ ᠡᠯ᠎ᠡ ᠲᠦᠷᠦᠯ ᠤᠨ ᠲᠥᠬᠦᠭᠡᠷᠦᠮᠵᠢ ᠬᠡᠪ ᠤᠨ ᠶᠣᠰᠣᠭᠠᠷ | ᠠᠵᠢᠯᠯᠠᠵᠤ᠂ ᠴᠥᠮ ᠤᠯᠤᠰ ᠪᠠ ᠥᠪᠡᠷᠲᠡᠭᠡᠨ ᠵᠠᠰᠠᠬᠤ ᠣᠷᠣᠨ ᠤ ᠪᠠᠷᠢᠮᠵᠢᠶ᠎ᠠ ᠳᠤ ᠭᠦᠷᠪᠡ; ᠪᠦᠭᠦ ᠠᠶᠢᠮᠠᠭ ᠤᠨ ᠰᠢᠯᠭᠠᠯᠲᠠ | ᠶᠢᠨ ᠬᠠᠭᠤᠳᠠᠰᠤ ᠶᠢᠨ 13 ᠨᠢᠭᠤᠴᠠ ᠶᠢ ᠬᠠᠮᠠᠭᠠᠯᠠᠬᠤ ᠲᠠᠰᠤᠭ ᠪᠠ ᠡᠯ᠎ᠡ ᠪᠠᠷᠢᠮᠵᠢᠶᠠᠵᠢᠭᠰᠠᠨ ᠰᠢᠯᠭᠠᠯᠲᠠ ᠶᠢᠨ ᠲᠠᠯᠠᠪᠠᠢ | ᠶᠢᠨ ᠬᠠᠮᠢᠶ᠎ᠠ ᠪᠦᠬᠦᠢ ᠲᠥᠬᠦᠭᠡᠷᠦᠮᠵᠢ ᠶᠢ ᠨᠢᠭᠡᠨᠲᠡ ᠠᠶᠢᠮᠠᠭ᠂ ᠥᠪᠡᠷᠲᠡᠭᠡᠨ ᠵᠠᠰᠠᠬᠤ ᠣᠷᠣᠨ᠂ ᠰᠤᠷᠭᠠᠨ ᠬᠥᠮᠦᠵᠢᠯ ᠤᠨ | ᠶᠠᠮᠤᠨ ᠳᠥᠷᠪᠡᠨ ᠱᠠᠲᠤ ᠲᠠᠢ ᠰᠦᠯᠵᠢᠶ᠎ᠡ ᠬᠤᠯᠪᠣᠵᠤ᠂ ᠴᠠᠭ ᠲᠤᠬᠠᠢ ᠳᠤᠨᠢ ᠬᠢᠨᠠᠨ ᠡᠵᠡᠮᠳᠡᠵᠦ ᠪᠣᠯᠣᠨ᠎ᠠ᠃ | ᠰᠢᠯᠭᠠᠯᠲᠠ ᠶᠢᠨ ᠬᠠᠭᠤᠳᠠᠰᠤ ᠶᠢᠨ ᠠᠮᠤᠷ ᠲᠦᠪᠰᠢᠨ ᠢ ᠪᠦᠭᠦ ᠬᠦᠴᠦᠨ ᠢᠶᠠᠷ ᠪᠠᠲᠤᠯᠠᠨ᠎ᠠ᠃ ᠰᠢᠯᠭᠠᠯᠲᠠ ᠶᠢᠨ | ᠬᠠᠭᠤᠳᠠᠰᠤ ᠠᠪᠬᠤ᠂ ᠲᠡᠭᠡᠭᠡᠪᠦᠷᠢᠯᠡᠨ ᠬᠦᠷᠭᠡᠬᠦ᠂ ᠬᠠᠳᠠᠭᠠᠯᠠᠨ ᠬᠠᠮᠢᠶᠠᠷᠬᠤ᠂ ᠬᠡᠷᠡᠭᠯᠡᠬᠦ ᠬᠤᠯᠪᠣᠭᠳᠠᠯ ᠪᠦᠬᠦᠢ ᠲᠣᠭᠲᠠᠭᠠᠯ ᠢ | ᠴᠢᠩᠭ᠎ᠠ ᠬᠡᠷᠡᠭᠵᠢᠭᠦᠯᠵᠦ᠂ ᠡᠯ᠎ᠡ ᠰᠢᠯᠭᠠᠯᠲᠠ ᠶᠢᠨ ᠲᠣᠭᠤᠷᠢᠭ ᠤᠨ ᠰᠢᠯᠭᠠᠯᠲᠠ ᠶᠢᠨ ᠬᠠᠭᠤᠳᠠᠰᠤ ᠶᠢᠨ ᠨᠢᠭᠤᠴᠠ ᠶᠢ | ᠬᠠᠮᠠᠭᠠᠯᠠᠬᠤ ᠲᠠᠰᠤᠭ ᠲᠤ 24 ᠴᠠᠭ ᠢᠶᠠᠷ ᠵᠢᠵᠢᠭᠦᠷᠯᠡᠨ ᠰᠠᠬᠢᠨ᠎ᠠ᠃ ᠰᠢᠯᠭᠠᠯᠲᠠ ᠶᠢᠨ ᠬᠠᠭᠤᠳᠠᠰᠤ ᠶᠢ ᠬᠠᠳᠠᠭᠠᠯᠠᠬᠤ | ᠬᠤᠭᠤᠴᠠᠭᠠᠨ ᠳᠤ᠂ ᠰᠢᠯᠭᠠᠯᠲᠠ ᠶᠢᠨ ᠬᠠᠭᠤᠳᠠᠰᠤ ᠶᠢ ᠬᠠᠳᠠᠭᠠᠯᠠᠨ ᠬᠠᠮᠢᠶᠠᠷᠬᠤ᠂ ᠲᠡᠭᠡᠭᠡᠪᠦᠷᠢᠯᠡᠨ ᠬᠦᠷᠭᠡᠬᠦ᠂ ᠬᠡᠷᠡᠭᠯᠡᠬᠦ ᠡᠯ᠎ᠡ | ᠭᠤᠭᠴᠤᠭ᠎ᠠ ᠶᠢ ᠪᠦᠭᠦ ᠲᠠᠯ᠎ᠠ ᠪᠠᠷ ᠬᠢᠨᠠᠨ ᠡᠵᠡᠮᠳᠡᠵᠦ᠂ ᠰᠢᠯᠭᠠᠯᠲᠠ ᠶᠢᠨ ᠬᠠᠭᠤᠳᠠᠰᠤ ᠶᠢᠨ ᠤᠳᠠᠭ᠎ᠠ ᠪᠦᠷᠢ ᠶᠢᠨ ᠳᠠᠮᠵᠢᠯᠲᠠ | ᠶᠢᠨ ᠭᠠᠷᠳᠠᠮ ᠨᠢ ᠪᠦᠷᠢᠨ ᠭᠦᠢᠴᠡᠳ᠂ ᠪᠠᠶᠢᠴᠠᠭᠠᠬᠤ ᠪᠠᠷᠢᠮᠲᠠ ᠲᠠᠢ ᠪᠠᠶᠢᠬᠤ ᠶᠢ ᠱᠠᠭᠠᠷᠳᠠᠨ᠎ᠠ᠃ ᠬᠥᠮᠥᠨ ᠤ ᠬᠦᠴᠦ᠂ ᠡᠳ᠋ | ᠪᠣᠳᠠᠰ᠂ ᠮᠡᠷᠭᠡᠵᠢᠯ ᠤᠨ ᠰᠡᠷᠭᠡᠶᠢᠯᠡᠯᠲᠡ ᠶᠢ ᠨᠢᠭᠡ ᠴᠣᠭᠴᠠᠵᠢᠭᠤᠯᠬᠤ ᠪᠠᠷ ᠳᠠᠮᠵᠢᠭᠤᠯᠤᠨ᠂ ᠰᠢᠯᠭᠠᠯᠲᠠ ᠶᠢᠨ ᠬᠠᠭᠤᠳᠠᠰᠤ | ᠥᠴᠥᠬᠡᠨ ᠴᠦ ᠠᠯᠳᠠᠰᠢ ᠦᠭᠡᠢ ᠪᠠᠶᠢᠬᠤ ᠶᠢ ᠦᠨᠡᠨ ᠬᠦ ᠪᠠᠲᠤᠯᠠᠨ᠎ᠠ᠃ ᠣᠯᠠᠨ ᠰᠠᠯᠠᠭ᠎ᠠ ᠮᠥᠴᠢᠷ ᠵᠣᠬᠢᠴᠠᠭᠤᠯᠤᠨ | ᠬᠤᠯᠪᠤᠭᠠᠯᠠᠨ ᠬᠥᠳᠡᠯᠦᠯᠴᠡᠵᠦ ᠤᠯᠤᠰ ᠤᠨ ᠨᠢᠭᠡᠳᠦᠯᠲᠡᠢ ᠰᠢᠯᠭᠠᠯᠲᠠ ᠳᠤ ᠪᠠᠲᠤᠯᠠᠭ᠎ᠠ ᠬᠠᠩᠭᠠᠨ᠎ᠠ᠃ ᠠᠶᠢᠮᠠᠭ ᠤᠨ ᠰᠤᠷᠭᠠᠨ | ᠬᠥᠮᠦᠵᠢᠯ ᠤᠨ ᠲᠣᠪᠴᠢᠶ᠎ᠠ ᠨᠢ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ᠂ ᠤᠬᠠᠭᠤᠯᠬᠤ ᠬᠡᠯᠲᠡᠰ᠂ ᠢᠨᠲ᠋ᠧᠷ | ᠰᠦᠯᠵᠢᠶᠡᠨ ᠤ ᠮᠡᠳᠡᠭᠡ ᠵᠠᠩᠭᠢ᠂ ᠳᠣᠲᠣᠭᠠᠳᠤ ᠶᠢ ᠬᠠᠮᠠᠭᠠᠯᠠᠬᠤ᠂ ᠨᠢᠭᠤᠴᠠ ᠶᠢ ᠬᠠᠮᠠᠭᠠᠯᠠᠬᠤ᠂ ᠷᠠᠳᠢᠣ᠋ ᠶᠢᠨ ᠬᠠᠮᠢᠶᠠᠷᠤᠯᠲᠠ᠂ | ᠴᠠᠭᠢᠯᠭᠠᠨ ᠬᠠᠩᠭᠠᠬᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠡᠷᠡᠭᠦᠯ ᠬᠠᠮᠠᠭᠠᠯᠠᠯ | ᠡᠷᠡᠭᠦᠯ ᠮᠡᠨᠳᠦ᠂ ᠴᠠᠭ ᠠᠭᠤᠷ ᠵᠡᠷᠭᠡ ᠰᠠᠯᠠᠭ᠎ᠠ ᠮᠥᠴᠢᠷ ᠯᠦᠭᠡ ᠨᠢᠭᠲᠠ ᠬᠠᠮᠵᠢᠯᠴᠠᠵᠤ᠂ ᠰᠢᠯᠭᠠᠯᠲᠠ ᠶᠢᠨ ᠠᠵᠢᠯ ᠢ ᠵᠣᠬᠢᠶᠠᠨ | ᠪᠠᠶᠢᠭᠤᠯᠤᠨ ᠬᠡᠷᠡᠭᠵᠢᠭᠦᠯᠬᠦ ᠪᠠ ᠬᠠᠮᠢᠶᠠᠷᠬᠤ ᠪᠠᠨ ᠴᠢᠩᠭᠠᠳᠬᠠᠨ᠎ᠠ᠃ | ᠡᠭᠦᠨ ᠤ ᠬᠠᠮᠲᠤ᠂ ᠡᠯ᠎ᠡ ᠭᠠᠵᠠᠷ ᠡᠯ᠎ᠡ ᠰᠤᠷᠭᠠᠭᠤᠯᠢ ᠵᠤᠨ ᠤ ᠤᠯᠠᠷᠢᠯ ᠤᠨ ᠣᠨᠴᠠᠭᠠᠶ ᠴᠠᠭ ᠠᠭᠤᠷ ᠪᠣᠯᠣᠨ | ᠭᠡᠨᠡᠳᠲᠡ ᠡᠭᠦᠰᠬᠦ ᠣᠯᠠᠨ ᠨᠡᠶᠢᠲᠡ ᠶᠢᠨ ᠬᠡᠷᠡᠭ ᠲᠤ ᠴᠢᠭᠯᠡᠭᠦᠯᠦᠨ᠂ ᠪᠠᠴᠢᠮ ᠪᠠᠶᠢᠳᠠᠯ ᠢ ᠠᠷᠭᠠᠴᠠᠭᠠᠬᠤ ᠲᠥᠰᠥᠯ ᠢ | ᠲᠡᠭᠦᠯᠳᠡᠷᠵᠢᠭᠦᠯᠦᠨ᠂ ᠪᠠᠴᠢᠮ ᠪᠠᠶᠢᠳᠠᠯ ᠢ ᠠᠷᠭᠠᠴᠠᠭᠠᠬᠤ ᠪᠠ ᠲᠦᠷᠭᠡᠨ ᠰᠢᠢᠳᠪᠦᠷᠢᠯᠡᠬᠦ ᠴᠢᠳᠠᠪᠤᠷᠢ ᠪᠠᠨ ᠳᠡᠭᠡᠭᠰᠢᠯᠡᠭᠦᠯᠵᠦ᠂ | ᠤᠯᠤᠰ ᠤᠨ ᠨᠢᠭᠡᠳᠦᠯᠲᠡᠢ ᠰᠢᠯᠭᠠᠯᠲᠠ ᠶᠢᠨ ᠵᠣᠬᠢᠶᠠᠨ ᠪᠠᠶᠢᠭᠤᠯᠤᠯᠲᠠ ᠢᠢᠨ ᠠᠮᠤᠷ ᠲᠦᠪᠰᠢᠨ᠂ ᠲᠣᠭᠲᠠᠭᠤᠨ ᠪᠥᠭᠡᠳ ᠡᠮᠬᠢ | ᠵᠢᠷᠤᠮ ᠲᠠᠢ ᠪᠠᠶᠢᠬᠤ ᠶᠢ ᠪᠦᠭᠦ ᠬᠦᠴᠦᠨ ᠢᠶᠠᠷ ᠪᠠᠲᠤᠯᠠᠨ᠎ᠠ᠃ |