ᠮᠠᠨ ᠤ ᠠᠶᠢᠮᠠᠭ ᠠᠵᠤ ᠠᠬᠤᠶᠢᠯᠠᠯ ᠢ ᠲᠤᠰᠠᠯᠠᠵᠤ ᠠᠵᠤ ᠠᠬᠤᠶᠢᠯᠠᠯ ᠳᠤ ᠠᠰᠢᠭ ᠬᠦᠷᠲᠡᠭᠡᠬᠦ ᠠᠵᠢᠯ ᠢ ᠰᠠᠶᠢᠲᠤᠷ ᠬᠢᠪᠡ
ᠨᠡᠶᠢᠲᠡᠯᠡᠭᠰᠡᠨ ᠴᠠᠭ᠄
2025/6/12
   ᠡᠨᠡ ᠵᠢᠯ ᠠᠴᠠ ᠨᠠᠭᠠᠰᠢ᠂ ᠮᠠᠨ ᠤ ᠠᠶᠢᠮᠠᠭ ᠤᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠡᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠢᠳᠡᠪᠬᠢᠲᠡᠢ ᠠᠵᠢᠯᠯᠠᠨ᠂ ᠠᠵᠤ ᠠᠬᠤᠶᠢᠯᠠᠯ ᠢ ᠲᠤᠰᠠᠯᠠᠬᠤ ᠠᠯᠢ ᠤᠯᠠᠨ   ᠠᠷᠭ᠎ᠠ ᠬᠡᠮᠵᠢᠶ᠎ᠡ ᠭᠠᠷᠭᠠᠨ᠂ ᠪᠦᠭᠦ ᠠᠶᠢᠮᠠᠭ ᠤᠨ ᠬᠡᠪᠴᠢᠶᠡᠨ ᠳᠤ ᠠᠵᠤ ᠠᠬᠤᠶᠢᠯᠠᠯ ᠳᠤ ᠦᠢᠯᠡᠴᠢᠯᠡᠬᠦ᠂ ᠬᠥᠭᠵᠢᠯᠲᠡ ᠶᠢ ᠠᠬᠢᠭᠤᠯᠬᠤ ᠬᠠᠯᠠᠭᠤᠨ ᠥᠷᠨᠢᠯᠲᠡ ᠭᠠᠷᠭᠠᠵᠤ᠂ ᠪᠦᠭᠦ ᠵᠢᠯ ᠤᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠪᠠᠲᠤ ᠪᠠᠬᠢ ᠰᠠᠭᠤᠷᠢ ᠶᠢ ᠲᠠᠯᠪᠢᠪᠠ᠃      ᠲᠠᠩ ᠾᠧ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ︵ᠥᠪᠥᠷ ᠮᠣᠩᠭᠤᠯ︶ ᠣᠨ ᠬᠤᠪᠢ ᠣᠷᠣᠭᠤᠯᠤᠭᠰᠠᠨ ᠬᠢᠵᠠᠭᠠᠷᠲᠤ ᠺᠤᠮᠫᠠᠨᠢ ᠶᠢᠨ ᠦᠢᠯᠡᠳᠪᠦᠷᠢᠯᠡᠯ ᠤᠨ ᠲᠠᠰᠤᠭ ᠲᠤ᠂ ᠠᠵᠢᠯᠲᠠᠳ ᠠᠯᠮᠠᠰ ᠢ ᠵᠢᠷᠭᠤᠭᠠᠨ ᠲᠠᠯᠠᠲᠤ ᠰᠢᠬᠠᠭᠤᠷ ᠮᠠᠰᠢᠨ ᠢᠶᠠᠷ ᠡᠳ᠋ᠰᠢᠭᠦᠯᠦᠨ ᠶᠠᠭᠠᠷᠠᠯᠳᠤᠨ᠎ᠠ᠂ ᠲᠤᠰ ᠰᠢᠬᠠᠭᠤᠷ ᠮᠠᠰᠢᠨ ᠢ ᠠᠵᠤ ᠠᠬᠤᠶᠢᠯᠠᠯ ᠪᠡᠶ᠎ᠡ ᠪᠠᠨ ᠳᠠᠭᠠᠭᠠᠵᠤ ᠰᠤᠳᠤᠯᠤᠨ ᠦᠢᠯᠡᠳᠴᠡᠢ᠃ ᠲᠠᠩ ᠾᠧ ᠰᠢᠨᠵᠢᠯᠡᠬᠦ ᠤᠬᠠᠭᠠᠨ   ᠲᠸᠭᠨᠢᠭ ᠮᠡᠷᠭᠡᠵᠢᠯ ᠣᠳᠣᠬᠠᠨ ᠳᠤ 24 ᠵᠦᠢᠯ ᠤᠨ ᠬᠤᠯᠪᠣᠭᠳᠠᠯ ᠪᠦᠬᠦᠢ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠪᠠ ᠲᠤᠰᠬᠠᠢ ᠠᠰᠢᠭ ᠤᠨ ᠡᠷᠬᠡ ᠶᠢ ᠡᠵᠡᠮᠰᠢᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠲᠤᠰᠬᠠᠢ ᠨᠠᠷᠢᠯᠢᠭ ᠣᠨᠴᠠ ᠰᠢᠨ᠎ᠡ︾ ᠳᠤᠮᠳᠠ ᠵᠢᠵᠢᠭ ᠠᠵᠤ ᠠᠬᠤᠶᠢᠯᠠᠯ  ᠢᠶᠠᠷ ᠦᠨᠡᠯᠡᠭᠳᠡᠪᠡ᠃      ᠡᠨᠡ ᠵᠢᠯ ᠤᠨ ᠡᠬᠢᠨ ᠳᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠪᠦᠭᠦ ᠠᠶᠢᠮᠠᠭ ᠤᠨ ᠡᠨᠧᠷᠭᠢ ᠶᠢᠨ ᠪᠤᠰᠤ 135 ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠦᠢᠯᠡᠳᠪᠦᠷᠢᠯᠡᠯ ᠤᠨ ᠨᠢᠭᠡᠳᠦᠭᠡᠷ ᠹᠷᠣᠨᠲ ᠲᠤ ᠭᠦᠨᠵᠡᠭᠡᠶᠢᠷᠡᠵᠦ᠂ ᠡᠷᠦᠭᠡ ᠳᠠᠷᠠᠭᠠᠯᠠᠨ ᠠᠵᠢᠯ ᠢᠶᠠᠨ ᠰᠡᠷᠭᠦᠭᠡᠨ ᠦᠢᠯᠡᠳᠪᠦᠷᠢᠯᠡᠯ ᠢᠶᠠᠨ ᠰᠡᠷᠭᠦᠭᠡᠬᠦ᠂ ᠲᠦᠭᠦᠬᠡᠢ ᠮᠠᠲ᠋ᠧᠷᠢᠶᠠᠯ ᠤᠨ ᠪᠠᠲᠤᠯᠠᠭ᠎ᠠ᠂ ᠦᠢᠯᠡᠳᠪᠦᠷᠢᠯᠡᠯ ᠤᠨ ᠲᠥᠯᠥᠪᠯᠡᠭᠡ᠂ ᠦᠢᠯᠡᠳᠪᠦᠷᠢᠯᠡᠯ ᠪᠣᠷᠤᠯᠠᠭᠤᠯᠭ᠎ᠠ ᠶᠢ ᠵᠣᠯᠭᠠᠭᠤᠯᠬᠤ ᠵᠡᠷᠭᠡ ᠪᠠᠶᠢᠳᠠᠯ ᠢ ᠣᠶᠢᠯᠠᠭᠠᠵᠤ᠂ ᠣᠯᠣᠯᠴᠠᠭ᠎ᠠ ᠵᠣᠬᠢᠴᠠᠭᠤᠯᠭ᠎ᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠠᠰᠠᠭᠤᠳᠠᠯ ᠢ ᠢᠯᠡᠷᠡᠭᠦᠯᠬᠦ ᠪᠠ ᠰᠢᠢᠳᠪᠦᠷᠢᠯᠡᠬᠦ ᠬᠤᠭᠤᠴᠠᠭᠠᠲᠤ ᠴᠢᠨᠠᠷ ᠢ ᠦᠨᠡᠨ ᠬᠦ ᠳᠡᠭᠡᠭᠰᠢᠯᠡᠭᠦᠯᠦᠨ᠂ ᠠᠵᠤ ᠠᠬᠤᠶᠢᠯᠠᠯ ᠢ ᠬᠠᠪᠰᠤᠷᠤᠨ ᠲᠦᠭᠵᠢᠷᠡᠯ ᠤᠨ ᠠᠰᠠᠭᠤᠳᠠᠯ ᠢ ᠰᠢᠢᠳᠪᠦᠷᠢᠯᠡᠵᠦ᠂ ᠠᠵᠤ ᠠᠬᠤᠶᠢᠯᠠᠯ ᠤᠨ ᠬᠥᠭᠵᠢᠯᠲᠡ ᠶᠢ ᠪᠦᠭᠦ ᠬᠦᠴᠦᠨ ᠢᠶᠠᠷ ᠠᠬᠢᠭᠤᠯᠵᠠᠢ᠃      ᠠᠵᠤ ᠠᠬᠤᠶᠢᠯᠠᠯ ᠤᠨ ᠪᠡᠯᠡ ᠮᠥᠩᠭᠦᠨ ᠤ ᠳᠠᠷᠤᠯᠲᠠ ᠶᠢ ᠬᠥᠩᠭᠡᠷᠡᠭᠦᠯᠬᠦ ᠶᠢᠨ ᠲᠥᠯᠥᠭᠡ᠂ ᠠᠶᠢᠮᠠᠭ ᠤᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠠᠴᠠ ᠣᠳᠣᠬᠠᠨ ᠳᠤ ᠶᠠᠭ ᠠᠵᠤ ᠠᠬᠤᠶᠢᠯᠠᠯ ᠢ ᠵᠣᠬᠢᠶᠠᠨ ᠪᠠᠶᠢᠭᠤᠯᠵᠤ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠠᠵᠤ ᠦᠢᠯᠡᠰ ᠤᠨ ᠬᠥᠭᠵᠢᠯᠲᠡ ᠶᠢᠨ ᠲᠤᠰᠬᠠᠢ ᠪᠡᠯᠡ ᠮᠥᠩᠭᠦ ᠶᠢ ᠣᠯᠬᠤ ᠪᠠᠷ ᠬᠦᠴᠦᠯᠡᠵᠦ᠂ ︽ᠲᠤᠰᠬᠠᠢ ᠨᠠᠷᠢᠯᠢᠭ ᠣᠨᠴᠠ ᠰᠢᠨ᠎ᠡ︾᠂ ᠲᠣᠭᠠᠴᠢᠯᠠᠭᠰᠠᠨ ᠪᠣᠬᠢᠷᠳᠤᠯ ᠦᠭᠡᠢ ᠲᠡᠶᠢᠰᠢ ᠭᠡᠯᠪᠡᠷᠢ ᠶᠢ ᠬᠤᠪᠢᠷᠠᠭᠤᠯᠬᠤ ᠵᠡᠷᠭᠡ ᠲᠥᠷᠥᠯ ᠭᠡᠯᠪᠡᠷᠢ ᠶᠢᠨ ᠠᠵᠤ ᠠᠬᠤᠶᠢᠯᠠᠯ ᠢ ᠱᠠᠩᠨᠠᠬᠤ ᠪᠠᠷ ᠪᠤᠢ᠃ ︽ᠪᠠᠲᠤᠯᠠᠭᠠᠲᠤ ᠵᠢᠭᠡᠯᠡᠯᠭᠡ︾ ᠪᠡᠯᠡ ᠬᠤᠷᠠᠮᠳᠤᠭᠤᠯᠭ᠎ᠠ ᠶᠢᠨ ᠦᠢᠯᠡᠴᠢᠯᠡᠭᠡᠨ ᠤ ᠠᠵᠢᠯ ᠢ ᠢᠳᠡᠪᠬᠢᠲᠡᠢ ᠠᠬᠢᠭᠤᠯᠵᠤ᠂ ᠣᠳᠣᠬᠠᠨ ᠳᠤ ᠣᠯᠠᠨ ᠬᠤᠷᠰᠢᠭᠰᠠᠨ ᠪᠠᠩᠬᠢ ᠲᠠᠢ 2025 ᠣᠨ ᠤ ︽ᠪᠠᠲᠤᠯᠠᠭᠠᠲᠤ ᠵᠢᠭᠡᠯᠡᠯᠭᠡ︾ ᠪᠡᠯᠡ ᠬᠤᠷᠠᠮᠳᠤᠭᠤᠯᠭ᠎ᠠ ᠶᠢᠨ ᠦᠢᠯᠡᠴᠢᠯᠡᠭᠡᠨ ᠤ ᠠᠵᠢᠯ ᠢ ᠵᠥᠪᠳᠡᠯᠴᠡᠨ ᠠᠬᠢᠭᠤᠯᠵᠤ᠂ ᠣᠷᠳᠣᠰ ᠪᠠᠩᠬᠢ ᠲᠠᠢ ᠬᠠᠮᠲᠤᠷᠠᠯᠴᠠᠭᠠᠨ ᠤ ᠵᠥᠪᠯᠡᠯᠴᠡᠭᠡᠷ ᠲᠣᠭᠲᠠᠨ᠂ ᠡᠨᠡ ᠵᠢᠯ ᠳ᠋ᠦᠩᠰᠢᠭᠤᠷ ᠲᠥᠭᠦᠷᠢᠭ ᠠᠴᠠ ᠳᠡᠭᠡᠭᠰᠢ ︽ᠪᠠᠲᠤᠯᠠᠭᠠᠲᠤ ᠵᠢᠭᠡᠯᠡᠯᠭᠡ︾ ᠲᠠᠯᠪᠢᠬᠤ ᠪᠠᠷ ᠬᠦᠴᠦᠯᠡᠵᠦ ᠪᠤᠢ᠃ ᠪᠦᠭᠦ ᠠᠶᠢᠮᠠᠭ ᠲᠤ ᠴᠢᠭᠯᠡᠭᠦᠯᠦᠨ 69 ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ 59.23 ᠳ᠋ᠦᠩᠰᠢᠭᠤᠷ ᠲᠥᠭᠦᠷᠢᠭ ᠤᠨ ᠪᠡᠯᠡ ᠬᠤᠷᠠᠮᠳᠤᠭᠤᠯᠭ᠎ᠠ ᠶᠢᠨ ᠬᠡᠷᠡᠭᠴᠡᠭᠡ ᠱᠠᠭᠠᠷᠳᠠᠯᠭ᠎ᠠ ᠶᠢ ᠴᠤᠭᠯᠠᠭᠤᠯᠵᠤ᠂ ᠴᠠᠭ ᠲᠤᠬᠠᠢ ᠳᠤᠨᠢ ᠡᠯ᠎ᠡ ᠮᠥᠩᠭᠦᠨ ᠭᠦᠢᠯᠭᠡᠭᠡᠨ ᠤ ᠪᠠᠶᠢᠭᠤᠯᠤᠮᠵᠢ ᠳᠤ ᠬᠦᠷᠭᠡᠪᠡ᠃      ᠲᠠᠷᠠᠭ᠎ᠠ ᠠᠯᠬᠤᠮ ᠳᠤ᠂ ᠪᠦᠭᠦ ᠠᠶᠢᠮᠠᠭ ᠤᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠠᠵᠤ ᠠᠬᠤᠶᠢᠯᠠᠯ ᠤᠨ ᠬᠡᠷᠡᠭᠴᠡᠭᠡ ᠪᠠᠷ ᠤᠳᠤᠷᠢᠳᠤᠮᠵᠢ ᠪᠣᠯᠭᠠᠨ᠂ ᠦᠢᠯᠡᠴᠢᠯᠡᠭᠡᠨ ᠤ ᠠᠷᠭ᠎ᠠ ᠭᠡᠯᠪᠡᠷᠢ ᠶᠢᠨ ᠰᠢᠨ᠎ᠡ ᠶᠢ ᠡᠭᠦᠳᠴᠦ᠂ ᠦᠢᠯᠡᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠪᠦᠭᠦ ᠠᠶᠢᠮᠠᠭ ᠤᠨ ᠠᠵᠤ ᠠᠬᠤᠢ ᠶᠢᠨ ᠨᠡᠮᠡᠭᠳᠡᠯ ᠳᠤ ᠨᠠᠩ ᠣᠯᠠᠨ ᠬᠥᠳᠡᠯᠭᠡᠬᠦ ᠬᠦᠴᠦᠨ ᠨᠡᠮᠡᠷᠢᠯᠡᠨ᠎ᠡ᠃
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号