ᠶᠣᠣ ᠬᠤᠩ ᠭᠠᠩ ᠮᠠᠨ ᠤ ᠬᠤᠰᠢᠭᠤᠨ ᠤ ᠡᠷᠬᠢᠨ ᠲᠣᠭᠤᠷᠢᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠪᠠᠶᠢᠴᠠᠭᠠᠪᠠ
ᠨᠡᠶᠢᠲᠡᠯᠡᠭᠰᠡᠨ ᠴᠠᠭ᠄
2025/6/13
    6 ᠰᠠᠷ᠎ᠠ ᠶᠢᠨ 10 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠶᠣᠣ ᠬᠤᠩ ᠭᠠᠩ ᠰᠠᠶᠢᠬᠠᠨᠨᠠᠭᠤᠷ ᠭᠠᠴᠠᠭ᠎ᠠ ᠪᠣᠯᠣᠨ ᠬᠠᠪᠴᠢᠭᠠᠢ ᠦᠵᠡᠮᠵᠢ ᠶᠢᠨ ᠣᠷᠣᠨ ᠤ ᠣᠶᠢᠷ᠎ᠠ ᠬᠠᠪᠢ ᠶᠢᠨ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ  ᠪᠠᠶᠢᠴᠠᠭᠠᠨ᠂ ᠠᠵᠢᠯ ᠤᠨ ᠳᠤᠮᠳᠠ ᠣᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠨᠠᠷᠢᠨ ᠣᠶᠢᠯᠠᠭᠠᠵᠤ᠂ ᠦᠵᠡᠮᠵᠢ ᠶᠢᠨ ᠣᠷᠣᠨ ᠤ ᠬᠤᠶᠢᠲᠤ ᠬᠡᠰᠡᠭ ᠤᠨ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠠᠬᠢᠴᠠ ᠵᠢᠴᠢ ᠥᠷᠭᠡᠳᠬᠡᠨ ᠪᠠᠶᠢᠭᠤᠯᠬᠤ ᠬᠡᠪᠴᠢᠶ᠎ᠡ᠂ ᠮᠠᠯᠵᠢᠬᠤ ᠣᠷᠣᠨ ᠤ ᠵᠠᠰᠠᠮᠠᠯ ᠵᠠᠮ ᠤᠨ ᠶᠠᠰᠤ ᠴᠢᠨᠠᠷ ᠢ ᠬᠠᠮᠢᠶᠠᠷᠤᠨ ᠡᠵᠡᠮᠳᠡᠬᠦ ᠵᠢᠴᠢ ᠠᠷᠠᠳ ᠲᠤ ᠠᠰᠢᠭ ᠬᠦᠷᠲᠡᠭᠡᠬᠦ ᠪᠣᠳᠠᠲᠤ ᠦᠷ᠎ᠡ ᠪᠦᠲᠦᠮᠵᠢ ᠵᠡᠷᠭᠡ ᠲᠠᠯ᠎ᠠ ᠶᠢᠨ ᠪᠠᠶᠢᠳᠠᠯ ᠢ ᠭᠤᠣᠯᠳᠠᠯᠭ᠎ᠠ ᠲᠠᠢ ᠬᠠᠷᠭᠤᠭᠤᠯᠤᠨ  ᠪᠠᠶᠢᠴᠠᠭᠠᠪᠠ᠃     ᠶᠣᠣ ᠬᠤᠩ ᠭᠠᠩ᠂ ᠮᠠᠯᠵᠢᠬᠤ ᠣᠷᠣᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠪᠣᠯ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠰᠣᠶᠣᠯ ᠵᠢᠭᠤᠯᠴᠢᠯᠠᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠴᠢᠬᠤᠯᠠ ᠲᠤᠯᠭᠠᠭᠤᠷᠢᠯᠠᠯ ᠪᠣᠯᠣᠨ᠎ᠠ᠃ ᠪᠦᠲᠦᠭᠡᠨ ᠪᠠᠶᠢᠭᠤᠯᠤᠯᠲᠠ ᠳᠤ ᠣᠷᠣᠯᠴᠠᠭᠰᠠᠨ ᠡᠯ᠎ᠡ ᠨᠢᠭᠡᠴᠡ  ᠨᠢ ᠬᠠᠷᠢᠭᠤᠴᠠᠯᠭᠠᠲᠤ ᠰᠡᠳᠬᠢᠯᠭᠡ ᠪᠠᠨ ᠴᠢᠩᠭᠠᠳᠬᠠᠵᠤ᠂ ᠬᠦᠴᠦ ᠪᠠᠨ ᠲᠥᠪᠯᠡᠷᠡᠭᠦᠯᠦᠨ ᠬᠦᠴᠢᠷ ᠢ ᠲᠤᠭᠤᠯᠤᠨ᠂ ᠤᠯᠠᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠭᠦᠯᠵᠦ  ᠦᠢᠯᠡᠴᠢᠯᠡᠭᠡ ᠪᠠᠨ ᠰᠢᠯᠢᠳᠡᠭᠵᠢᠭᠦᠯᠦᠨ᠂ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢ ᠡᠷᠲᠡᠬᠡᠨ ᠪᠡᠶᠡᠯᠡᠭᠦᠯᠬᠦ ᠪᠠᠷ ᠴᠢᠷᠮᠠᠶᠢᠵᠤ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠪᠠᠷ ᠳᠠᠮᠵᠢᠭᠤᠯᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠬᠦ ᠬᠡᠷᠡᠭᠲᠡᠢ᠃ ᠨᠢᠭᠡ ᠳᠤ᠂ ᠬᠠᠷᠢᠭᠤᠴᠠᠯᠭ᠎ᠠ ᠡᠭᠦᠷᠭᠡᠯᠡᠬᠦ ᠶᠢ ᠴᠢᠩᠭᠠᠳᠬᠠᠵᠤ᠂ ᠬᠠᠮᠲᠤᠷᠠᠭᠰᠠᠨ ᠬᠦᠴᠦᠨ ᠢ ᠨᠢᠭᠲᠠᠷᠠᠭᠤᠯᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ᠂ ᠠᠶᠢᠮᠠᠭ ᠤᠨ ᠵᠠᠮ ᠲᠡᠭᠡᠭᠡᠪᠦᠷᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠢ ᠲᠤᠤᠱᠯᠠᠭᠤᠯᠵᠤ᠂ ᠪᠠᠷᠢᠯᠭ᠎ᠠ ᠶᠢᠨ ᠠᠰᠢᠭᠲᠠᠢ ᠬᠤᠭᠤᠴᠠᠭ᠎ᠠ ᠶᠢ ᠠᠮᠵᠢᠨ ᠢᠨᠵᠧᠨᠧᠷᠢᠩ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠣᠭᠲᠠᠭᠤᠨ ᠢᠶᠠᠷ ᠥᠷᠨᠢᠭᠦᠯᠵᠦ᠂ ᠵᠢᠭᠤᠯᠴᠢᠯᠠᠯ ᠤᠨ ᠬᠥᠭᠵᠢᠯᠲᠡᠢ ᠤᠯᠠᠷᠢᠯ ᠤᠨ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠲᠠᠢ ᠵᠣᠬᠢᠴᠠᠩᠭᠤᠢ ᠲᠣᠬᠢᠷᠠᠭᠤᠯᠬᠤ ᠬᠡᠷᠡᠭᠲᠡᠢ᠃ ᠬᠤᠶᠠᠷ ᠲᠤ᠂ ᠲᠣᠬᠢᠷᠠᠭᠤᠯᠤᠯᠲᠠ ᠪᠠᠨ ᠴᠢᠩᠭᠠᠳᠬᠠᠵᠤ᠂ ᠨᠢᠭᠲᠠ ᠬᠠᠮᠵᠢᠯᠴᠠᠬᠤ ᠬᠡᠷᠡᠭᠲᠡᠢ᠃ ᠠᠵᠢᠯ ᠤᠨ ᠬᠠᠷᠠᠯᠲᠠ ᠡᠭᠦᠷᠭᠡ ᠶᠢ ᠴᠢᠩᠭ᠎ᠠ ᠠᠩᠬᠠᠷᠴᠤ᠂ ᠠᠵᠢᠯ ᠤᠨ ᠵᠣᠬᠢᠶᠠᠨ ᠪᠠᠶᠢᠭᠤᠯᠤᠯᠲᠠ ᠶᠢ ᠰᠢᠯᠢᠳᠡᠭᠵᠢᠭᠦᠯᠦᠨ ᠨᠠᠷᠢᠯᠢᠭᠵᠢᠭᠤᠯᠵᠤ᠂ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠨ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠡᠷᠴᠢᠮ ᠢᠶᠠᠨ ᠴᠢᠩᠭᠠᠷᠠᠭᠤᠯᠵᠤ᠂ ᠵᠠᠮ ᠤᠨ ᠬᠠᠵᠠᠭᠤ ᠶᠢᠨ ᠭᠤᠸ᠂ ᠵᠠᠮ ᠤᠨ ᠭᠤᠯᠳᠤᠩ ᠵᠡᠷᠭᠡ ᠢᠵᠢ ᠪᠦᠷᠢᠨ ᠪᠡᠯᠡᠳᠬᠡᠮᠵᠢ ᠶᠢ ᠨᠢᠭᠡᠳᠦᠯᠲᠡᠢ ᠲᠥᠯᠥᠪᠯᠡᠨ ᠪᠦᠲᠦᠭᠡᠨ ᠪᠠᠶᠢᠭᠤᠯᠵᠤ᠂ ᠤᠰᠤ ᠵᠠᠯᠠᠬᠤ ᠴᠢᠳᠠᠮᠵᠢ ᠰᠠᠶᠢᠨ ᠪᠠᠶᠢᠬᠤ ᠶᠢ ᠪᠠᠲᠤᠯᠠᠬᠤ ᠬᠡᠷᠡᠭᠲᠡᠢ᠃ ᠨᠡᠪᠲᠡᠷᠡᠯᠴᠡᠨ ᠬᠠᠮᠵᠢᠯᠴᠠᠬᠤ ᠪᠠᠨ ᠴᠢᠩᠭᠠᠳᠬᠠᠨ ᠬᠦᠴᠢᠷᠳᠡᠯ ᠢ ᠴᠠᠭ ᠲᠤᠬᠠᠢ ᠳᠤᠨᠢ ᠰᠢᠢᠳᠪᠦᠷᠢᠯᠡᠵᠦ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠬᠠᠷᠠᠯᠲᠠ ᠡᠭᠦᠷᠭᠡ ᠶᠢ ᠴᠠᠭ ᠲᠤᠬᠠᠢ ᠳᠤᠨᠢ ᠪᠡᠶᠡᠯᠡᠭᠦᠯᠬᠦ ᠬᠡᠷᠡᠭᠲᠡᠢ᠃ ᠭᠤᠷᠪᠠ ᠳᠤ᠂ ᠠᠮᠤᠷ ᠲᠦᠪᠰᠢᠨ ᠢ ᠪᠠᠲᠤᠯᠠᠵᠤ᠂ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠬᠤ ᠬᠡᠷᠡᠭᠲᠡᠢ᠃ ᠠᠶᠤᠯᠭᠦᠢ ᠦᠢᠯᠡᠳᠪᠦᠷᠢᠯᠡᠯ ᠢ ᠢᠮᠠᠭᠲᠠ ᠴᠢᠩᠭᠠᠳᠬᠠᠵᠤ᠂ ᠴᠢᠨᠠᠷ ᠰᠠᠶᠢᠲᠠᠢ ᠦᠷᠭᠦᠯᠵᠢᠯᠡᠬᠦᠶᠢᠴᠡ ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠨ᠂ ᠣᠷᠴᠢᠨ ᠠᠬᠤᠢ ᠶᠢᠨ ᠬᠠᠮᠠᠭᠠᠯᠠᠯᠲᠠ ᠶᠢᠨ ᠱᠠᠭᠠᠷᠳᠠᠯᠭ᠎ᠠ ᠶᠢ ᠲᠦ᠋ᠦᠱᠯᠠᠭᠤᠯᠤᠨ ᠨᠠᠶᠢᠳᠠᠪᠤᠷᠢᠵᠢᠭᠤᠯᠵᠤ᠂ ᠬᠦᠨᠳᠦ ᠶᠡᠭᠡ ᠠᠶᠤᠯ ᠲᠦᠭᠰᠢᠭᠦᠷᠢ ᠶᠢᠨ ᠬᠡᠮ ᠰᠣᠭᠤᠭ ᠢ ᠵᠢᠭᠰᠠᠭᠠᠨ ᠪᠠᠶᠢᠴᠠᠭᠠᠬᠤ ᠠᠵᠢᠯ ᠢ ᠰᠠᠶᠢᠲᠤᠷ ᠬᠢᠵᠦ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠪᠥᠬᠦ ᠶᠠᠪᠤᠴᠠ ᠶᠢ ᠴᠢᠩᠭ᠎ᠠ ᠠᠩᠬᠠᠷᠴᠤ᠂ ᠬᠢᠨᠠᠨ ᠬᠠᠮᠢᠶᠠᠷᠬᠤ ᠡᠭᠦᠷᠭᠡ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠤᠨ᠂ ︽ᠴᠠᠭ ᠢᠮᠠᠭᠲᠠ  ᠰᠡᠷᠡᠮᠵᠢᠯᠡᠬᠦ︾ ᠬᠠᠷᠢᠭᠤᠴᠠᠯᠭᠠᠲᠤ ᠰᠡᠳᠬᠢᠯᠭᠡ ᠪᠠᠷ ᠮᠠᠨ ᠤ ᠬᠤᠰᠢᠭᠤᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠡᠮᠬᠢ ᠵᠢᠷᠤᠮ ᠲᠠᠢ ᠶᠠᠪᠤᠭᠳᠠᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠵᠠᠰᠠᠮᠠᠯ ᠵᠠᠮ ᠢ ᠡᠷᠲᠡᠬᠡᠨ ᠪᠠᠶᠢᠭᠤᠯᠵᠤ ᠳᠠᠭᠤᠰᠬᠠᠨ ᠲᠡᠷᠭᠡ ᠨᠡᠪᠲᠡᠷᠡᠬᠦ ᠶᠢ ᠪᠠᠲᠤᠯᠠᠵᠤ᠂ ᠪᠥᠬᠦ ᠬᠤᠰᠢᠭᠤᠨ ᠤ ᠠᠷᠠᠳ ᠲᠦᠮᠡᠨ ᠳᠤ ᠠᠰᠢᠭ ᠬᠦᠷᠲᠡᠭᠡᠬᠦ ᠬᠡᠷᠡᠭᠲᠡᠢ ᠭᠡᠵᠦ ᠴᠢᠬᠤᠯᠠᠴᠢᠯᠠᠪᠠ᠃     ᠬᠤᠰᠢᠭᠤ ᠵᠠᠮ ᠬᠠᠷᠢᠯᠴᠠᠭᠠᠨ ᠤ ᠲᠣᠪᠴᠢᠶᠠᠨ ᠤ ᠬᠠᠮᠢᠶ᠎ᠠ ᠪᠦᠬᠦᠢ ᠬᠠᠷᠢᠭᠤᠴᠠᠯᠭᠠᠲᠠᠨ ᠪᠠᠷ᠎ᠠ  ᠪᠣᠯᠣᠯᠴᠠᠪᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号