6 ᠰᠠᠷ᠎ᠠ ᠶᠢᠨ 10 ᠤ ᠡᠳᠦᠷ᠂ ᠪᠠᠷᠠᠭᠤᠨ ᠦᠵᠦᠮᠦᠴᠢᠨ ᠬᠤᠰᠢᠭᠤᠨ ᠤ ᠦᠵᠡᠯ ᠤᠬᠠᠮᠰᠠᠷ ᠤᠨ | ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠴᠢᠩᠭᠠᠳᠬᠠᠵᠤ᠂ ᠶᠠᠷᠢᠶ᠎ᠠ ᠬᠡᠯᠡᠯᠴᠡᠭᠡᠨ ᠤ ᠤᠳᠣᠷᠢᠳᠣᠮᠵᠢ | ᠪᠤᠯᠤᠨ ᠶᠠᠷᠢᠶ᠎ᠠ ᠬᠡᠯᠡᠯᠴᠡᠭᠡᠨ ᠤ ᠪᠠᠶᠢᠳᠠᠯ ᠢ ᠰᠢᠢᠳᠪᠦᠷᠢᠯᠡᠬᠦ ᠴᠢᠳᠠᠮᠵᠢ ᠶᠢ ᠳᠡᠭᠡᠭᠰᠢᠯᠡᠭᠦᠯᠬᠦ ᠲᠤᠰᠬᠠᠢ ᠰᠡᠳᠦᠪᠲᠦ | ᠪᠣᠯᠪᠠᠰᠤᠷᠠᠯ ᠶᠠᠪᠤᠭᠳᠠᠪᠠ᠃ | ᠪᠤᠯᠪᠠᠰᠣᠷᠠᠯ ᠨᠢ ᠥᠪᠡᠷᠲᠡᠭᠡᠨ ᠵᠠᠰᠠᠬᠤ ᠣᠷᠣᠨ ᠤ ᠰᠦᠯᠵᠢᠶᠡᠨ ᠤ ᠠᠮᠤᠷ ᠲᠦᠪᠰᠢᠨ ᠤ ᠪᠠᠴᠢᠮ ᠪᠠᠶᠢᠳᠠᠯ ᠢ | ᠠᠷᠭᠠᠴᠠᠬᠤ ᠵᠢᠯᠤᠭᠤᠳᠬᠤ ᠲᠥᠪ ᠤᠨ ᠰᠠᠯᠠᠭᠠᠨ ᠳᠠᠷᠤᠭ᠎ᠠ ᠯᠢᠦ ᠰᠢᠶᠣᠣ ᠯᠢᠨ᠂ ᠰᠢᠯᠢ ᠶᠢᠨ ᠭᠤᠣᠯ ᠤᠨ ᠠᠵᠢᠯ | ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠨᠠᠮ ᠤᠨ ᠬᠤᠷᠢᠶᠠᠨ ᠤ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ | ᠂ ᠠᠶᠢᠮᠠᠭ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠤᠯᠪᠣᠭᠠᠨ ᠤ ᠲᠤᠰᠬᠠᠢ ᠮᠡᠷᠭᠡᠵᠢᠯᠲᠡᠨ ᠤ ᠬᠥᠮᠥᠷᠭᠡ ᠶᠢᠨ | ᠪᠦᠷᠢᠯᠳᠦᠭᠦᠨ ᠫᠧᠩ ᠱᠣᠸ ᠹᠧᠨ ᠢ ᠤᠷᠢᠵᠤ᠂ ᠣᠳᠣᠬᠠᠨ ᠤ ᠶᠠᠷᠢᠶ᠎ᠠ ᠬᠡᠯᠡᠯᠴᠡᠭᠡᠨ ᠤ ᠣᠨᠴᠠᠯᠢᠭ᠂ ᠶᠠᠷᠢᠶ᠎ᠠ | ᠬᠡᠯᠡᠯᠴᠡᠭᠡᠨ ᠤ ᠪᠠᠶᠢᠳᠠᠯ ᠤᠨ ᠠᠵᠢᠯ ᠳᠤ ᠲᠤᠯᠭᠠᠷᠠᠵᠤ ᠪᠠᠶᠢᠭ᠎ᠠ ᠪᠤᠳᠤᠯᠢᠶᠠᠨᠲᠠᠢ ᠪᠠᠶᠢᠳᠠᠯ ᠤᠨ ᠲᠣᠭᠤᠷᠢᠨ ᠳᠤ᠂ | ᠶᠠᠷᠢᠶ᠎ᠠ ᠬᠡᠯᠡᠯᠴᠡᠭᠡᠨ ᠤ ᠪᠠᠶᠢᠳᠠᠯ ᠢ ᠠᠷᠭᠠᠴᠠᠬᠤ ᠪᠠ ᠶᠠᠷᠢᠶ᠎ᠠ ᠬᠡᠯᠡᠯᠴᠡᠭᠡ ᠶᠢ ᠬᠥᠲᠥᠯᠥᠨ ᠵᠢᠯᠤᠭᠤᠳᠬᠤ ᠠᠵᠢᠯ ᠢ | ᠬᠡᠷᠬᠢᠨ ᠰᠠᠶᠢᠲᠤᠷ ᠬᠢᠵᠦ᠂ ᠦᠵᠡᠯ ᠤᠬᠠᠮᠰᠠᠷ ᠤᠨ ᠬᠡᠯᠪᠡᠷᠢ ᠶᠢᠨ ᠬᠦᠷᠢᠶᠡᠨ ᠳᠠᠬᠢ ᠮᠠᠰᠢ ᠣᠯᠠᠨ ᠠᠶᠤᠯ | ᠲᠦᠭᠰᠢᠭᠦᠷᠢ ᠶᠢ ᠪᠦᠲᠦᠮᠵᠢᠲᠡᠶ ᠪᠠᠷ ᠰᠡᠷᠭᠡᠶᠢᠯᠡᠨ ᠠᠷᠢᠯᠭᠠᠵᠤ᠂ ᠦᠵᠡᠯ ᠤᠬᠠᠮᠰᠠᠷ ᠤᠨ ᠬᠡᠯᠪᠡᠷᠢ ᠶᠢᠨ | ᠪᠠᠶᠢᠭᠤᠯᠤᠯᠲᠠ ᠶᠢᠨ ᠭᠤᠣᠯᠳᠠᠯᠭ᠎ᠠ ᠲᠠᠢ ᠬᠦᠷᠢᠶ᠎ᠡ ᠶᠢ ᠠᠬᠢᠭᠤᠯᠵᠤ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ | ᠤᠳᠤᠷᠢᠳᠬᠤ ᠡᠷᠬᠡ ᠶᠢ ᠪᠠᠲᠤ ᠡᠵᠡᠮᠰᠢᠬᠦ ᠵᠡᠷᠭᠡ ᠠᠭᠤᠯᠭ᠎ᠠ ᠶᠢᠨ ᠲᠣᠭᠤᠷᠢᠨ ᠳᠤ ᠲᠤᠰᠬᠠᠢ ᠰᠡᠳᠦᠪᠲᠦ ᠲᠠᠶᠢᠯᠤᠮᠵᠢ | ᠬᠢᠯᠬᠡᠵᠡᠢ᠃ | ᠪᠣᠯᠪᠠᠰᠤᠷᠠᠯ ᠠᠴᠠ ᠬᠠᠮᠢᠶᠠᠳᠠᠢ ᠪᠠᠶᠢᠭᠤᠯᠭ᠎ᠠ ᠨᠢᠬᠡᠴᠠ ᠨᠢ ᠰᠣᠷᠣᠭᠰᠠᠨ ᠮᠡᠳᠡᠯᠭᠡ ᠪᠣᠯᠣᠨ ᠲᠤᠬᠠᠶᠢᠯᠠᠭᠰᠠᠨ | ᠠᠵᠢᠯ ᠲᠠᠢ ᠪᠠᠨ ᠨᠢᠭᠲᠠ ᠤᠶᠠᠯᠳᠤᠭᠤᠯᠵᠤ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ | ᠳᠦᠷᠢᠮ ᠢ ᠴᠢᠩᠭᠠᠳᠬᠠᠨ᠂ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠵᠤ᠂ ᠰᠣᠷᠣᠭᠰᠠᠨ ᠵᠦᠢᠯ ᠢᠶᠠᠨ | ᠦᠢᠯᠡᠳᠦᠯᠭᠡᠵᠢᠭᠦᠯᠵᠦ᠂ ᠳᠡᠭᠡᠳᠦ ᠬᠡᠮᠵᠢᠶᠡᠨ ᠤ ᠤᠯᠤᠰ ᠳᠦᠷᠦ ᠶᠢᠨ ᠬᠠᠷᠢᠭᠤᠴᠠᠯᠭᠠᠲᠤ ᠰᠡᠳᠬᠢᠯᠭᠡ ᠪᠠᠷ ᠦᠵᠡᠯ | ᠤᠬᠠᠮᠰᠠᠷ ᠤᠨ ᠬᠡᠯᠪᠡᠷᠢ ᠶᠢᠨ ᠠᠵᠢᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠡᠭᠦᠷᠭᠡᠯᠡᠨ᠂ ᠬᠠᠷᠢᠶ᠎ᠠ ᠭᠠᠵᠠᠷ | ᠣᠷᠣᠨ ᠪᠠ ᠬᠢᠨᠠᠨ ᠬᠠᠮᠢᠶᠠᠷᠬᠤ ᠠᠵᠢᠯ ᠳᠦᠷᠦᠯ ᠤᠨ ᠬᠦᠷᠢᠶ᠎ᠡ ᠵᠢᠴᠢ ᠠᠵᠢᠯ ᠤᠨ ᠬᠦᠷᠢᠶᠡᠨ ᠤ ᠶᠠᠷᠢᠶ᠎ᠠ ᠬᠡᠯᠡᠯᠴᠡᠭᠡᠨ | ᠤ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠪᠠᠷᠠᠭᠤᠨ ᠦᠵᠦᠮᠦᠴᠢᠨ ᠬᠤᠰᠢᠭᠤᠨ ᠤ ᠠᠵᠤ ᠠᠬᠤᠢ ᠶᠢᠨ ᠴᠢᠨᠠᠷ | ᠰᠠᠶᠢᠲᠠᠢ ᠬᠥᠭᠵᠢᠯᠲᠡ ᠳᠤ ᠪᠠᠲᠤ ᠴᠢᠩᠭ᠎ᠠ ᠦᠵᠡᠯ ᠰᠠᠨᠠᠭᠠᠨ ᠤ ᠪᠠᠲᠤᠯᠠᠭ᠎ᠠ ᠪᠠ ᠬᠦᠴᠦᠷᠬᠡᠭ ᠶᠡᠭᠡ ᠤᠶᠤᠨ | ᠰᠠᠨᠠᠭᠠᠨ ᠤ ᠬᠦᠴᠦᠨ ᠢ ᠬᠠᠩᠭᠠᠬᠤ ᠬᠡᠷᠡᠭᠲᠡᠢ ᠭᠡᠵᠡᠢ᠃ | ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠯᠢ | ᠰᠢᠤᠸᠠᠢ ᠶᠢᠩ ᠪᠤᠯᠪᠠᠰᠣᠷᠠᠯ ᠤᠨ ᠬᠤᠷᠠᠯ ᠢ ᠡᠷᠭᠢᠯᠡᠵᠦ᠂ ᠡᠯ᠎ᠡ ᠰᠤᠮᠤ ᠪᠠᠯᠭᠠᠰᠣᠨ ᠤ ᠨᠠᠮ ᠤᠨ ᠬᠤᠷᠢᠶᠠᠨ ᠤ ᠱᠦᠵᠢ | ᠂ ᠬᠤᠰᠢᠭᠤ ᠰᠢᠭᠤᠳ ᠬᠠᠷᠢᠶ᠎ᠠ ᠪᠠᠶᠢᠭᠤᠯᠭ᠎ᠠ ᠨᠢᠬᠡᠴᠠ ᠶᠢᠨ ᠨᠠᠮ ᠤᠨ ᠬᠤᠷᠢᠶᠠᠨ ︵ᠨᠠᠮ ᠤᠨ ᠤᠳᠤᠷᠢᠳᠬᠤ | ᠳᠤᠭᠤᠶᠢᠯᠠᠩ︶ ᠤ ᠬᠠᠷᠢᠭᠤᠴᠠᠯᠭᠠᠲᠠᠨ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠤᠪᠢᠳᠠᠨ ᠬᠠᠮᠢᠶᠠᠷᠬᠤ | ᠤᠳᠤᠷᠢᠳᠤᠯᠭ᠎ᠠ᠂ ᠰᠣᠨᠢᠨ ᠮᠡᠳᠡᠭᠡᠨ ᠤ ᠠᠵᠢᠯᠳᠠᠨ ᠵᠡᠷᠬᠡ ᠬᠦᠮᠦᠰ ᠪᠤᠯᠪᠠᠰᠣᠷᠠᠯ ᠳᠤ ᠣᠷᠣᠯᠴᠠᠵᠠᠢ᠃ | | |