ᠰᠢᠯᠢ ᠶᠢᠨ ᠬᠤᠲᠠ ᠣᠳᠣᠬᠠᠨ ᠪᠤᠯᠲᠠᠯ᠎ᠠ 9 ᠡᠭᠡᠯᠵᠢ ᠶᠢᠨ ᠬᠡᠷᠡᠭᠯᠡᠭᠡᠨ ᠤ ᠲᠡᠮᠳᠡᠭᠲᠦ ᠲᠠᠷᠬᠠᠭᠠᠵᠤ 4570 ᠲᠦᠮᠡᠨ ᠲᠥᠭᠦᠷᠢᠭ ᠤᠨ ᠬᠡᠷᠡᠭᠯᠡᠭᠡ ᠶᠢ ᠰᠢᠭᠤᠳ ᠲᠠᠶᠢᠴᠢᠯᠠᠪᠠ
ᠨᠡᠶᠢᠲᠡᠯᠡᠭᠰᠡᠨ ᠴᠠᠭ᠄
2025/6/13
    ᠡᠨᠡ ᠵᠢᠯ ᠠᠴᠠ ᠨᠠᠭᠠᠰᠢ᠂ ᠰᠢᠯᠢ ᠶᠢᠨ ᠬᠤᠲᠠ ᠬᠡᠷᠡᠭᠯᠡᠭᠡᠨ ᠤ ᠲᠡᠮᠳᠡᠭᠲᠦ ᠲᠠᠷᠬᠠᠭᠠᠬᠤ ᠠᠷᠭ᠎ᠠ ᠭᠡᠯᠪᠡᠷᠢ ᠪᠠᠷ ᠳᠠᠮᠵᠢᠭᠤᠯᠤᠨ ᠬᠡᠷᠡᠭᠯᠡᠭᠡᠨ ᠤ ᠵᠠᠬ᠎ᠠ ᠳᠡᠯᠭᠡᠭᠦᠷ ᠤᠨ ᠲᠠᠯᠲᠠ ᠬᠦᠴᠦᠨ ᠢ ᠥᠷᠭᠦᠯᠵᠢᠯᠡᠨ ᠬᠥᠭᠵᠢᠭᠡᠵᠦ᠂ ᠣᠳᠣᠬᠠᠨ ᠪᠤᠯᠲᠠᠯ᠎ᠠ ᠮᠠᠰᠢᠨ ᠲᠡᠷᠭᠡ᠂ ᠬᠤᠳᠠᠯᠳᠤᠭᠠᠨ ᠤ ᠲᠠᠯᠠᠪᠠᠢ ᠬᠠᠮ ᠳᠡᠯᠭᠡᠭᠦᠷ᠂ ᠢᠲᠡᠭᠡᠨ ᠤᠮᠳᠠᠭᠠᠨ ᠤ ᠬᠡᠷᠡᠭᠯᠡᠭᠡᠨ ᠤ ᠲᠡᠮᠳᠡᠭᠲᠦ ᠵᠢᠴᠢ ᠪᠣᠯᠪᠠᠰᠤᠷᠠᠭᠤᠯᠤᠭᠰᠠᠨ ᠲᠤᠰᠤᠨ ᠤ ᠬᠡᠷᠡᠭᠯᠡᠭᠡᠨ ᠤ ᠲᠡᠮᠳᠡᠭᠲᠦ ᠶᠢ 1500 ᠲᠦᠮᠡᠨ ᠲᠥᠭᠦᠷᠢᠭ ᠲᠠᠷᠬᠠᠭᠠᠵᠤ᠂ ᠰᠢᠭᠤᠳ ᠳᠠᠶᠢᠴᠢᠯᠠᠭᠰᠠᠨ ᠬᠡᠷᠡᠭᠯᠡᠭᠡᠨ ᠤ ᠬᠡᠮᠵᠢᠶ᠎ᠡ 4570 ᠲᠦᠮᠡᠨ ᠲᠥᠭᠦᠷᠢᠭ ᠢ ᠳᠠᠪᠠᠭᠰᠠᠨ ᠪᠠᠶᠢᠨ᠎ᠠ᠃      ᠲᠤᠮᠲᠠᠲᠤ ᠤᠯᠤᠰ ᠤᠨ ᠴᠢᠯᠠᠭᠤᠨ ᠲᠤᠰᠤᠨ ᠤ ᠰᠢᠯᠢ ᠶᠢᠨ ᠬᠤᠲᠠ ᠶᠢᠨ ᠰᠢ ᠶᠤᠸᠠᠨ ᠲᠣᠰᠣ ᠨᠡᠮᠡᠬᠦ ᠥᠷᠲᠡᠭᠡ ᠳᠤ ᠰᠠᠭᠤᠭᠠᠯᠢ ᠠᠷᠠᠳ ᠡᠮᠬᠢ ᠳᠢᠭᠯᠢᠮ ᠲᠠᠢ ᠪᠠᠷ ᠮᠥᠷᠯᠡᠵᠦ᠂ ᠲᠡᠷᠭᠡᠨ ᠳᠡᠭᠡᠨ ᠲᠣᠰᠣ ᠨᠡᠮᠡᠵᠡᠭᠡᠨ᠎ᠡ᠃ ᠲᠡᠳᠡᠨᠡᠷ ᠠᠵᠢᠯᠲᠠᠳ ᠤᠨ ᠵᠢᠯᠣᠭᠤᠳᠤᠯᠭ᠎ᠠ ᠳᠣᠣᠷ᠎ᠠ ᠵᠣᠭᠤᠰ ᠲᠤᠰᠢᠶᠠᠬᠤ ᠶᠦᠨ ᠱᠠᠨ ᠹᠦ᠋APP ᠪᠠᠨ ᠨᠡᠭᠡᠭᠡᠵᠦ᠂ ᠵᠠᠰᠠᠭ ᠤᠨ ᠣᠷᠳᠣᠨ ᠤ ᠬᠡᠷᠡᠭᠯᠡᠭᠡᠨ ᠤ ᠲᠡᠮᠳᠡᠭᠲᠦ ᠶᠢ ᠬᠡᠷᠡᠭᠯᠡᠨ ᠲᠣᠰᠣ ᠨᠡᠮᠡᠭᠰᠡᠨ ᠵᠣᠭᠤᠰ ᠢᠶᠠᠨ ᠲᠤᠰᠢᠶᠠᠨ᠎ᠠ᠃ ᠲᠣᠰᠣ ᠨᠡᠮᠡᠬᠦ ᠥᠷᠲᠡᠭᠡᠨ ᠤ ᠬᠠᠷᠢᠭᠤᠴᠠᠯᠭᠠᠲᠠᠨ ᠵᠠᠩ ᠶᠠᠨ ᠴᠢᠩ᠄ ︽ᠡᠨᠡ ᠵᠢᠯ ᠤᠨ ᠪᠣᠯᠪᠠᠰᠤᠷᠠᠭᠤᠯᠤᠭᠰᠠᠨ ᠲᠤᠰᠤᠨ ᠤ ᠪᠣᠷᠤᠯᠠᠭᠤᠯᠭ᠎ᠠ ᠶᠢᠨ ᠬᠡᠮᠵᠢᠶ᠎ᠡ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 5.2% ᠢᠶᠠᠷ ᠨᠡᠮᠡᠭᠳᠡᠪᠡ᠃ ᠮᠠᠨ ᠤ ᠺᠤᠮᠫᠠᠨᠢ ᠠᠳᠠᠯᠢ ᠪᠤᠰᠤ ᠴᠠᠭ ᠬᠤᠭᠤᠴᠠᠭ᠎ᠠ ᠶᠢ ᠦᠨᠳᠦᠰᠦᠯᠡᠨ ᠤᠯᠠᠨ ᠵᠦᠢᠯ ᠤᠨ ᠪᠣᠷᠤᠯᠠᠭᠤᠯᠭ᠎ᠠ ᠶᠢ ᠠᠬᠢᠭᠤᠯᠬᠤ ᠠᠵᠢᠯᠯᠠᠭ᠎ᠠ ᠥᠷᠨᠢᠭᠦᠯᠵᠦ᠂ ᠠᠯᠢ ᠤᠯᠠᠨ ᠲᠥᠷᠥ ᠶᠢᠨ ᠪᠣᠳᠣᠯᠭ᠎ᠠ ᠨᠢ ᠬᠡᠷᠡᠭᠯᠡᠭᠴᠢᠳ ᠲᠤ ᠬᠠᠷᠠᠭᠠᠯᠵᠠᠯ ᠬᠦᠷᠲᠡᠭᠡᠭᠰᠡᠨ ᠢᠶᠠᠷ ᠪᠠᠷᠠᠬᠤ ᠦᠭᠡᠢ ᠪᠠᠰᠠ ᠠᠵᠤ ᠠᠬᠤᠶᠢᠯᠠᠯ ᠤᠨ ᠪᠣᠷᠤᠯᠠᠭᠤᠯᠭ᠎ᠠ ᠶᠢᠨ ᠬᠡᠮᠵᠢᠶ᠎ᠡ ᠶᠢ ᠨᠡᠮᠡᠭᠳᠡᠭᠦᠯᠦᠭᠰᠡᠨ ᠪᠠᠶᠢᠨ᠎ᠠ︾ ᠭᠡᠵᠦ ᠲᠠᠨᠢᠯᠴᠠᠭᠤᠯᠪᠠ᠃ ᠣᠶᠢᠯᠠᠭᠠᠭᠰᠠᠨ  ᠢᠶᠠᠷ᠂ ᠰᠢᠯᠢ ᠶᠢᠨ ᠬᠤᠲᠠ 3 ᠰᠠᠷ᠎ᠠ ᠶᠢᠨ 12 ᠤᠨ ᠡᠳᠦᠷ ᠬᠡᠷᠡᠭᠯᠡᠭᠡᠨ ᠤ ᠲᠡᠮᠳᠡᠭᠲᠦ ᠲᠠᠷᠬᠠᠭᠠᠬᠤ ᠠᠵᠢᠯ ᠢ ᠡᠬᠢᠯᠡᠭᠦᠯᠦᠭᠰᠡᠨ ᠠᠴᠠ ᠨᠠᠭᠠᠰᠢ᠂ ᠣᠳᠣᠬᠠᠨ ᠪᠤᠯᠲᠠᠯ᠎ᠠ ᠨᠢᠭᠡᠨᠲᠡ 9 ᠡᠭᠡᠯᠵᠢ ᠶᠢᠨ ᠮᠠᠰᠢᠨ ᠲᠡᠷᠭᠡ᠂ ᠬᠤᠳᠠᠯᠳᠤᠭᠠᠨ ᠤ ᠲᠠᠯᠠᠪᠠᠢ ᠬᠠᠮ ᠳᠡᠯᠭᠡᠭᠦᠷ᠂ ᠢᠲᠡᠭᠡᠨ ᠤᠮᠳᠠᠭᠠᠨ᠂ ᠪᠣᠯᠪᠠᠰᠤᠷᠠᠭᠤᠯᠤᠭᠰᠠᠨ ᠲᠤᠰᠤᠨ ᠤ ᠠᠵᠢᠯ ᠲᠥᠷᠥᠯ ᠤᠨ ᠬᠡᠷᠡᠭᠯᠡᠭᠡᠨ ᠤ ᠲᠡᠮᠳᠡᠭᠲᠦ  ᠶᠢ 800 ᠲᠦᠮᠡᠨ ᠲᠥᠭᠦᠷᠢᠭ ᠲᠠᠷᠬᠠᠭᠠᠵᠤ᠂ ᠨᠢᠭᠡᠨᠲᠡ 665.1 ᠲᠦᠮᠡᠨ ᠲᠥᠭᠦᠷᠢᠭ ᠤᠨ ᠬᠡᠷᠡᠭᠯᠡᠭᠡᠨ ᠤ ᠲᠡᠮᠳᠡᠭᠲᠦ ᠶᠢ ᠪᠣᠳᠠᠲᠠᠢ ᠠᠰᠢᠭᠯᠠᠵᠤ᠂ 4571.1 ᠲᠦᠮᠡᠨ ᠲᠥᠭᠦᠷᠢᠭ ᠤᠨ ᠬᠡᠷᠡᠭᠯᠡᠭᠡ ᠶᠢ ᠲᠠᠶᠢᠴᠢᠯᠠᠵᠥ᠂ ᠬᠡᠷᠡᠭᠯᠡᠭᠡ ᠶᠢ ᠳᠠᠶᠢᠴᠢᠯᠠᠭᠰᠠᠨ ᠬᠠᠷᠢᠴᠠᠯ 687.3% ᠭᠦᠷᠪᠠ᠃ ᠮᠠᠰᠢᠨ ᠲᠡᠷᠭᠡᠨ ᠤ ᠬᠡᠷᠡᠭᠯᠡᠭᠡᠨ ᠤ ᠲᠡᠮᠳᠡᠭᠲᠦ ᠶᠢ 700 ᠲᠦᠮᠡᠨ ᠲᠥᠭᠦᠷᠢᠭ ᠲᠠᠷᠬᠠᠭᠠᠵᠤ᠂ ᠵᠢᠱᠢᠯᠲᠡ ᠪᠠᠷ 620 ᠲᠦᠮᠡᠨ ᠲᠥᠭᠦᠷᠢᠭ ᠤᠨ ᠬᠡᠷᠡᠭᠯᠡᠭᠡᠨ ᠤ ᠲᠡᠮᠳᠡᠭᠲᠦ ᠶᠢ ᠪᠣᠳᠠᠲᠠᠢ ᠠᠰᠢᠭᠯᠠᠨ 2.2 ᠳ᠋ᠥᠡᠭᠰᠢᠭᠤᠷ ᠲᠥᠭᠦᠷᠢᠭ ᠤᠨ ᠬᠡᠷᠡᠭᠯᠡᠭᠡ ᠶᠢ ᠲᠠᠶᠢᠴᠢᠯᠠᠵᠥ᠂ ᠬᠡᠷᠡᠭᠯᠡᠭᠡ ᠶᠢ ᠳᠠᠶᠢᠴᠢᠯᠠᠭᠰᠠᠨ ᠬᠠᠷᠢᠴᠠᠯ 3548.4% ᠬᠦᠷᠬᠦ ᠪᠣᠯᠣᠨ᠎ᠠ᠃      ᠰᠢᠯᠢ ᠶᠢᠨ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶᠠᠨ ᠤ ᠳᠡᠳ᠋ ᠳᠠᠷᠤᠭ᠎ᠠ ᠯᠢ ᠯᠢ᠄ ︽ᠲᠠᠷᠠᠭᠠᠴᠢ ᠪᠠᠷ᠂ ᠪᠢᠲᠠ ᠪᠦᠭᠦ ᠲᠠᠯ᠎ᠠ ᠪᠠᠷ ᠬᠡᠷᠡᠭᠯᠡᠭᠡ ᠶᠢ ᠳᠠᠶᠢᠴᠢᠯᠠᠬᠤ ᠭᠤᠣᠯᠳᠠᠯᠭ᠎ᠠ ᠲᠠᠢ ᠠᠵᠢᠯ ᠢ ᠥᠷᠭᠦᠯᠵᠢᠯᠡᠨ ᠰᠠᠶᠢᠲᠤᠷ ᠠᠳᠬᠤᠵᠤ᠂ ᠭᠤᠣᠯᠳᠠᠯᠭ᠎ᠠ ᠲᠠᠢ ᠠᠵᠢᠯ ᠲᠥᠷᠥᠯ ᠤᠨ ᠬᠦᠷᠢᠶ᠎ᠡ ᠬᠡᠪᠴᠢᠶ᠎ᠡ᠂ ᠴᠢᠬᠤᠯᠠ ᠴᠠᠭ ᠬᠤᠭᠤᠴᠠᠭ᠎ᠠ ᠪᠣᠯᠣᠨ ᠭᠤᠣᠯᠳᠠᠯᠭ᠎ᠠ ᠲᠠᠢ ᠤᠯᠠᠨ ᠲᠦᠮᠡᠨ ᠳᠤ ᠲᠥᠪᠯᠡᠷᠡᠭᠦᠯᠦᠨ ᠵᠠᠰᠠᠭ ᠤᠨ ᠣᠷᠳᠣᠨ ᠤ ᠨᠥᠬᠦᠪᠦᠷᠢ ᠪᠠ ᠠᠵᠤ ᠠᠬᠤᠶᠢᠯᠠᠯ ᠤᠨ ᠬᠡᠷᠡᠭᠯᠡᠭᠡ ᠶᠢ ᠳᠠᠶᠢᠴᠢᠯᠠᠬᠤ ᠬᠠᠮᠲᠤᠷᠠᠯ ᠤᠨ ᠬᠦᠴᠦᠨ ᠤ ᠨᠥᠯᠥᠭᠡᠯᠡᠯ ᠢ ᠥᠷᠭᠦᠯᠵᠢᠯᠡᠨ ᠰᠠᠶᠢᠲᠤᠷ ᠪᠠᠳᠠᠷᠠᠭᠤᠯᠵᠤ᠂ ᠬᠡᠷᠡᠭᠯᠡᠭᠡᠨ ᠤ ᠲᠠᠯᠲᠠ ᠬᠦᠴᠦᠨ ᠢ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠬᠡᠷᠡᠭᠯᠡᠭᠡ ᠪᠠᠷ ᠠᠵᠤ ᠠᠬᠤᠢ ᠶᠢ ᠳᠠᠶᠢᠴᠢᠯᠠᠬᠤ ᠦᠢᠯᠡᠳᠦᠯ ᠢ ᠦᠨᠡᠨᠬᠦ ᠴᠢᠩᠭᠠᠷᠠᠭᠤᠯᠤᠨ᠎ᠠ᠃ ᠨᠠᠭᠠᠳᠤᠮ ᠤᠨ ᠬᠤᠷᠠᠯ ᠤᠨ ᠬᠤᠭᠤᠴᠠᠭᠠᠨ ᠳᠤ ᠬᠤᠳᠠᠯᠳᠤᠭᠠᠨ ᠤ ᠲᠠᠯᠠᠪᠠᠢ ᠬᠠᠮ ᠳᠡᠯᠭᠡᠭᠦᠷ᠂ ᠢᠲᠡᠭᠡᠨ ᠤᠮᠳᠠᠭᠠᠨ ᠤ ᠬᠡᠷᠡᠭᠯᠡᠭᠡᠨ ᠤ ᠲᠡᠮᠳᠡᠭᠲᠦ ᠶᠢ 100 ᠭᠠᠷᠤᠢ ᠲᠦᠮᠡᠨ ᠲᠥᠭᠦᠷᠢᠭ ᠲᠠᠷᠬᠠᠭᠠᠵᠤ᠂ ᠵᠢᠭᠤᠯᠴᠢᠯᠠᠯ ᠤᠨ ᠬᠥᠭᠵᠢᠶᠡᠨᠲᠡᠢ ᠤᠯᠠᠷᠢᠯ ᠳᠤ ᠥᠷᠭᠦᠯᠵᠢᠯᠡᠨ ᠬᠡᠷᠡᠭᠯᠡᠭᠡ ᠶᠢ ᠳᠠᠶᠢᠴᠢᠯᠠᠬᠤ ᠪᠠᠷ ᠲᠥᠯᠥᠪᠯᠡᠵᠦ ᠪᠤᠢ︾ ᠭᠡᠵᠦ ᠲᠠᠨᠢᠯᠴᠠᠭᠤᠯᠪᠠ᠃
 
ᠢᠷᠡᠯᠲᠡ᠄ ᠰᠢᠯᠢ ᠶᠢᠨ ᠭᠣᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号