6 ᠰᠠᠷ᠎ᠠ ᠶᠢᠨ 14 ᠤ ᠦᠳᠡ ᠶᠢᠨ ᠡᠮᠦᠨ᠎ᠡ᠂ 2025 ᠤᠨ ᠤ ︽ᠲᠦᠮᠡᠨ ᠬᠦᠮᠦᠨ ᠮᠢᠩᠭᠠᠨ ᠲᠡᠷᠭᠡ︾ | ᠪᠠᠷ ᠲᠤᠮᠳᠠᠳᠤ ᠤᠯᠤᠰ ᠤᠨ ᠬᠠᠮᠤᠭ ᠤᠨ ᠭᠤᠶᠤ ︽ᠲᠠᠯ᠎ᠠ ᠨᠤᠲᠤᠭ ᠤᠨ 99 ᠨᠤᠮᠧᠷᠲᠤ ᠵᠠᠰᠠᠮᠠᠯ ᠵᠠᠮ︾ ᠢ | ᠲᠤᠭᠤᠯᠬᠤ ᠠᠶᠠᠯᠠᠯ ᠤᠨ ᠡᠬᠢᠯᠯᠡᠲᠡ ᠶᠢᠨ ᠶᠤᠰᠤᠯᠠᠯ ᠪᠠᠷᠠᠭᠤᠨ ᠦᠵᠦᠮᠦᠴᠢᠨ ᠬᠤᠰᠢᠭᠤᠨ ᠤ ᠴᠠᠭᠠᠨ ᠮᠤᠷᠢᠲᠤ | ᠬᠦᠭᠦᠷᠭᠡᠨ ᠳᠤ ᠦᠪᠡᠳᠡᠭᠰᠢ ᠶᠡᠭᠡ ᠪᠠᠷ ᠶᠠᠪᠤᠭᠳᠠᠪᠠ᠃ | | | ᠪᠦᠬᠦ ᠤᠯᠤᠰ ᠤᠨ ᠡᠯ᠎ᠡ ᠭᠠᠵᠠᠷ ᠤᠨ 150 ᠭᠠᠷᠤᠢ ᠬᠤᠪᠢ ᠶᠢᠨ ᠮᠠᠰᠢᠨ ᠲᠡᠷᠭᠡ᠂ 400 ᠭᠠᠷᠤᠢ | ᠵᠢᠭᠤᠯᠴᠢᠯᠠᠭᠰᠠᠳ ᠬᠤᠷᠠᠨ ᠴᠤᠭᠯᠠᠷᠠᠵᠤ᠂ ᠠᠩᠬᠠᠨ ᠤ ᠦᠷᠲᠡᠭᠡ ᠴᠠᠭᠠᠨ ᠮᠤᠷᠢᠲᠤ ᠬᠦᠭᠦᠷᠭᠡ ᠠᠴᠠ ᠮᠤᠷᠳᠠᠨ᠂ ︽ | ᠲᠠᠯ᠎ᠠ ᠨᠤᠲᠤᠭ ᠤᠨ 99 ᠨᠤᠮᠧᠷᠲᠤ ᠵᠠᠰᠠᠮᠠᠯ ᠵᠠᠮ︾ ᠢ ᠲᠤᠭᠤᠯᠬᠤ ᠠᠶᠠᠯᠠᠯ ᠢᠶᠠᠨ ᠡᠬᠢᠯᠡᠭᠦᠯᠦᠯ᠎ᠡ᠃ ᠠᠶᠠᠯᠠᠯ ᠤᠨ | ᠪᠦᠬᠦ ᠤᠷᠲᠤ ᠨᠢ 380 km ᠪᠠᠶᠢᠵᠤ᠂ ᠤᠯᠠᠭᠠᠨ ᠤᠲᠠᠢ᠂ ︽99 ᠨᠤᠮᠧᠷᠲᠤ ᠵᠠᠰᠠᠮᠠᠯ ᠵᠠᠮ︾ ᠤᠨ ᠡᠬᠢᠯᠯᠡᠲᠡ | ᠶᠢᠨ ᠴᠡᠭ᠂ ᠰᠡᠷᠬᠦᠯᠡᠩ ᠬᠠᠷᠠᠭᠠᠳᠤ ᠠᠭᠤᠯᠠᠨ ᠤ ᠦᠵᠡᠮᠵᠢ ᠶᠢᠨ ᠤᠷᠤᠨ᠂ ᠨᠡᠭᠦᠳᠡᠯᠴᠢᠨ ᠠᠶᠢᠮᠠᠭ ᠦᠵᠡᠮᠵᠢ ᠶᠢᠨ | ᠤᠷᠤᠨ᠂ ᠴᠠᠭᠠᠨ ᠬᠤᠰᠤᠨ ᠤᠢ ᠵᠡᠷᠭᠡ ᠭᠠᠵᠠᠷ ᠢᠶᠠᠷ ᠠᠶᠠᠯᠠᠵᠤ᠂ ᠬᠠᠮᠤᠭ ᠰᠡᠭᠦᠯ ᠳᠤ ᠶᠤᠯᠤ ᠬᠠᠶᠢᠷᠬᠠᠨ ᠦᠵᠡᠮᠵᠢ | ᠶᠢᠨ ᠤᠷᠤᠨ ᠳᠤ ᠬᠦᠷᠴᠦ ᠠᠶᠠᠯᠠᠯ ᠢᠶᠠᠨ ᠲᠡᠭᠦᠰᠬᠡᠬᠦ ᠪᠤᠯᠤᠨ᠎ᠠ᠃ | | ᠲᠤᠰ ᠠᠵᠢᠯᠯᠠᠭ᠎ᠠ ᠶᠢ ᠪᠠᠷᠠᠭᠤᠨ ᠦᠵᠦᠮᠦᠴᠢᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠠᠴᠠ | ᠭᠤᠤᠯᠯᠠᠨ ᠡᠷᠬᠢᠯᠡᠵᠦ᠂ ᠪᠠᠷᠠᠭᠤᠨ ᠦᠵᠦᠮᠦᠴᠢᠨ ᠬᠤᠰᠢᠭᠤᠨ ᠤ ᠰᠤᠶᠤᠯ ᠲᠠᠮᠢᠷ ᠵᠢᠭᠤᠯᠴᠢᠯᠠᠯ ᠷᠠᠳᠢᠤ᠋ ᠲᠧᠯᠸᠢᠰ | ᠲᠤᠪᠴᠢᠶ᠎ᠠ᠂ ᠰᠤᠶᠤᠯ ᠵᠢᠭᠤᠯᠴᠢᠯᠠᠯ ᠤᠨ ᠠᠵᠤ ᠦᠢᠯᠡᠰ ᠢ ᠬᠦᠭᠵᠢᠭᠦᠯᠬᠦ ᠲᠦᠪ ᠠᠴᠠ ᠲᠠᠭᠠᠭᠠᠴᠢᠯᠠᠨ ᠡᠷᠬᠢᠯᠡᠵᠦ᠂ | ᠪᠦᠬᠦ ᠤᠯᠤᠰ ᠤᠨ ᠬᠤᠪᠢ ᠶᠢᠨ ᠮᠠᠰᠢᠨ ᠤ ᠵᠢᠭᠤᠯᠴᠢᠯᠠᠯ ᠤᠨ ᠬᠤᠯᠪᠤᠭ᠎ᠠ ᠠᠴᠠ ᠬᠠᠮᠵᠢᠯᠴᠠᠨ ᠡᠷᠬᠢᠯᠡᠵᠡᠢ᠃ | | | | | | ᠤᠶᠢᠯᠠᠭᠠᠭᠰᠠᠨ ᠢᠶᠠᠷ᠂ ᠲᠤᠰ ᠠᠵᠢᠯᠯᠠᠭ᠎ᠠ ᠨᠢ ᠪᠠᠷᠠᠭᠤᠨ ᠦᠵᠦᠮᠦᠴᠢᠨ ᠬᠤᠰᠢᠭᠤᠨ ᠤ ︽ᠳᠤᠮᠳᠠᠳᠤ ᠤᠯᠤᠰ | ᠤᠨ ᠴᠠᠭᠠᠨ ᠠᠳᠤᠭᠤᠨ ᠤ ᠦᠯᠦᠭᠡᠢ︾᠂ ᠲᠤᠮᠳᠠᠳᠤ ᠤᠯᠤᠰ ᠤᠨ ᠬᠠᠮᠤᠭ ᠤᠨ ᠭᠤᠶᠤ ︽ᠲᠠᠯ᠎ᠠ ᠨᠤᠲᠤᠭ ᠤᠨ 99 | ᠨᠤᠮᠧᠷᠲᠤ ᠵᠠᠰᠠᠮᠠᠯ ᠵᠠᠮ︾ ᠤᠨ ᠨᠡᠷᠡᠲᠦ ᠲᠡᠮᠳᠡᠭ ᠢ ᠤᠯᠠᠮ ᠨᠢᠭᠡ ᠠᠯᠬᠤᠮ ᠲᠡᠭᠡᠭᠰᠢᠯᠡᠭᠦᠯᠵᠦ᠂ ᠪᠥᠬᠦ ᠤᠯᠤᠰ ᠤᠨ | ᠲᠣᠮᠣ ᠬᠡᠯᠪᠡᠷᠢ ᠶᠢᠨ ᠬᠤᠪᠢ ᠶᠢᠨ ᠮᠠᠰᠢᠨ ᠢᠶᠠᠷ ᠵᠤᠭᠠᠴᠠᠬᠤ ᠠᠵᠢᠯᠯᠠᠭ᠎ᠠ ᠶᠢ ᠵᠤᠬᠢᠶᠠᠨ ᠪᠠᠶᠢᠭᠤᠯᠬᠤ ᠪᠠᠷ | ᠳᠠᠮᠵᠢᠭᠤᠯᠤᠨ᠂ ᠬᠦᠷᠰᠢ ᠵᠡᠷᠭᠡᠯᠡᠳᠡᠭᠡ ᠮᠤᠵᠢ ᠬᠤᠳᠠ ᠶᠢᠨ ᠬᠤᠪᠢ ᠶᠢᠨ ᠮᠠᠰᠢᠨ ᠢᠶᠠᠷ ᠵᠤᠭᠠᠴᠠᠬᠤ ᠵᠠᠬ᠎ᠠ ᠳᠡᠯᠭᠡᠭᠦᠷ ᠢ | ᠬᠦᠭᠵᠢᠭᠡᠨ᠂ ᠪᠠᠷᠠᠭᠤᠨ ᠦᠵᠦᠮᠦᠴᠢᠨ ᠬᠤᠰᠢᠭᠤᠨ ᠤ ᠦᠵᠡᠰᠭᠦᠯᠡᠩᠲᠦ ᠰᠠᠶᠢᠬᠠᠨ ᠪᠠᠶᠢᠭᠠᠯᠢ ᠶᠢᠨ ᠦᠩᠭᠡ ᠦᠵᠡᠮᠵᠢ | ᠂ ᠤᠮᠠᠷᠠᠲᠤ ᠬᠢᠯᠢ ᠶᠢᠨ ᠰᠤᠶᠤᠯ ᠤᠨ ᠬᠢᠵᠠᠭᠠᠯᠠᠰᠢ ᠦᠭᠡᠢ ᠲᠠᠳᠠᠬᠤ ᠬᠦᠴᠦᠨ ᠢ ᠳᠡᠯᠭᠡᠨ ᠦᠵᠡᠭᠦᠯᠵᠦ᠂ ︽ | ᠰᠦᠯᠵᠢᠶᠡᠨ ᠳᠡᠭᠡᠷ᠎ᠡ + ᠰᠦᠯᠵᠢᠶᠡᠨ ᠭᠠᠳᠠᠨᠠᠬᠢ︾ ᠤᠬᠠᠭᠤᠯᠭ᠎ᠠ ᠪᠠᠷ ᠲᠠᠮᠵᠢᠭᠤᠯᠤᠨ᠂ ︽ᠲᠠᠯ᠎ᠠ ᠨᠤᠲᠤᠭ ᠤᠨ | 99 ᠨᠣᠮᠧᠷᠲᠤ ᠵᠠᠰᠠᠮᠠᠯ ᠵᠠᠮ︾ ᠤᠨ ᠰᠤᠶᠤᠯ ᠵᠢᠭᠤᠯᠴᠢᠯᠠᠯ ᠤᠨ ᠨᠡᠷ᠎ᠡ ᠠᠯᠳᠠᠷᠰᠢᠯ ᠢ ᠦᠷᠬᠦᠯᠵᠢᠯᠡᠨ ᠴᠤᠭᠴᠠᠯᠠᠵᠤ | ᠂ ᠪᠠᠷᠠᠭᠤᠨ ᠦᠵᠦᠮᠦᠴᠢᠨ ᠬᠤᠰᠢᠭᠤᠨ ᠤ ᠵᠢᠭᠤᠯᠴᠢᠯᠠᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ | ᠦᠷᠭᠦᠯᠵᠢᠯᠡᠨ ᠠᠬᠢᠭᠤᠯᠬᠤ ᠪᠠᠷ ᠵᠤᠷᠢᠯᠭ᠎ᠠ ᠪᠠᠨ ᠪᠤᠯᠭᠠᠵᠠᠢ᠃ | ᠠᠵᠢᠯᠯᠠᠭ᠎ᠠ ᠨᠢ ᠪᠠᠰᠠ ᠪᠦᠬᠦ ᠤᠯᠤᠰ ᠤᠨ ᠬᠤᠪᠢ ᠶᠢᠨ ᠮᠠᠰᠢᠨ ᠢᠶᠠᠷ ᠵᠤᠭᠠᠴᠠᠬᠤ ᠬᠤᠯᠪᠤᠭ᠎ᠠ ᠶᠢᠨ ᠲᠤᠤᠷᠠᠬᠢ | ᠤᠯᠠᠨ ᠵᠠᠭᠤᠴᠢᠯᠠᠭᠤᠷ ᠤᠨ ᠲᠠᠪᠴᠠᠩ ᠲᠠᠢ ᠬᠤᠯᠪᠤᠭᠠᠯᠠᠨ᠂ ᠰᠢᠭᠤᠳ ᠨᠡᠪᠲᠡᠷᠡᠭᠦᠯᠭᠡ᠂ VR᠂ ᠤᠬᠤᠷ ᠹᠢᠯᠢᠮ | ᠵᠡᠷᠭᠡ ᠬᠡᠯᠪᠡᠷᠢ ᠪᠠᠷ ᠲᠠᠮᠵᠢᠭᠤᠯᠤᠨ᠂ ᠪᠦᠬᠦ ᠤᠯᠤᠰ ᠤᠨ ᠦᠵᠡᠭᠴᠢᠳ ᠲᠤ ︽ᠲᠠᠯ᠎ᠠ ᠨᠤᠲᠤᠭ ᠤᠨ 99 ᠨᠤᠮᠧᠷᠲᠤ | ᠵᠠᠰᠠᠮᠠᠯ ᠵᠠᠮ︾ ᠤᠨ ᠠᠶᠠᠯᠠᠯ ᠤᠨ ᠦᠪᠡᠷᠮᠢᠴᠡ ᠲᠠᠳᠠᠬᠤ ᠬᠦᠴᠦᠨ ᠢ ᠬᠠᠷᠠᠭᠤᠯᠪᠠ᠃ ᠠᠵᠢᠯᠯᠠᠭᠠᠨ ᠳᠤ ᠪᠠᠰᠠ | ᠪᠤᠳᠠᠰ ᠤᠨ ᠪᠤᠰᠤ ᠰᠤᠶᠤᠯ ᠤᠨ ᠦᠪ ᠤᠨ ᠲᠡᠯᠭᠡᠨ ᠦᠵᠡᠭᠦᠯᠭᠡ᠂ ᠲᠠᠯ᠎ᠠ ᠨᠤᠲᠤᠭ ᠤᠨ ᠠᠮᠳᠠᠳᠤ ᠢᠳᠡᠭᠡᠨ ᠤ | ᠦᠵᠡᠭᠦᠯᠭᠡ ᠵᠡᠷᠭᠡ ᠶᠢ ᠲᠤᠬᠢᠷᠠᠭᠤᠯᠵᠤ᠂ ᠡᠯ᠎ᠡ ᠭᠠᠵᠠᠷ ᠤᠨ ᠵᠢᠭᠤᠯᠴᠢᠯᠠᠭᠰᠠᠳ ᠲᠤ ᠲᠠᠯ᠎ᠠ ᠨᠤᠲᠤᠭ ᠤᠨ ᠰᠤᠶᠤᠯ | ᠢᠷᠭᠡᠨᠰᠢᠯ ᠢ ᠪᠡᠶᠡᠴᠢᠯᠡᠨ ᠤᠶᠢᠯᠠᠭᠠᠭᠤᠯᠵᠠᠢ᠃ | | |