︽ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠡᠷᠭᠡᠶᠢᠯᠡᠬᠦ ᠪᠠ ᠰᠢᠢᠳᠪᠦᠷᠢᠯᠡᠬᠦ ᠳᠦᠷᠢᠮ︾ ᠢ ᠭᠦᠨᠵᠡᠭᠡᠢ | ᠲᠤᠤᠱᠠᠯᠠᠭᠤᠯᠤᠨ ᠨᠠᠶᠢᠳᠠᠪᠤᠷᠢᠵᠢᠭᠤᠯᠵᠤ᠂ ᠣᠯᠠᠨ ᠲᠦᠮᠡᠨ ᠤ ᠬᠠᠤᠯᠢ ᠪᠤᠰᠤ ᠦᠶᠯᠡ ᠠᠵᠢᠯᠯᠠᠭ᠎ᠠ ᠶᠢ ᠰᠡᠷᠭᠡᠶᠢᠯᠡᠬᠦ | ᠤᠬᠠᠮᠰᠠᠷ ᠪᠠ ᠴᠢᠳᠠᠪᠤᠷᠢ ᠶᠢ ᠤᠯᠠᠮ ᠨᠢᠭᠡ ᠠᠯᠬᠤᠮ ᠲᠡᠭᠡᠭᠰᠢᠯᠡᠬᠦᠯᠬᠦ ᠶᠢᠨ ᠲᠥᠯᠥᠭᠡ᠂ 6 ᠰᠠᠷ᠎ᠠ ᠶᠢᠨ 13 ᠤ | ᠡᠳᠦᠷ᠂ ᠪᠠᠷᠠᠭᠤᠨ ᠦᠵᠦᠮᠦᠴᠢᠨ ᠬᠤᠰᠢᠭᠤ 2025 ᠣᠨ ᠤ ᠬᠠᠤᠯᠢ ᠪᠤᠰᠤ ᠮᠥᠩᠭᠦᠨ ᠭᠦᠢᠯᠭᠡᠭᠡᠨ ᠳᠤ | ᠴᠤᠬᠢᠯᠲᠠ ᠦᠭᠬᠦ ᠪᠠ ᠰᠡᠷᠭᠡᠶᠢᠯᠡᠨ ᠤᠬᠠᠭᠤᠯᠬᠤ ᠠᠵᠢᠯᠯᠠᠭᠠᠨ ᠤ ᠡᠬᠢᠯᠡᠯᠲᠡ ᠶᠢᠨ ᠶᠣᠰᠣᠯᠠᠯ ᠢ ᠶᠠᠪᠣᠭᠳᠠᠭᠤᠯᠵᠣ᠂ | ᠪᠠᠷᠠᠭᠤᠨ ᠦᠵᠦᠮᠦᠴᠢᠨ ᠬᠤᠰᠢᠭᠤᠨ ᠤ ᠬᠠᠤᠯᠢ ᠪᠤᠰᠤ ᠮᠥᠩᠭᠦᠨ ᠭᠦᠢᠯᠭᠡᠭᠡᠨ ᠤ ᠠᠵᠢᠯᠯᠠᠭ᠎ᠠ ᠶᠢ ᠰᠡᠷᠭᠡᠶᠢᠯᠡᠬᠦ ᠪᠠ | ᠴᠣᠬᠢᠯᠲᠠ ᠥᠭᠬᠦ ᠲᠤᠰᠬᠠᠢ ᠠᠵᠢᠯ ᠤᠨ ᠳᠤᠭᠤᠶᠢᠯᠠᠩ ᠤᠨ ᠡᠯ᠎ᠡ ᠪᠦᠷᠢᠯᠳᠦᠭᠦᠨ ᠨᠢᠭᠡᠴᠡ ᠣᠷᠣᠯᠴᠠᠵᠠᠢ᠃ | ᠠᠵᠢᠯᠯᠠᠭ᠎ᠠ ᠶᠢᠨ ᠠᠬᠤᠢ ᠲᠠᠯᠠᠪᠠᠢ ᠳᠤ᠂ ᠡᠯ᠎ᠡ ᠪᠦᠷᠢᠯᠳᠦᠭᠦᠨ ᠨᠢᠭᠡᠴᠡ ᠶᠢᠨ ᠬᠢᠨ ᠤᠬᠠᠭᠤᠯᠭ᠎ᠠ ᠶᠢᠨ | ᠯᠠᠪᠯᠠᠯᠲᠠ ᠶᠢᠨ ᠴᠡᠭ ᠭᠠᠷᠭᠠᠵᠤ᠂ ᠤᠯᠠᠨ ᠲᠦᠮᠡᠨ ᠳᠤ ᠤᠬᠠᠭᠤᠯᠭ᠎ᠠ ᠶᠢᠨ ᠮᠠᠲ᠋ᠧᠷᠢᠶᠠᠯ᠂ ᠤᠬᠠᠭᠤᠯᠭ᠎ᠠ ᠶᠢᠨ | ᠬᠠᠭᠤᠳᠠᠰᠤ ᠲᠠᠷᠬᠠᠭᠠᠬᠤ ᠵᠡᠷᠭᠡ ᠬᠡᠯᠪᠡᠷᠢ ᠪᠠᠷ ᠳᠠᠮᠵᠢᠭᠤᠯᠵᠤ᠂ ᠣᠯᠠᠨ ᠲᠦᠮᠡᠨ ᠳᠤ ᠬᠠᠤᠯᠢ ᠪᠤᠰᠤ ᠮᠥᠩᠭᠦᠨ | ᠭᠦᠢᠯᠭᠡᠭᠡᠨ ᠤ ᠠᠵᠢᠯᠯᠠᠭ᠎ᠠ ᠶᠢᠨ ᠮᠥᠨ ᠴᠢᠨᠠᠷ ᠬᠢᠭᠡᠳ ᠬᠤᠣᠷ ᠬᠥᠨᠥᠭᠡᠯ ᠢ ᠲᠣᠳᠣᠷᠬᠠᠢ ᠲᠠᠨᠢᠭᠤᠯᠵᠤ᠂ ᠣᠯᠠᠨ | ᠨᠡᠶᠢᠲᠡ ᠶᠢᠨ ᠬᠠᠤᠯᠢ ᠪᠤᠰᠤ ᠮᠥᠩᠭᠦᠨ ᠭᠦᠢᠯᠭᠡᠭᠡᠨ ᠤ ᠠᠵᠢᠯᠯᠠᠭ᠎ᠠ ᠶᠢ ᠰᠡᠷᠭᠡᠶᠢᠯᠡᠬᠦ ᠤᠬᠠᠮᠰᠠᠷ ᠵᠢᠴᠢ ᠢᠯᠭᠠᠨ | ᠲᠠᠨᠢᠬᠤ ᠴᠢᠳᠠᠪᠤᠷᠢ ᠶᠢ ᠪᠦᠲᠦᠮᠵᠢᠲᠡᠶ ᠳᠡᠭᠡᠭᠰᠢᠯᠡᠭᠦᠯᠦᠨ᠂ ᠪᠥᠬᠦ ᠠᠷᠠᠳ ᠢᠶᠠᠷ ᠢᠶᠠᠨ ᠬᠠᠤᠯᠢ ᠪᠤᠰᠤ ᠦᠶᠯᠡ | ᠠᠵᠢᠯᠯᠠᠭ᠎ᠠ ᠶᠢ ᠰᠡᠷᠭᠡᠶᠢᠯᠡᠬᠦ᠂ ᠰᠠᠨᠠᠭᠠᠴᠢᠯᠠᠭ᠎ᠠ ᠠᠴᠠ ᠪᠠᠨ ᠲᠡᠪᠴᠢᠬᠦ ᠰᠠᠶᠢᠨ ᠰᠠᠶᠢᠬᠠᠨ ᠨᠡᠶᠢᠭᠡᠮ ᠤᠨ ᠠᠭᠤᠷ | ᠠᠮᠢᠰᠬᠤᠯ ᠢ ᠪᠥᠬᠦ ᠬᠦᠴᠦᠨ ᠢᠶᠠᠷ ᠢᠶᠠᠨ ᠪᠣᠶ ᠪᠤᠯᠭᠠᠭᠰᠠᠨ ᠪᠠᠶᠢᠨ᠎ᠠ᠃ | ᠲᠣᠰ ᠤᠳᠠᠭᠠᠨ ᠤ ᠬᠠᠤᠯᠢ ᠪᠤᠰᠤ ᠮᠥᠩᠭᠦᠨ ᠭᠦᠢᠯᠭᠡᠭᠡᠨ ᠳᠤ ᠴᠣᠬᠢᠯᠲᠠᠥᠭᠬᠦ ᠪᠠ ᠰᠡᠷᠬᠡᠶᠢᠯᠡᠨ | ᠤᠬᠠᠭᠤᠯᠬᠤ ᠠᠵᠢᠯᠯᠠᠭ᠎ᠠ ᠶᠢ ᠥᠷᠨᠢᠭᠦᠯᠦᠭᠰᠡᠨ ᠨᠢ ᠪᠠᠷᠠᠭᠤᠨ ᠦᠵᠦᠮᠦᠴᠢᠨ ᠬᠤᠰᠢᠭᠤᠨ ᠤ ᠠᠵᠤ ᠠᠬᠤᠢ | ᠨᠡᠶᠢᠭᠡᠮ ᠤᠨ ᠲᠣᠭᠲᠠᠭᠤᠨ ᠬᠥᠭᠵᠢᠯᠲᠡ᠂ ᠣᠯᠠᠨ ᠲᠦᠮᠡᠨ ᠤ ᠡᠳ᠋ ᠬᠥᠷᠥᠩᠭᠡ ᠶᠢᠨ ᠠᠮᠤᠷ ᠲᠦᠪᠰᠢᠨ ᠳᠤ ᠦᠨᠡᠨ ᠬᠦ | ᠪᠠᠲᠤ ᠪᠠᠬᠢ ᠰᠡᠷᠭᠡᠶᠢᠯᠡᠯᠲᠡ ᠶᠢᠨ ᠱᠤᠭᠤᠮ ᠪᠠᠶᠢᠭᠤᠯᠵᠤ᠂ ᠠᠮᠤᠷ ᠲᠦᠪᠰᠢᠨ ᠡᠮᠬᠢ ᠵᠢᠷᠤᠮ ᠲᠠᠢ ᠮᠥᠩᠭᠦᠨ | ᠭᠦᠢᠯᠭᠡᠭᠡᠨ ᠤ ᠣᠷᠴᠢᠨ ᠲᠣᠭᠤᠷᠢᠨ ᠢ ᠪᠣᠶ ᠪᠣᠯᠭᠠᠬᠤ ᠳᠤ ᠬᠦᠴᠦᠲᠡᠢ ᠲᠤᠯᠭᠠᠭᠤᠷᠢᠯᠠᠯ ᠢ ᠬᠠᠩᠭᠠᠭᠰᠠᠨ ᠪᠠᠶᠢᠨ᠎ᠠ᠃ | | |