ᠪᠠᠷᠠᠭᠤᠨ ᠦᠵᠦᠮᠦᠴᠢᠨ ᠬᠤᠰᠢᠭᠤᠨ ᠤ ᠬᠠᠷᠢᠶᠠᠨ ᠳᠠᠬᠢ ᠬᠤᠯᠠᠨ ᠰᠢᠷᠭ᠎ᠠ ᠲᠠᠭ᠎ᠠ ᠶᠢᠨ ᠡᠯᠡᠰᠦ ᠶᠢ ᠶᠡᠷᠦᠩᠬᠡᠶᠢᠯᠡᠨ | ᠵᠠᠰᠠᠬᠤ ᠬᠡᠰᠡᠭ ᠨᠢ 434.63 ᠲᠦᠮᠡᠨ ᠮᠦ ᠭᠠᠵᠠᠷ ᠤᠨ ᠲᠡᠯᠡᠪᠡᠢ ᠶᠢ ᠬᠠᠮᠣᠷᠴᠣ᠂ ᠪᠦᠬᠦ ᠬᠤᠰᠢᠭᠤᠨ ᠤ 7 ᠰᠣᠮᠣ | ᠪᠠᠯᠭᠠᠰᠣᠨ ᠤ 36 ᠭᠠᠴᠠᠭᠠᠨ ᠤ ᠨᠣᠳᠤᠭ ᠪᠡᠯᠴᠢᠭᠡᠷ ᠬᠠᠮᠣᠷᠣᠭᠳᠠᠵᠣ ᠪᠠᠶᠢᠳᠠᠭ᠃ 2025 ᠣᠨ ᠤ ᠡᠬᠢᠨ ᠤ ᠡᠯᠡᠰᠦ ᠶᠢ | ᠶᠡᠷᠦᠩᠬᠡᠶᠢᠯᠡᠨ ᠵᠠᠰᠠᠬᠤ ᠠᠵᠢᠯ ᠡᠬᠢᠯᠡᠭᠰᠡᠨ ᠠᠴᠠ ᠨᠠᠰᠢ ᠪᠠᠷᠠᠭᠤᠨ ᠦᠵᠦᠮᠦᠴᠢᠨ ᠬᠤᠰᠢᠭᠤ ᠨᠢ ᠲᠦᠷᠦ ᠶᠢᠨ ᠶᠠᠪᠣᠳᠠᠯ ᠤᠨ | ᠬᠤᠷᠢᠶᠠᠨ ᠤ ᠠᠯᠪᠠᠨ ᠲᠢᠩᠬᠢᠮ ᠤᠨ ᠲᠠᠮᠵᠢᠭᠤᠯᠣᠨ ᠲᠠᠷᠬᠠᠭᠠᠭᠰᠠᠨ ᠣᠯᠣᠰ ᠤᠨ ᠬᠦᠭᠵᠢᠬᠦᠯᠦᠯᠲᠡ ᠦᠭᠡᠷᠡᠴᠢᠯᠡᠯᠲᠡ ᠶᠢᠨ | ᠵᠦᠪᠯᠡᠯ ᠤᠨ ︿ ᠭᠤᠣᠯᠳᠠᠯᠭ᠎ᠠ ᠲᠠᠢ ᠲᠦᠷᠦᠯ ᠵᠦᠢᠯ ᠳᠤ ᠠᠵᠢᠯ ᠣᠯᠭᠤᠬᠤ ᠪᠠᠷ ᠲᠡᠳᠬᠦᠮᠵᠢ ᠶᠢ ᠣᠷᠣᠯᠠᠭᠤᠯᠣᠨ ᠭᠠᠵᠠᠷ | ᠣᠷᠣᠨ ᠤ ᠣᠯᠠᠨ ᠲᠦᠮᠡᠨ ᠤ ᠠᠵᠢᠯ ᠣᠯᠵᠣ ᠣᠷᠣᠯᠭ᠎ᠠ ᠪᠠᠨ ᠨᠡᠮᠡᠭᠳᠡᠬᠦᠯᠬᠦ ᠶᠢ ᠠᠬᠢᠭᠤᠯᠬᠤ ᠠᠵᠢᠯ ᠤᠨ ᠲᠦᠰᠦᠪ﹀ ᠢ | ᠣᠯᠠᠮ ᠨᠢᠭᠡ ᠠᠯᠬᠤᠮ ᠲᠣᠣᠱᠯᠠᠭᠤᠯᠵᠣ᠂ ᠲᠡᠭᠡᠳᠦ ᠱᠠᠳᠣᠨ ᠤ ᠨᠢᠭᠡᠳᠦᠯᠳᠡᠢ ᠠᠵᠢᠯ ᠤᠨ ᠪᠠᠶᠢᠷᠢᠯᠠᠭᠤᠯᠣᠯᠲᠠ ᠶᠣᠰᠣᠭᠠᠷ᠂ | ᠠᠮᠢ ᠠᠬᠤᠢ ᠶᠢᠨ ᠪᠦᠳᠦᠭᠡᠨ ᠪᠠᠶᠢᠭᠤᠯᠣᠯᠲᠠ ᠶᠢᠨ ᠲᠦᠷᠦᠯ ᠵᠦᠢᠯ ᠳᠤ᠂ ᠡᠯᠡᠰᠦ ᠶᠢ ᠶᠡᠷᠦᠩᠬᠡᠶᠢᠯᠡᠨ ᠵᠠᠰᠠᠬᠤ ᠠᠵᠢᠯ ᠳᠤ ︿ | ᠠᠵᠢᠯ ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ﹀ ᠠᠵᠢᠯ ᠢ ᠪᠣᠳᠠᠳᠠᠢ ᠥᠷᠨᠢᠬᠦᠯᠵᠦ᠂ ᠣᠷᠣᠯᠭ᠎ᠠ ᠪᠠᠭᠠᠲᠠᠢ ᠣᠯᠠᠨ | ᠲᠦᠮᠡᠨ ᠢ ᠵᠣᠬᠢᠶᠠᠨ ᠪᠠᠶᠢᠭᠤᠯᠵᠤ ᠠᠵᠢᠯ ᠬᠥᠳᠡᠯᠮᠦᠷᠢ ᠬᠢᠯᠭᠡᠬᠦ᠂ ᠬᠥᠳᠡᠯᠮᠦᠷᠢ ᠦᠢᠯᠡᠴᠢᠯᠡᠭᠡᠨ ᠤ ᠬᠥᠯᠥᠰᠦ ᠣᠯᠭᠤᠮᠵᠢ | ᠣᠯᠭᠤᠬᠤ ᠵᠡᠷᠭᠡ ᠠᠵᠢᠯ ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ ᠡᠭᠦᠷᠭᠡ ᠶᠢᠨ ᠲᠤᠬᠠᠢ ᠲᠡᠭᠡᠳᠦ ᠱᠠᠳᠣᠨ ᠤ | ᠱᠠᠭᠠᠷᠳᠠᠯᠭ᠎ᠠ ᠶᠣᠰᠣᠭᠠᠷ ᠠᠵᠢᠯ ᠢᠶᠠᠨ ᠥᠷᠨᠢᠬᠦᠯᠵᠦ ᠡᠬᠢᠯᠡᠭᠰᠡᠨ ᠪᠠᠶᠢᠳᠠᠭ᠃ | ᠪᠠᠷᠠᠭᠤᠨ ᠦᠵᠦᠮᠦᠴᠢᠨ ᠬᠤᠰᠢᠭᠤᠨ ᠤ ᠣᠢ ᠰᠢᠭᠤᠢ ᠨᠣᠳᠤᠭ ᠪᠡᠯᠴᠢᠭᠡᠷ ᠤᠨ ᠲᠣᠪᠴᠢᠶ᠎ᠠ ᠵᠡᠷᠭᠡ ᠬᠠᠮᠢᠶ᠎ᠠ ᠪᠦᠬᠦᠢ | ᠪᠠᠶᠢᠭᠤᠯᠣᠯᠭ᠎ᠠ ᠨᠢᠭᠡᠴᠡ ᠨᠢ ᠡᠨᠡ ᠵᠢᠯ ᠤᠨ ᠡᠯᠡᠰᠦ ᠶᠢ ᠶᠡᠷᠦᠩᠬᠡᠶᠢᠯᠡᠨ ᠵᠠᠰᠠᠬᠤ ᠪᠠ ᠨᠣᠳᠤᠭ ᠪᠡᠯᠴᠢᠭᠡᠷ ᠢ ᠶᠡᠷᠦᠩᠬᠡᠶᠢᠯᠡᠨ | ᠨᠦᠬᠦᠨ ᠰᠡᠷᠭᠦᠭᠡᠬᠦ ᠠᠵᠢᠯ ᠳᠤ ᠦᠨᠳᠦᠰᠦᠨ ᠱᠠᠳᠣᠨ ᠤ ᠮᠠᠯᠴᠢᠳ ᠢ ᠣᠷᠣᠯᠴᠠᠭᠤᠯᠣᠨ ᠮᠠᠯᠵᠢᠯ ᠤᠨ ᠪᠣᠰᠣ ᠠᠰᠢᠭ | ᠣᠷᠣᠯᠭ᠎ᠠ ᠶᠢ ᠨᠢ ᠨᠡᠮᠡᠭᠳᠡᠬᠦᠯᠬᠦ ᠶᠢ ᠵᠣᠷᠢᠵᠣ᠂ ᠮᠠᠰᠢᠨ ᠣᠨᠤᠭ᠎ᠠ ᠵᠢᠯᠣᠭᠤᠳᠬᠤ᠂ ᠪᠣᠷᠳᠣᠭᠤᠷ ᠣᠷᠣᠭᠤᠯᠬᠤ᠂ ᠲᠣᠣᠷ | ᠬᠦᠷᠢᠶ᠎ᠠ ᠳᠠᠳᠠᠬᠤ ᠵᠡᠷᠭᠡ ᠲᠡᠳᠡᠨ ᠤ ᠠᠵᠢᠯ ᠮᠡᠷᠭᠡᠵᠢᠯ ᠳᠤ ᠲᠣᠬᠢᠷᠠᠭᠤᠯᠣᠨ ᠰᠠᠶᠢᠨ ᠲᠣᠷ᠎ᠠ ᠠᠴᠠ ᠪᠠᠨ ᠢᠳᠡᠪᠬᠢᠳᠡᠢ | ᠣᠷᠣᠯᠴᠠᠬᠤ ᠶᠢ ᠲᠠᠶᠢᠴᠢᠯᠠᠭᠰᠠᠨ ᠪᠠᠶᠢᠨ᠎ᠠ᠃ | ᠵᠢᠷ ᠤᠨ ᠭᠤᠣᠯ ᠪᠠᠯᠭᠠᠰᠣᠨ ᠤ ᠪᠠᠶᠠᠨᠴᠡᠩᠭᠡᠯ ᠭᠠᠴᠠᠭᠠᠨ ᠤ ᠨᠠᠰᠣᠬᠤᠷᠳᠣ ᠶᠢᠨ ᠨᠣᠳᠤᠭ ᠨᠢ ᠡᠨᠡ ᠵᠢᠯ ᠨᠦᠬᠦᠨ | ᠰᠡᠷᠭᠦᠭᠡᠬᠦ ᠲᠦᠷᠦᠯ ᠵᠦᠢᠯ ᠤᠨ ᠬᠡᠰᠡᠭ ᠲᠤ ᠬᠠᠮᠣᠷᠣᠭᠳᠠᠵᠣ᠂ ᠣᠶᠢᠷ᠎ᠠ ᠬᠠᠪᠢ ᠶᠢᠨ ᠠᠶᠢᠯ ᠣᠰᠣᠨ ᠤ ᠬᠢᠨᠢ ᠨᠠᠶᠢᠳᠠ | 8000 ᠭᠠᠷᠣᠢ ᠮᠦ ᠨᠣᠳᠤᠭ ᠡᠨᠡ ᠬᠦ ᠲᠠᠯᠠᠪᠠᠢ ᠳᠤ ᠬᠠᠮᠣᠷᠣᠭᠳᠠᠭᠰᠠᠨ ᠪᠠᠶᠢᠨ᠎ᠠ᠃ ᠨᠣᠳᠤᠭ ᠪᠡᠯᠴᠢᠭᠡᠷ ᠢ ᠨᠦᠬᠦᠨ | ᠰᠡᠷᠭᠦᠭᠡᠬᠦ ᠳᠤ ᠲᠣᠣᠷ ᠬᠦᠷᠢᠶ᠎ᠠ ᠳᠠᠳᠠᠨ ᠬᠠᠮᠠᠭᠠᠯᠠᠬᠤ ᠠᠵᠢᠯ ᠲᠡᠷᠢᠬᠦᠨ ᠳᠤ ᠶᠠᠪᠣᠭᠳᠠᠬᠤ ᠪᠠᠶᠢᠳᠠᠯ ᠳᠤ᠂ ᠬᠤᠰᠢᠭᠤ ᠣᠢ | ᠰᠢᠭᠤᠢ ᠨᠣᠳᠤᠭ ᠪᠡᠯᠴᠢᠭᠡᠷ ᠤᠨ ᠲᠣᠪᠴᠢᠶᠠᠨ ᠤ ᠬᠢᠨ ᠮᠠᠯᠴᠢᠳ ᠲᠠᠢ ᠢᠳᠡᠪᠬᠢᠳᠡᠢ ᠬᠠᠷᠢᠯᠴᠠᠨ ᠡᠨᠡᠬᠦ ᠠᠵᠢᠯ ᠳᠤ ᠳᠠᠳᠠᠨ | ᠣᠷᠣᠭᠤᠯᠣᠭᠰᠠᠨ ᠢᠶᠠᠷ᠂ ᠲᠡᠳᠡᠨ ᠤ ᠨᠣᠳᠤᠭ ᠪᠡᠯᠴᠢᠭᠡᠷ ᠢᠶᠠᠨ ᠬᠠᠮᠠᠭᠠᠭᠯᠬᠤ ᠶᠢᠨ ᠲᠠᠭᠠᠣ ᠠᠰᠢᠭ ᠣᠷᠣᠯᠭ᠎ᠠ ᠣᠯᠬᠤ | ᠰᠠᠶᠢᠬᠠᠨ ᠪᠣᠯᠣᠮᠵᠢ ᠶᠢ ᠬᠠᠩᠬᠭᠠᠰᠠᠨ ᠪᠠᠶᠢᠨ᠎ᠠ᠃ ᠲᠡᠶᠢᠨᠬᠦ ᠨᠠᠰᠣᠬᠤᠷᠳᠣ ᠬᠡᠳᠦᠨ ᠲᠡᠭᠦᠦᠨᠡᠷ ᠲᠠᠢ ᠪᠠᠨ ᠡᠨᠡᠬᠦ ᠠᠵᠢᠯ ᠢ | ᠲᠠᠭᠠᠭᠠᠴᠢᠯᠠᠨ ᠠᠪᠴᠦ ᠬᠠᠭᠠᠰ ᠰᠠᠷ᠎ᠠ ᠭᠠᠷᠣᠢ ᠶᠢᠨ ᠬᠤᠭᠤᠴᠠᠭᠠᠨ ᠳᠤ ᠨᠠᠶᠢᠳᠡ 30000 ᠭᠠᠷᠣᠢ ᠲᠦᠭᠦᠷᠢᠭ ᠣᠯᠬᠤ | ᠪᠣᠯᠣᠮᠵᠢᠳᠡᠢ ᠪᠣᠯᠣᠭᠰᠠᠨ ᠢᠶᠠᠷ ᠮᠠᠰᠢ ᠪᠠᠶᠠᠷᠳᠠᠢ ᠪᠠᠶᠢᠯ᠎ᠠ᠃ | ᠣᠶᠢᠯᠠᠭᠠᠭᠰᠠᠨ ᠢᠶᠠᠷ᠂ ᠡᠨᠡ ᠵᠢᠯ ᠵᠢᠷ ᠤᠨ ᠭᠤᠣᠯ ᠪᠠᠯᠭᠠᠰᠣᠨ ᠳᠠᠬᠢ ᠨᠣᠳᠤᠭ ᠪᠡᠯᠴᠢᠭᠡᠷ ᠢ ᠶᠠᠷᠦᠩᠭᠡᠶᠢᠯᠡᠨ ᠵᠠᠰᠠᠬᠤ | ᠲᠠᠯᠠᠪᠠᠢ15678 ᠮᠦ ᠪᠠᠶᠢᠵᠣ᠂ ᠡᠭᠦᠨ ᠳᠤ ᠬᠦᠮᠦᠨ ᠤ ᠬᠦᠴᠦ ᠪᠠᠷ ᠡᠪᠡᠰᠦ ᠲᠠᠷᠢᠬᠤ ᠲᠠᠯᠠᠪᠠᠢ ᠨᠢ 1922 ᠮᠦ᠂ | ᠡᠯᠡᠰᠦ ᠶᠢ ᠪᠢᠳᠡᠭᠦᠮᠵᠢᠯᠡᠨ ᠡᠪᠡᠰᠦ ᠲᠠᠷᠢᠬᠤ ᠲᠠᠯᠠᠪᠠᠢ13756 ᠮᠦ ᠪᠠᠶᠢᠵᠣ᠂ ᠭᠤᠷᠪᠠᠨ ᠭᠠᠴᠠᠭᠠᠨ ᠤ 8 ᠮᠠᠯᠵᠢᠬᠤ ᠡᠷᠦᠭᠡ | ᠂ 4 ᠬᠠᠮᠳᠣ ᠶᠢᠨ ᠭᠠᠵᠠᠷ ᠨᠣᠳᠤᠭ ᠬᠠᠮᠣᠷᠣᠭᠳᠠᠬᠤ ᠪᠦᠭᠡᠳ᠂ ᠡᠨᠡᠬᠦ ᠠᠵᠢᠯ ᠤᠨ ᠲᠣᠭᠤᠷᠢᠨ ᠳᠤ ᠦᠷᠬᠦᠯᠵᠢᠯᠡᠨ ︿ᠠᠵᠢᠯ | ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ﹀ ᠠᠵᠢᠯ ᠢ ᠦᠷᠬᠦᠯᠵᠢᠯᠡᠨ ᠠᠬᠢᠭᠤᠯᠵᠣ᠂ ᠦᠨᠳᠦᠰᠦᠨ ᠱᠠᠳᠣᠨ ᠤ | ᠮᠠᠯᠴᠢᠨ ᠲᠤ ᠠᠰᠢᠭ ᠣᠷᠣᠯᠭ᠎ᠠ ᠣᠯᠭᠤᠬᠤ ᠶᠢ ᠦᠷᠬᠦᠯᠵᠢᠯᠡᠨ ᠥᠷᠨᠢᠬᠦᠯᠦᠭᠰᠡᠭᠡᠷ ᠪᠠᠶᠢᠨ᠎ᠠ᠃ | | | | | | | | |