ᠬᠠᠷᠢᠶᠠᠲᠤ ᠣᠷᠣᠨ ᠤ ᠭᠤᠣᠯ ᠣᠰᠣᠨ ᠤ ᠬᠠᠮᠠᠭᠠᠯᠠᠯᠲᠠ ᠪᠠ ᠬᠠᠮᠢᠶᠠᠷᠤᠯᠲᠠ ᠶᠢ ᠤᠯᠠᠮ ᠨᠢᠭᠡ ᠠᠯᠬᠤᠮ | ᠴᠢᠩᠭᠠᠳᠬᠠᠵᠤ᠂ ᠭᠤᠣᠯ ᠤᠨ ᠳᠠᠷᠤᠭ᠎ᠠ ᠶᠢᠨ ᠳᠦᠷᠢᠮ ᠤᠨ ᠠᠵᠢᠯ ᠤᠨ ᠡᠭᠦᠷᠭᠡ ᠬᠠᠷᠢᠭᠤᠴᠠᠯᠭ᠎ᠠ ᠶᠢ ᠪᠠᠲᠤᠳᠬᠠᠨ᠂ ᠵᠣᠨ ᠤ | ᠤᠯᠠᠷᠢᠯ ᠤᠨ ᠦᠶᠡᠷ ᠤᠨ ᠬᠤᠭᠤᠴᠠᠭᠠᠨ ᠤ ᠠᠮᠤᠷ ᠲᠦᠪᠰᠢᠨ ᠢ ᠪᠠᠲᠤᠯᠠᠬᠤ ᠶᠢᠨ ᠲᠣᠰᠠᠳᠠ᠂ 6 ᠰᠠᠷ᠎ᠠ ᠶᠢᠨ 13 ᠤ ᠡᠳᠦᠷ | ᠂ ᠬᠤᠭᠤᠯᠠᠲᠤ ᠶᠢᠨ ᠭᠤᠣᠯ ᠪᠠᠯᠭᠠᠰᠣᠨ ᠤ ︽ᠮᠣᠷᠢᠲᠠᠨ ᠭᠤᠣᠯ ᠴᠠᠭᠳᠠᠭᠴᠢ︾ ᠠᠩᠭᠢ ᠨᠢ ᠭᠤᠣᠯ ᠪᠤᠯᠠᠭ ᠤᠨ | ᠣᠷᠣᠰᠬᠠᠯ ᠤᠨ ᠭᠡᠰᠡᠭ ᠲᠤ ᠦᠶᠡᠷ ᠤᠨ ᠬᠤᠭᠤᠴᠠᠭᠠᠨ ᠤ ᠭᠤᠣᠯ ᠴᠠᠭᠳᠠᠬᠤ ᠠᠵᠢᠯᠯᠠᠭ᠎ᠠ ᠥᠷᠨᠢᠭᠦᠯᠵᠦ᠂ ᠬᠠᠷᠢᠶ᠎ᠠ | ᠤᠷᠤᠨ ᠤ ᠠᠷᠠᠳ ᠤᠨ ᠦᠶᠡᠷ ᠣᠰᠣᠳᠣᠯ ᠤᠨ ᠬᠤᠭᠤᠴᠠᠭ᠎ᠠ ᠶᠢ ᠠᠮᠤᠷ ᠲᠦᠪᠰᠢᠨ ᠥᠩᠭᠡᠷᠡᠭᠦᠯᠬᠦ ᠶᠢ ᠪᠠᠲᠤᠯᠠᠪᠠ᠃ | ᠣᠶᠢᠷ᠎ᠠ ᠶᠢᠨ ᠡᠳᠦᠷ ᠠᠴᠠ ᠰᠣᠯᠢᠭ ᠣᠷᠣᠰᠬᠠᠯᠲᠣ ᠴᠠᠭ ᠠᠭᠤᠷ ᠤᠨ ᠪᠠᠶᠢᠳᠠᠯ ᠣᠯᠠᠨᠲᠠ ᠢᠯᠡᠷᠡᠵᠦ᠂ ᠰᠢᠷᠦᠭᠦᠨ | ᠪᠤᠷᠤᠭᠠᠨ ᠣᠷᠣᠭᠰᠠᠨ ᠠᠴᠠ ᠭᠤᠣᠯ ᠤᠨ ᠤᠰᠤ ᠲᠡᠯᠡᠬᠦ ᠪᠣᠶᠤ ᠭᠤᠣᠯ ᠤᠨ ᠬᠥᠪᠡᠭᠡ ᠵᠠᠬ᠎ᠠ ᠪᠠᠷ ᠬᠡᠢ ᠤᠰᠣ ᠢᠷᠡᠵᠦ᠂ | ᠦᠶᠡᠷ ᠣᠰᠠᠳᠣᠯ ᠪᠣᠯᠬᠤ ᠠᠶᠤᠯ ᠲᠠᠢ᠃ ︽ᠮᠣᠷᠢᠲᠠᠨ ᠭᠤᠣᠯ ᠴᠠᠭᠳᠠᠭᠴᠢ︾ ᠬᠠᠷᠢᠶ᠎ᠠ ᠣᠷᠣᠨ ᠤ ᠪᠠᠨ ᠬᠡᠪᠴᠢᠶᠡᠨ ᠳᠤ | ᠠᠮᠤᠷ ᠲᠦᠪᠰᠢᠨ ᠤ ᠲᠣᠭᠤᠷᠢᠨ ᠪᠠᠶᠢᠴᠠᠭᠠᠯᠲᠠ ᠥᠷᠨᠢᠭᠦᠯᠵᠦ᠂ ᠮᠠᠯᠴᠢᠳ ᠲᠤ ᠦᠶᠡᠷ ᠢ ᠰᠡᠷᠭᠡᠶᠢᠯᠡᠬᠦ ᠮᠡᠳᠡᠯᠭᠡ ᠶᠢ | ᠤᠬᠠᠭᠤᠯᠵᠤ᠂ ᠭᠤᠣᠯ ᠤᠨ ᠣᠷᠣᠰᠬᠠᠯ ᠤᠨ ᠪᠤᠬᠢᠷᠳᠤᠯ ᠢ ᠰᠡᠷᠭᠡᠶᠢᠯᠡᠨ᠂ ᠤᠰᠤᠨ ᠤ ᠠᠮᠤᠷ ᠳᠦᠪᠰᠢᠨ ᠢ ᠪᠠᠲᠤᠯᠠᠵᠤ ᠂ | ᠠᠮᠢ ᠠᠬᠤᠢ ᠶᠢ ᠬᠠᠮᠠᠭᠠᠯᠠᠬᠤ ᠶᠢ ᠣᠷᠢᠶᠠᠯᠠᠭᠰᠠᠨ ᠪᠠᠶᠢᠨ᠎ᠠ᠃ | ᠪᠠᠷᠠᠭᠤᠨ ᠦᠵᠦᠮᠦᠴᠢᠨ ᠬᠤᠰᠢᠭᠤ ᠨᠢ ᠡᠯ᠎ᠡ ᠱᠠᠲᠤᠨ ᠤ ᠭᠤᠣᠯ ᠮᠥᠷᠡᠨ ᠨᠠᠭᠤᠷ ᠤᠨ ᠳᠠᠷᠤᠭ᠎ᠠ ᠶᠢᠨ ᠲᠣᠭᠤᠷᠢᠨ | ᠪᠠᠶᠢᠴᠠᠭᠠᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠡᠳᠦᠷ ᠲᠤᠲᠤᠮ ᠤᠨ ᠲᠣᠭᠤᠷᠢᠨ ᠪᠠᠶᠢᠴᠠᠭᠠᠬᠤ᠂ ᠬᠢᠨᠠᠨ | ᠬᠠᠮᠢᠶᠠᠷᠬᠤ ᠠᠵᠢᠯ ᠢ ᠰᠠᠶᠢᠲᠤᠷ ᠬᠢᠵᠦ᠂ ᠦᠶᠡᠷ ᠤᠨ ᠬᠤᠭᠤᠴᠠᠭᠠᠨ ᠤ ᠭᠤᠣᠯ ᠴᠠᠭᠳᠠᠬᠤ ᠶᠢ ᠴᠢᠩᠭᠠᠳᠬᠨ᠂ ᠠᠷᠠᠳ | ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠵᠤ᠂ ᠭᠤᠣᠯ ᠮᠥᠷᠡᠨ ᠤ ᠣᠶᠢᠷ᠎ᠠ ᠬᠠᠪᠢ ᠶᠢᠨ | ᠠᠮᠢ ᠠᠬᠤᠢ ᠶᠢᠨ ᠬᠠᠮᠠᠭᠠᠯᠠᠯᠲᠠ ᠶᠢ ᠴᠢᠩᠭᠠᠳᠬᠠᠭᠰᠠᠨ ᠪᠠᠶᠢᠨ᠎ᠠ᠃ | | | | |