ᠮᠥᠩᠬᠡᠪᠠᠭᠠᠲᠤᠷ ᠤᠨ ᠬᠢ ᠵᠤᠰᠠᠯᠠᠩ ᠳᠠᠭᠠᠨ ᠭᠠᠷᠤᠯ᠎ᠠ
ᠨᠡᠶᠢᠲᠡᠯᠡᠭᠰᠡᠨ ᠴᠠᠭ᠄
2025/6/16
     ᠤᠰᠤᠨ ᠤ ᠲᠤᠩᠭᠠᠯᠠᠭ ᠡᠪᠡᠰᠦᠨ ᠤ ᠰᠣᠷᠭᠤᠭ ᠢ ᠲᠠᠭᠠᠨ ᠤᠯᠠᠷᠢᠯ ᠳᠤ ᠵᠣᠬᠢᠴᠠᠭᠤᠯᠤᠨ ᠪᠡᠯᠴᠢᠭᠡᠷ ᠰᠡᠯᠭᠦᠨ ᠨᠡᠭᠦᠳᠡᠯᠯᠡᠬᠦ ᠪᠣᠯ ᠮᠠᠯᠴᠢᠳ ᠤᠨ ᠡᠷᠲᠡ ᠦᠶ᠎ᠡ ᠠᠴᠠ ᠤᠯᠠᠮᠵᠢᠯᠠᠭᠰᠠᠭᠠᠷ ᠢᠷᠡᠭᠰᠡᠨ ᠠᠮᠢ ᠠᠬᠤᠢ ᠪᠠᠨ ᠬᠠᠮᠠᠭᠠᠯᠠᠬᠤ ᠨᠡᠭᠦᠳᠡᠯ ᠮᠠᠯᠵᠢᠯ ᠤᠨ ᠰᠣᠳᠣᠨ ᠠᠷᠭ᠎ᠠ ᠤᠨ ᠨᠢᠭᠡ ᠨᠢ ᠪᠣᠯᠬᠤ ᠶᠤᠮ᠃ ᠣᠶᠢᠷ᠎ᠠ ᠶᠢᠨ ᠡᠳᠦᠷ᠂ ᠬᠤᠭᠤᠯᠠᠲᠤ ᠶᠢᠨ ᠭᠤᠣᠯ ᠪᠠᠯᠭᠠᠰᠤᠨ ᠤ ᠪᠠᠯᠭᠠᠷᠭᠤᠣᠯ  ᠭᠠᠴᠠᠭᠠᠨ ᠤ ᠮᠥᠩᠬᠡᠪᠠᠭᠠᠲᠤᠷ ᠤᠨ ᠬᠢ ᠵᠤᠰᠠᠯᠠᠩ ᠳᠠᠭᠠᠨ ᠭᠠᠷᠬᠤ ᠭᠡᠵᠦ ᠪᠠᠶᠢᠭ᠎ᠠ ᠴᠢᠮᠡᠭᠡ ᠪᠠᠷ ᠮᠠᠨ ᠤ ᠰᠤᠷᠪᠤᠯᠵᠢᠯᠠᠭ᠎ᠠ ᠶᠢᠨ ᠪᠠᠭ ᠤᠨ ᠬᠢᠨ ᠬᠦᠷᠴᠦ ᠰᠤᠷᠪᠤᠯᠵᠢᠯᠠᠭ᠎ᠠ ᠬᠢᠭᠰᠡᠨ ᠶᠤᠮ᠃ ᠡᠷᠲᠡ ᠶᠢᠨ 4 ᠴᠠᠭ ᠤᠨ ᠦᠶ᠎ᠡ ᠪᠠᠷ ᠲᠡᠳᠡ ᠵᠤᠰᠠᠯᠠᠩ ᠳᠠᠭᠠᠨ ᠨᠡᠭᠦᠬᠦ ᠪᠠᠷ ᠶᠠᠭᠠᠷᠠᠵᠤ ᠡᠬᠢᠯᠡᠯ᠎ᠡ᠃ ᠮᠥᠩᠬᠡᠪᠠᠭᠠᠲᠤᠷ ᠳᠡᠭᠦᠦ ᠲᠠᠢ ᠪᠠᠨ ᠬᠤᠶᠠᠭᠤᠯᠠ ᠮᠠᠯ ᠤᠨᠤᠭ᠎ᠠ ᠪᠠᠨ ᠨᠠᠷᠢᠨ ᠪᠦᠷᠢᠳᠬᠡᠵᠦ᠂ ᠵᠠᠮ ᠳᠠᠭᠠᠨ ᠬᠡᠷᠡᠭᠯᠡᠬᠦ ᠬᠦᠨᠡᠰᠦ ᠤᠮᠳᠠ ᠪᠠᠨ ᠪᠡᠯᠡᠳᠬᠡᠨ᠂ ᠮᠣᠷᠢ ᠪᠠᠨ ᠡᠮᠡᠭᠡᠯᠯᠡᠨ ᠮᠠᠯ ᠰᠦᠷᠦᠭ ᠢᠶᠠᠨ ᠵᠤᠰᠠᠯᠠᠩ ᠵᠦᠭ ᠢᠶᠠᠨ ᠴᠢᠭᠯᠡᠭᠦᠯᠦᠯ᠎ᠡ᠃  
    ᠮᠥᠩᠬᠡᠪᠠᠭᠠᠲᠤᠷ ᠤᠨ ᠵᠤᠰᠠᠯᠠᠩ ᠤᠨ ᠨᠤᠲᠤᠭ ᠨᠢ ᠰᠠᠭᠤᠷᠢᠨ ᠠᠴᠠ ᠨᠢ 30 ᠭᠠᠷᠤᠢ ᠺᠢᠯᠣᠮᠧᠲᠷ ᠵᠠᠶᠢᠲᠠᠢ ᠪᠠᠶᠢᠵᠤ᠂ ᠲᠡᠳᠡ ᠮᠠᠯ ᠤᠨᠤᠭ᠎ᠠ ᠪᠠᠨ ᠠᠶᠠᠲᠠᠶᠢᠬᠠᠨ ᠲᠠᠭᠤᠭᠰᠠᠭᠠᠷ 8 ᠴᠠᠭ ᠭᠠᠷᠤᠢ ᠶᠠᠪᠤᠭᠠᠳ ᠦᠳᠡ ᠶᠢᠨ 12 ᠴᠠᠭ ᠥᠩᠭᠡᠷᠡᠬᠦ ᠳᠤ ᠵᠣᠷᠢᠭᠰᠠᠨ ᠭᠠᠵᠠᠷ ᠲᠠᠭᠠᠨ ᠬᠦᠷᠦᠯ᠎ᠡ᠃ ᠵᠠᠮ ᠲᠤᠷᠰᠢ ᠠᠶᠠᠲᠠᠶᠢᠬᠠᠨ ᠢᠳᠡᠰᠢᠯᠡᠵᠦ ᠠᠮᠵᠢᠭ᠎ᠠ ᠦᠭᠡᠢ ᠦᠬᠡᠷ ᠬᠤᠨᠢᠳ   ᠰᠢᠮ᠎ᠡ ᠲᠠᠢ ᠰᠠᠶᠢᠬᠠᠨ ᠪᠡᠯᠴᠢᠭᠡᠷ ᠲᠡᠭᠡᠨ ᠲᠠᠪᠠᠲᠠᠢ ᠰᠠᠭᠠᠲᠠᠯ᠎ᠠ᠃ ᠵᠤᠰᠠᠯᠠᠩ ᠳᠠᠭᠠᠨ ᠬᠦᠷᠦᠭᠰᠡᠨ ᠤ ᠳᠠᠷᠠᠭ᠎ᠠ ᠮᠥᠩᠬᠡᠪᠠᠭᠠᠲᠤᠷ ᠠᠬ᠎ᠠ ᠳᠡᠭᠦᠦ ᠬᠤᠶᠠᠭᠤᠯᠠ ᠮᠠᠯ ᠳᠠᠭᠠᠨ ᠮᠥᠨ ᠯᠠ ᠮᠣᠷᠢ ᠤᠨᠤᠬᠤ ᠪᠤᠶᠤ ᠶᠠᠪᠠᠭᠠᠨ ᠢᠶᠠᠷ ᠶᠠᠪᠤᠵᠤ ᠪᠠᠶᠢᠯ᠎ᠠ᠂ ᠤᠴᠢᠷ ᠨᠢ ᠲᠡᠷᠭᠡ ᠮᠠᠰᠢᠨ ᠲᠠᠢ ᠶᠠᠪᠤᠬᠤ ᠨᠢ ᠪᠡᠯᠴᠢᠭᠡᠷ ᠳᠠᠷᠤᠵᠤ᠂ ᠣᠨᠴᠠᠭᠠᠶᠢᠯᠠᠨ ᠡᠪᠡᠰᠦ ᠪᠡᠯᠴᠢᠭᠡᠷ ᠰᠡᠯᠭᠦᠵᠦ ᠤᠷᠭᠤᠬᠤ ᠤᠯᠠᠷᠢᠯ ᠳᠤ ᠲᠣᠬᠢᠷᠠᠮᠵᠢ ᠦᠭᠡᠢ ᠪᠠᠶᠢᠳᠠᠭ ᠲᠤᠯᠠ ᠲᠡᠳᠡ ᠡᠨᠡᠬᠦ ᠠᠮᠢ ᠠᠬᠤᠢ ᠪᠠᠶᠢᠭᠠᠯᠢ ᠣᠷᠴᠢᠨ ᠳᠠᠭᠠᠨ ᠵᠣᠬᠢᠴᠠᠭᠰᠠᠨ ᠤᠯᠠᠮᠵᠢᠯᠠᠯᠲᠤ ᠠᠷᠭ᠎ᠠ ᠬᠡᠯᠪᠡᠷᠢ ᠪᠠᠨ ᠬᠡᠷᠡᠭᠯᠡᠭᠰᠡᠭᠡᠷ ᠢᠷᠡᠵᠡᠢ᠃ ᠮᠥᠩᠬᠡᠪᠠᠭᠠᠲᠤᠷ᠄ ︽ᠵᠤᠰᠠᠯᠠᠩ ᠳᠤ ᠭᠠᠷᠴᠢᠬᠠᠪᠠᠯ ᠠᠵᠢᠯ ᠴᠤ ᠬᠥᠩᠭᠡᠷᠡᠳᠡᠭ᠂ ᠡᠪᠡᠰᠦ ᠪᠡᠯᠴᠢᠭᠡᠷ ᠰᠠᠶᠢᠨ ᠪᠣᠯᠬᠤᠷ ᠮᠠᠯ ᠤᠨᠤᠭᠠᠨ ᠳᠤ ᠳᠡᠮᠡᠢ ᠬᠦᠴᠦ ᠬᠡᠷᠡᠭᠰᠡᠬᠦ ᠦᠭᠡᠢ᠂ ᠪᠣᠰᠣᠳ ᠵᠦᠢᠯ ᠤᠨ ᠠᠵᠢᠯ ᠬᠢᠬᠦ ᠴᠢᠯᠦᠭᠡ  ᠲᠠᠢ ᠪᠣᠯᠣᠨ᠎ᠠ︾ ᠭᠡᠵᠦ ᠪᠠᠶᠠᠷᠲᠠᠢ ᠶᠠᠷᠢᠵᠤ ᠪᠠᠶᠢᠯ᠎ᠠ᠃
     ᠵᠢᠯ ᠪᠦᠷᠢ ᠶᠢᠨ ᠲᠠᠪᠤᠨ ᠰᠠᠷ᠎ᠠ ᠶᠢᠨ ᠰᠡᠭᠦᠯᠴᠢ ᠪᠣᠯᠬᠤ ᠳᠤ ᠪᠠᠷᠠᠭᠤᠨ ᠦᠵᠦᠮᠦᠴᠢᠨ ᠬᠤᠰᠢᠭᠤᠨ ᠳᠤ ᠮᠠᠰᠢ ᠣᠯᠠᠨ ᠮᠠᠯᠴᠢᠳ ᠮᠥᠩᠬᠡᠪᠠᠭᠠᠲᠤᠷ ᠤᠨ ᠬᠢᠨ ᠲᠠᠢ ᠠᠳᠠᠯᠢ ᠪᠠᠷ ᠵᠤᠰᠠᠯᠠᠩ ᠳᠠᠭᠠᠨ ᠨᠡᠭᠦᠳᠡᠭ᠃ ᠡᠨᠡ ᠨᠢ ᠵᠥᠪᠬᠡᠨ ᠮᠠᠯᠵᠢᠬᠤ ᠠᠮᠢᠳᠤᠷᠠᠯ ᠦᠢᠯᠡᠳᠪᠦᠷᠢᠯᠡᠯ ᠳᠤᠮᠳᠠᠬᠢ ᠨᠢᠭᠡ ᠤᠳᠠᠭᠠᠨ ᠤ ︽ᠳᠦᠭᠦᠮ ᠨᠡᠭᠦᠳᠡᠯ︾ ᠪᠢᠰᠢ᠂ ᠬᠠᠷᠢᠨ ᠠᠮᠢ ᠠᠬᠤᠢ ᠶᠢ ᠳᠡᠭᠡᠳᠦᠯᠡᠨ ᠪᠠᠶᠢᠭᠠᠯᠢ ᠣᠷᠴᠢᠨ ᠢᠶᠠᠨ ᠬᠠᠮᠠᠭᠠᠯᠠᠬᠤ ᠶᠡᠭᠡ ᠤᠬᠠᠭᠠᠨ ᠢ ᠠᠭᠤᠯᠵᠤ ᠪᠠᠶᠢᠳᠠᠭ᠃ ᠵᠤᠰᠠᠯᠠᠩ ᠤᠨ ᠨᠤᠲᠤᠭ ᠲᠠᠭᠠᠨ ᠭᠤᠷᠪᠠ ᠳᠥᠷᠪᠡᠨ ᠰᠠᠷ᠎ᠠ ᠰᠠᠭᠤᠬᠤ ᠳᠤ ᠮᠠᠯ ᠰᠦᠷᠦᠭ ᠪᠠᠶᠢᠭᠠᠯᠢᠯᠢᠭ ᠪᠡᠯᠴᠢᠭᠡᠷ ᠲᠤ ᠲᠠᠷᠭᠤ ᠬᠦᠴᠦ ᠰᠠᠶᠢᠨ ᠠᠪᠳᠠᠭ ᠮᠥᠷᠲᠡᠭᠡᠨ ᠡᠪᠡᠳᠴᠢᠨ ᠡᠰᠡᠷᠭᠦᠴᠡᠬᠦ ᠴᠢᠳᠠᠪᠤᠷᠢ ᠨᠢ ᠴᠤ ᠳᠡᠭᠡᠭᠰᠢᠯᠡᠵᠦ᠂ ᠮᠠᠯᠴᠢᠳ ᠤᠨ ᠬᠥᠳᠡᠯᠮᠦᠷᠢ ᠬᠦᠴᠦᠨ ᠳᠤ ᠴᠤ ᠠᠷᠪᠢᠲᠠᠢ ᠪᠠᠶᠢᠳᠠᠭ᠃ ᠨᠡᠩ ᠴᠢᠬᠤᠯᠠ ᠨᠢ ᠡᠨᠡᠬᠦ ᠬᠤᠭᠤᠴᠠᠭᠠᠨ ᠳᠤ ᠡᠪᠦᠯᠵᠢᠶ᠎ᠡ ᠰᠠᠭᠤᠷᠢᠨ ᠤ ᠬᠢᠨᠢ ᠪᠡᠯᠴᠢᠭᠡᠷ ᠰᠠᠶᠢᠬᠠᠨ ᠰᠡᠷᠭᠦᠵᠦ᠂ ᠨᠠᠮᠤᠷ᠂ ᠡᠪᠦᠯ ᠤᠨ ᠮᠠᠯᠵᠢᠬᠤ ᠦᠢᠯᠡᠳᠪᠦᠷᠢᠯᠡᠯ ᠳᠤ  ᠨᠢ ᠰᠠᠭᠤᠷᠢ ᠪᠣᠯᠵᠤ ᠴᠢᠳᠠᠳᠠᠭ ᠢᠶᠠᠷ ᠵᠤᠰᠠᠯᠠᠩ ᠳᠤ ᠨᠡᠭᠦᠬᠦ ᠨᠢ ᠮᠠᠯᠴᠢᠳ ᠤᠨ ᠠᠮᠢ ᠠᠬᠤᠢ ᠪᠠᠨ ᠬᠠᠮᠠᠭᠠᠯᠠᠬᠤ᠂ ᠪᠠᠶᠢᠭᠠᠯᠢ ᠣᠷᠴᠢᠨ ᠲᠠᠢ ᠪᠠᠨ ᠵᠣᠬᠢᠴᠠᠨ ᠣᠷᠣᠰᠢᠬᠤ ᠠᠷᠭ᠎ᠠ ᠬᠡᠯᠪᠡᠷᠢ ᠶᠢᠨ ᠨᠢᠭᠡ ᠨᠢ ᠪᠣᠯᠵᠤ ᠪᠠᠶᠢᠳᠠᠭ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号