︽ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠦᠷᠭᠦᠯᠵᠢᠯᠡᠨ  ᠬᠡᠷᠡᠭᠵᠢᠭᠦᠯᠵᠦ᠂ ᠪᠥᠬᠦ ᠠᠷᠠᠳ ᠢᠶᠠᠷ ᠢᠶᠠᠨ ᠢᠲᠡᠭᠡᠮᠵᠢ ᠶᠢᠨ ᠰᠢᠨ᠎ᠡ ᠪᠠᠶᠢᠷᠢᠰᠢᠯ ᠢ ᠬᠠᠮᠲᠤ ᠪᠠᠷ ᠪᠠᠶᠢᠭᠤᠯᠤᠶ᠎ᠠ︾ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ  ᠮᠠᠳᠡᠯᠬᠡ ᠶᠢᠨ ᠤᠷᠤᠯᠳᠣᠭᠠᠨ ᠶᠠᠪᠤᠭᠳᠠᠯ᠎ᠠ
ᠨᠡᠶᠢᠲᠡᠯᠡᠭᠰᠡᠨ ᠴᠠᠭ᠄
2025/6/16
    6 ᠰᠠᠷ᠎ᠠ ᠶᠢᠨ 12 ᠤ ᠡᠳᠦᠷ᠂ ᠪᠠᠷᠠᠭᠤᠨ ᠦᠵᠦᠮᠦᠴᠢᠨ ᠬᠤᠰᠢᠭᠤᠨ ᠤ ︽ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠦᠷᠭᠦᠯᠵᠢᠯᠡᠨ ᠬᠡᠷᠡᠭᠵᠢᠭᠦᠯᠵᠦ᠂ ᠪᠥᠬᠦ ᠠᠷᠠᠳ ᠢᠶᠠᠷ ᠢᠶᠠᠨ ᠢᠲᠡᠭᠡᠮᠵᠢ ᠶᠢᠨ ᠰᠢᠨ᠎ᠡ ᠪᠠᠶᠢᠷᠢᠰᠢᠯ ᠢ ᠬᠠᠮᠲᠤ ᠪᠠᠷ ᠪᠠᠶᠢᠭᠤᠯᠤᠶ᠎ᠠ︾ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠮᠠᠳᠡᠯᠬᠡ ᠶᠢᠨ ᠤᠷᠤᠯᠳᠣᠭᠠᠨ ᠬᠠᠮ ᠵᠠᠭᠤᠴᠢᠯᠠᠭᠤᠷ ᠤᠨ ᠲᠥᠪ ᠤᠨ ᠨᠡᠪᠲᠡᠷᠡᠭᠦᠯᠭᠡ ᠶᠢᠨ ᠲᠢᠩᠬᠢᠮ ᠳᠤ ᠶᠠᠪᠤᠭᠳᠠᠪᠠ᠃     ᠲᠤᠰ ᠤᠳᠠᠭᠠᠨ ᠤ ᠤᠷᠤᠯᠳᠣᠭᠠᠨ ᠢ ᠬᠤᠰᠢᠭᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡᠨ ᠤ ᠲᠥᠪ ᠠᠴᠠ ᠬᠠᠮᠲᠤᠷᠠᠨ ᠡᠷᠬᠢᠯᠠᠵᠦ᠂ ᠪᠥᠬᠦ ᠬᠤᠰᠢᠭᠤᠨ ᠤ 27 ᠪᠠᠶᠢᠭᠤᠯᠭ᠎ᠠ ᠨᠢᠭᠡᠴᠡ᠂ ᠠᠵᠤ ᠠᠬᠤᠶᠢᠯᠠᠯ ᠤᠨ  ᠲᠦᠯᠦᠬᠡᠯᠡᠭᠴᠢ ᠶᠢᠨ ᠠᠩᠭᠢ ᠤᠷᠤᠯᠳᠤᠭᠠᠨ ᠳᠤ ᠣᠷᠣᠯᠴᠠᠵᠤ᠂ ᠤᠷᠤᠯᠳᠤᠭᠠᠨ ᠢᠶᠠᠷ ᠰᠤᠷᠤᠯᠴᠠᠯᠭ᠎ᠠ ᠶᠢ ᠠᠬᠢᠭᠤᠯᠤᠨ᠂ ᠰᠤᠷᠤᠯᠴᠠᠯᠭ᠎ᠠ ᠪᠠᠷ ᠦᠢᠯᠡᠳᠦᠯᠭᠡᠵᠢᠭᠦᠯᠵᠦ᠂ ᠪᠥᠬᠦ ᠬᠤᠰᠢᠭᠤᠨ ᠤ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠬᠤ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠪᠡ᠃     ᠤᠷᠤᠯᠳᠣᠭᠠᠨ ᠤ ᠡᠴᠣᠰ ᠲᠤ᠂ ᠪᠠᠷᠠᠭᠤᠨ ᠦᠵᠦᠮᠦᠴᠢᠨ ᠬᠤᠰᠢᠭᠤᠨ ᠤ ᠨᠠᠮ ᠤᠨ ᠰᠤᠷᠭᠠᠭᠤᠯᠢ ᠶᠢᠨ ᠲᠦᠯᠤᠬᠡᠯᠡᠭᠴᠢ ᠶᠢᠨ ᠠᠩᠭᠢ ᠲᠠᠷᠢᠬᠦᠯᠠᠨ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠲᠦᠯᠤᠬᠡᠯᠡᠭᠴᠢ ᠶᠢᠨ ᠠᠩᠭᠢ ᠪᠣᠯᠣᠨ ᠶᠢᠨ ᠱᠠᠨ ᠴᠠᠬᠢᠯᠭᠠᠨ ᠭᠠᠷᠭᠠᠬᠤ ᠬᠢᠵᠠᠭᠠᠷᠳᠣ ᠬᠠᠷᠢᠭᠤᠴᠠᠯᠭᠠᠳᠣ ᠺᠤᠮᠫᠠᠨᠢ ᠶᠢᠨ ᠲᠦᠯᠤᠬᠡᠯᠡᠭᠴᠢ ᠶᠢᠨ ᠠᠩᠭᠢ ᠲᠠᠳ᠋ᠯᠠᠵᠦ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠤ ᠲᠦᠯᠦᠭᠡᠯᠡᠭᠴᠢ ᠶᠢᠨ ᠠᠩᠭᠢ᠂ ᠤᠬᠠᠭᠤᠯᠬᠤ ᠬᠡᠯᠲᠡᠰ ᠤᠨ  ᠲᠦᠯᠤᠬᠡᠯᠡᠭᠴᠢ ᠶᠢᠨ ᠠᠩᠭᠢ᠂ ᠬᠠᠶᠢᠵᠸᠦ ᠶᠢᠨ ᠵᠠᠳᠠᠭᠠᠢ  ᠨᠠᠬᠦᠷᠠᠰᠣᠨ ᠠᠭᠤᠷᠬᠠᠢ ᠶᠢᠨ ᠺᠤᠮᠫᠠᠨᠢ ᠶᠢᠨ  ᠲᠦᠯᠤᠬᠡᠯᠡᠭᠴᠢ ᠶᠢᠨ ᠠᠩᠭᠢ ᠭᠤᠷᠪᠠᠳᠤᠭᠠᠷ  ᠲᠤ ᠤᠷᠤᠵᠡᠢ  ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号