ᠪᠠᠶᠠᠠᠬᠤᠰᠢᠭᠤ ᠰᠣᠮᠤᠨ ᠤ ᠭᠠᠷ ᠤᠷᠠᠯᠠᠯ ᠤᠨ ᠪᠦᠳᠦᠬᠡᠯ  ᠤᠷᠠᠯᠠᠬᠤ ᠤᠷ᠎ᠠ ᠮᠠᠷᠬᠡᠵᠢᠯ ᠤᠨ ᠪᠤᠯᠪᠠᠰᠣᠷᠠᠯ ᠶᠠᠪᠤᠭᠳᠠᠯ᠎ᠠ
ᠨᠡᠶᠢᠲᠡᠯᠡᠭᠰᠡᠨ ᠴᠠᠭ᠄
2025/6/16
      6 ᠰᠠᠷ᠎ᠠ ᠶᠢᠨ 12 ᠤ ᠡᠳᠦᠷ᠂ ᠪᠠᠶᠠᠠᠬᠤᠰᠢᠭᠤ ᠰᠣᠮᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠭᠤᠣᠯᠯᠠᠨ ᠡᠷᠭᠢᠯᠡᠭᠰᠡᠨ ᠨᠠᠮ ᠤᠨ ᠪᠠᠶᠢᠭᠤᠯᠤᠯᠲᠠ ᠪᠠᠷ ᠠᠵᠤ ᠦᠢᠯᠡᠰ ᠢ ᠬᠥᠲᠥᠯᠥᠨ ᠳᠠᠭᠠᠭᠤᠯᠵᠤ 99 ᠨᠤᠮᠧᠷᠳᠣ ᠠᠶᠠᠯᠠᠯ  ᠤᠨ ᠱᠤᠭᠤᠮ ᠤᠨ ᠵᠢᠭᠤᠯᠴᠢᠯᠠᠯ ᠤᠨ ᠦᠢᠯᠡᠰ ᠤᠨ ᠬᠥᠭᠵᠢᠯᠲᠡ ᠳᠤ ᠬᠦᠴᠦᠨ ᠨᠠᠮᠠᠷᠢᠯᠠᠬᠦ  ᠰᠢᠷᠢᠰ  ᠪᠤᠯᠪᠠᠰᠣᠷᠠᠯ︱ ︱ ᠭᠠᠷ ᠤᠷᠠᠯᠠᠯ  ᠤᠨ ᠪᠦᠳᠦᠬᠡᠯ ᠤᠷᠠᠯᠠᠬᠤ ᠤᠷ᠎ᠠ ᠮᠠᠷᠬᠡᠵᠢᠯ  ᠤᠨ ᠪᠤᠯᠪᠠᠰᠣᠷᠠᠯ ᠲᠡᠭᠦᠰ ᠠᠮᠵᠢᠯᠲᠠ ᠲᠠᠢ  ᠦᠨᠳᠣᠷᠯᠠᠪᠠ  ᠃      ᠲᠣᠰ ᠤᠳᠠᠭᠠᠨ ᠤ ᠪᠤᠯᠪᠠᠰᠣᠷᠠᠯ ᠨᠢ ᠨᠠᠮ ᠤᠨ ᠪᠠᠶᠢᠭᠤᠯᠤᠯᠲᠠ ᠪᠠᠷ ᠵᠢᠯᠣᠭᠤᠳᠤᠯᠭ᠎ᠠ ᠪᠣᠯᠭᠠᠵᠤ᠂  99  ᠨᠤᠮᠧᠷᠳᠣ  ᠠᠶᠠᠯᠠᠯ  ᠤᠨ ᠱᠤᠭᠤᠮ ᠤᠨ ᠵᠢᠭᠤᠯᠴᠢᠯᠠᠯ ᠤᠨ ᠦᠢᠯᠡᠰ  ᠤᠨ  ᠰᠢᠨ᠎ᠡ ᠬᠥᠳᠡᠯᠭᠡᠭᠴᠢ ᠬᠦᠴᠦᠨ ᠢ ᠭᠦᠭᠵᠢᠬᠡᠵᠦ᠂ ᠮᠠᠯᠴᠢᠳ ᠤᠨ ᠰᠣᠶᠣᠯ ᠵᠢᠭᠤᠯᠴᠢᠯᠠᠯ ᠢ ᠠᠭᠤᠰᠤᠯᠴᠠᠭᠤᠯᠤᠨ ᠤᠷᠤᠯᠭ᠎ᠠ  ᠪᠠᠨ ᠨᠡᠮᠡᠭᠳᠡᠬᠦᠯᠬᠦ ᠴᠢᠳᠠᠪᠤᠷᠢ ᠶᠢ ᠲᠡᠭᠡᠭᠰᠢᠯᠠᠬᠦᠯᠵᠦ᠂ ᠣᠨᠴᠠᠯᠢᠭᠲᠤ ᠵᠢᠭᠤᠯᠴᠢᠯᠠᠯ ᠤᠨ ᠪᠡᠶᠡᠴᠢ ᠣᠶᠢᠯᠠᠭᠠᠯᠲᠠ ᠶᠢ ᠪᠣᠶ ᠪᠣᠯᠭᠠᠬᠤ ᠵᠣᠷᠢᠯᠭ᠎ᠠ ᠪᠠᠷ  ᠶᠠᠪᠤᠭᠲᠠᠵᠠᠢ᠃       ᠪᠤᠯᠪᠠᠰᠣᠷᠠᠯ ᠨᠢ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ  ᠳᠤ ᠵᠤᠬᠢᠴᠠᠭᠤᠯᠤᠨ᠂ ᠤᠷᠤᠨ ᠨᠤᠲᠤᠭ ᠤᠨ ᠣᠨᠴᠠᠯᠢᠭ ᠢᠶᠠᠨ ᠭᠦᠨᠵᠡᠭᠡᠢ ᠠᠭᠤᠳᠠᠯᠵᠤ᠂ ᠲᠠᠯ᠎ᠠ ᠨᠤᠲᠤᠭ ᠤᠨ ᠰᠣᠶᠣᠯ ᠬᠢᠭᠡᠳ ᠭᠠᠷ ᠤᠷᠠᠯᠠᠯ ᠦᠢᠯᠡᠳᠬᠦ ᠶᠢ ᠣᠷᠭᠠᠨᠢᠭ ᠢᠶᠠᠷ ᠤᠶᠠᠯᠳᠤᠭᠤᠯᠤᠨ᠂ ᠢᠰᠡᠭᠡᠢ ᠤᠷᠠᠯᠢᠭ᠂ ᠣᠨᠴᠠᠯᠢᠭᠲᠤ ᠵᠠᠰᠠᠯ ᠴᠢᠮᠡᠭᠯᠡᠯ ᠤᠨ ᠡᠳ᠋ ᠦᠢᠯᠡᠳᠬᠦ ᠵᠡᠷᠭᠡ ᠬᠢᠴᠢᠶᠡᠯ ᠲᠤᠬᠢᠷᠠᠭᠤᠯᠤᠨ᠂ ᠪᠤᠳᠠᠰ ᠤᠨ ᠪᠤᠰᠣ ᠰᠣᠶᠤᠯ  ᠤᠨ ᠥᠪ  ᠤᠨ ᠦᠪᠯᠠᠨ ᠤᠯᠠᠮᠵᠢᠯᠠᠭᠴᠢ ᠽᠠᠨᠳᠠᠨᠴᠡᠴᠡᠭ ᠢ ᠤᠷᠢᠵᠦ᠂ ᠢᠰᠠᠬᠡᠢ ᠤᠷᠠᠯᠠᠯ  ᠤᠨ ᠤᠷᠠᠯᠠᠠᠬᠤ ᠠᠷᠭ᠎ᠠ᠂ ᠵᠠᠬ᠎ᠠ ᠲᠡᠯᠬᠡᠭᠦᠷ ᠲᠤ ᠬᠡᠷᠬᠢᠨ ᠵᠤᠬᠢᠴᠠᠭᠤᠯᠬᠤ᠂ ᠵᠢᠭᠤᠯᠴᠢᠯᠠᠯ ᠤᠨ ᠲᠠᠸᠡᠷ ᠤᠨ ᠤᠨᠴᠠᠯᠢᠭ ᠵᠡᠷᠬᠡ ᠲᠠᠯ᠎ᠠ ᠪᠠᠷ ᠨᠠᠷᠢᠨ ᠲᠠᠶᠢᠯᠪᠤᠷᠢᠯᠠᠯᠳᠠ ᠬᠢᠯᠬᠡᠵᠡᠢ᠃       ᠲᠣᠰ ᠤᠳᠠᠭᠠᠨ ᠤ ᠪᠤᠯᠪᠠᠰᠣᠷᠠᠯ ᠳᠤ ᠪᠠᠶᠠᠠᠬᠤᠰᠢᠭᠤ ᠰᠣᠮᠤᠨ ᠤ ᠮᠠᠯᠴᠢᠳ ᠪᠠ ᠭᠠᠷ ᠤᠷᠠᠯᠠᠯ ᠳᠤ ᠪᠠᠭ᠋ᠠᠲᠠᠢ ᠬᠥᠮᠥᠰ ᠤᠷᠤᠯᠴᠠᠨ᠂ ᠢᠰᠠᠬᠡᠢ ᠤᠷᠠᠯᠠᠯ ᠤᠨ ᠪᠦᠳᠦᠬᠡᠯ ᠪᠡᠶ᠎ᠡ ᠲᠠᠭᠠᠭᠠᠵᠦ ᠬᠢᠵᠦ ᠴᠢᠳᠠᠬᠤ ᠪᠤᠯᠵᠦ᠂ ᠮᠠᠯᠴᠢᠳ ᠲᠤ ᠠᠳᠠᠯ ᠦᠢᠯᠡᠰ ᠴᠣᠭᠴᠠᠯᠠᠬᠤ ᠰᠢᠨ᠎ᠡ ᠠᠷᠭ᠎ᠠ ᠵᠠᠮ ᠢ ᠨᠡᠭᠡᠭᠡᠨ ᠥᠭᠴᠦ᠂ ᠣᠷᠣᠯᠭ᠎ᠠ ᠶᠢᠨ ᠢᠷᠡᠯᠲᠡ ᠶᠢ  ᠥᠷᠭᠡᠳᠬᠡᠬᠦ  ᠶᠢᠨ ᠬᠠᠮᠲᠤ ᠲᠠᠯ᠎ᠠ ᠨᠤᠲᠤᠭ ᠤᠨ 99 ᠨᠤᠮᠧᠷᠳᠣ ᠠᠶᠠᠯᠠᠯ  ᠤᠨ ᠱᠤᠭᠤᠮ ᠤᠨ  ᠵᠢᠭᠤᠯᠴᠢᠯᠠᠯ ᠤᠨ ᠲᠠᠸᠠᠷ ᠤᠨ ᠬᠠᠩᠭᠠᠯᠭ᠎ᠠ ᠶᠢ ᠪᠠᠶᠠᠯᠢᠭᠵᠢᠭᠤᠯᠵᠤ᠂ ᠵᠢᠭᠤᠯᠴᠢᠯᠠᠯ ᠤᠨ ᠲᠠᠲᠠᠬᠤ ᠬᠦᠴᠦᠨ ᠢ ᠳᠡᠭᠡᠭᠰᠢᠯᠡᠭᠦᠯᠬᠦ ᠪᠣᠯᠣᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号