6 ᠰᠠᠷ᠎ᠠ ᠶᠢᠨ 11 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠶᠣᠣ | ᠬᠤᠩ ᠭᠠᠩ ᠮᠠᠨ ᠤ ᠬᠤᠰᠢᠭᠤᠨ ᠤ ᠠᠮᠢᠳᠤᠷᠠᠯ ᠤᠨ ᠬᠤᠭ ᠨᠣᠪᠰᠢ ᠪᠤᠯᠠᠬᠤ ᠲᠠᠯᠠᠪᠠᠶ᠂ ᠪᠣᠬᠢᠷ ᠤᠰᠤ | ᠰᠢᠢᠳᠪᠦᠷᠢᠯᠡᠬᠦ ᠦᠢᠯᠡᠳᠪᠦᠷᠢ ᠵᠢᠴᠢ ᠰᠢᠨ ᠱᠢ ᠪᠠᠷᠢᠯᠭ᠎ᠠ ᠶᠢᠨ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠳᠤ | ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ ᠵᠢᠭᠠᠨ ᠵᠢᠯᠣᠭᠤᠳᠪᠠ᠃ ᠬᠤᠭ ᠨᠣᠪᠰᠢ ᠪᠤᠯᠠᠬᠤ᠂ ᠪᠣᠬᠢᠷ ᠤᠰᠤ | ᠶᠢ ᠰᠢᠢᠳᠪᠦᠷᠢᠯᠡᠬᠦ ᠶᠠᠪᠤᠴᠠ᠂ ᠡᠵᠡᠩᠨᠡᠯᠲᠡ ᠬᠠᠮᠢᠶᠠᠷᠤᠯᠲᠠ᠂ ᠰᠢᠢᠳᠪᠦᠷᠢᠯᠡᠭᠰᠡᠨ ᠦᠷ᠎ᠡ ᠪᠦᠲᠦᠮᠵᠢ ᠵᠡᠷᠭᠡ ᠪᠠᠶᠢᠳᠠᠯ ᠢ | ᠨᠠᠷᠢᠨ ᠣᠶᠢᠯᠠᠭᠠᠬᠤ ᠶᠢᠨ ᠬᠠᠮᠲᠤ ᠰᠢᠨ ᠱᠢ ᠪᠠᠷᠢᠯᠭ᠎ᠠ ᠶᠢᠨ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠶᠢᠨ ᠵᠢᠯ ᠳᠤ | 150 ᠲᠦᠮᠡᠨ ᠲᠣᠨ ᠴᠣᠬᠤᠢ ᠶᠢᠨ ᠴᠢᠯᠠᠭᠤᠯᠢᠭ ᠦᠢᠯᠡᠳᠪᠦᠷᠢᠯᠡᠬᠦ ᠴᠢᠳᠠᠮᠵᠢ ᠪᠦᠬᠦᠢ ᠠᠭᠤᠷᠬᠠᠢ ᠶᠢ ᠥᠷᠭᠡᠳᠬᠡᠨ | ᠪᠠᠶᠢᠭᠤᠯᠬᠤ ᠵᠢᠴᠢ 50 ᠲᠦᠮᠡᠨ ᠲᠣᠨ ᠺᠠᠯᠼ ᠤᠨ ᠨᠤᠨᠳᠠᠭ ᠤᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ | ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠬᠦᠷᠴᠦ ᠪᠠᠶᠢᠴᠠᠭᠠᠨ ᠰᠤᠳᠤᠯᠪᠡ᠃ | | ᠶᠣᠣ ᠬᠤᠩ ᠭᠠᠩ᠂ ᠠᠮᠢᠳᠤᠷᠠᠯ ᠤᠨ ᠬᠤᠭ ᠨᠣᠪᠰᠢ ᠪᠤᠯᠠᠬᠤ ᠭᠠᠵᠠᠷ᠂ ᠪᠣᠬᠢᠷ ᠤᠰᠤ ᠰᠢᠢᠳᠪᠦᠷᠢᠯᠡᠬᠦ | ᠦᠢᠯᠡᠳᠪᠦᠷᠢ ᠶᠢᠨ ᠳᠦᠷᠢᠮᠵᠢᠭᠦᠨ ᠠᠵᠢᠯᠯᠠᠭ᠎ᠠ ᠪᠠ ᠬᠠᠮᠢᠶᠠᠷᠤᠯᠲᠠ ᠪᠣᠯ ᠠᠮᠢ ᠠᠬᠤᠢ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠰᠠᠭᠤᠷᠢ ᠴᠢᠨᠠᠷᠲᠠᠢ ᠠᠵᠢᠯ ᠪᠠᠶᠢᠵᠤ᠂ ᠠᠷᠠᠳ ᠲᠦᠮᠡᠨ ᠤ ᠲᠣᠰ ᠪᠡᠶ᠎ᠡ ᠶᠢᠨ ᠠᠰᠢᠭ ᠲᠤᠰᠠ ᠳᠤ | ᠬᠤᠯᠪᠣᠭᠳᠠᠵᠤ᠂ ᠪᠥᠬᠦ ᠬᠤᠰᠢᠭᠤᠨ ᠤ ᠨᠡᠶᠢᠭᠡᠮ ᠠᠵᠤ ᠠᠬᠤᠢ ᠶᠢᠨ ᠵᠣᠬᠢᠴᠠᠩᠭᠤᠢ ᠦᠷᠭᠦᠯᠵᠢᠯᠡᠬᠦᠶᠢᠴᠡ | ᠬᠥᠭᠵᠢᠯᠲᠡ ᠳᠤ ᠬᠤᠯᠪᠣᠭᠳᠠᠵᠤ ᠪᠠᠶᠢᠳᠠᠭ᠃ ᠴᠡᠭᠴᠡᠯᠡᠨ ᠰᠠᠶᠢᠵᠢᠷᠠᠭᠤᠯᠬᠤ ᠠᠵᠢᠯ ᠢ ᠨᠠᠶᠢᠳᠠᠪᠤᠷᠢᠵᠢᠭᠤᠯᠬᠤ ᠶᠢ | ᠲᠦᠷᠭᠡᠳᠬᠡᠨ ᠠᠬᠢᠭᠤᠯᠵᠤ᠂ ᠬᠤᠭ ᠨᠣᠪᠰᠢ᠂ ᠪᠣᠬᠢᠷ ᠤᠰᠤ ᠶᠢ ᠰᠢᠢᠳᠪᠦᠷᠢᠯᠡᠬᠦ ᠲᠥᠬᠦᠭᠡᠷᠦᠮᠵᠢ ᠶᠢᠨ ᠪᠠᠷᠢᠮᠵᠢᠶ᠎ᠠ ᠳᠤ | ᠨᠡᠶᠢᠴᠡᠬᠦ ᠶᠢ ᠪᠠᠲᠤᠯᠠᠵᠤ᠂ ᠠᠮᠢ ᠠᠬᠤᠢ ᠪᠠ ᠨᠡᠶᠢᠭᠡᠮ ᠤᠨ ᠦᠷ᠎ᠡ ᠠᠰᠢᠭ ᠢ ᠦᠨᠡᠨᠬᠦ ᠪᠠᠳᠠᠷᠠᠭᠤᠯᠬᠤ ᠬᠡᠷᠡᠭᠲᠡᠢ᠃ | ᠨᠢᠭᠡ ᠲᠠᠯ᠎ᠠ ᠪᠠᠷ ᠠᠮᠢᠳᠤᠷᠠᠯ ᠤᠨ ᠬᠤᠭ ᠨᠣᠪᠰᠢ ᠶᠢ ᠵᠢᠷᠤᠮᠵᠢᠭᠤᠨ ᠰᠢᠢᠳᠪᠦᠷᠢᠯᠡᠬᠦ ᠬᠡᠷᠡᠭᠲᠡᠢ᠃ ᠬᠤᠰᠢᠭᠤ ᠣᠷᠣᠨ | ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠵᠡᠷᠭᠡ ᠬᠠᠮᠢᠶ᠎ᠠ ᠪᠦᠬᠦᠢ ᠰᠠᠯᠠᠭ᠎ᠠ | ᠮᠥᠴᠢᠷ ᠨᠢ ᠡᠭᠦᠷᠭᠡ ᠬᠠᠷᠢᠭᠤᠴᠠᠯᠭ᠎ᠠ ᠪᠠᠨ ᠦᠨᠡᠨᠬᠦ ᠭᠦᠢᠴᠡᠳᠬᠡᠵᠦ᠂ ᠬᠠᠮᠵᠢᠯᠴᠠᠭ᠎ᠠ ᠪᠠᠨ ᠴᠢᠩᠭᠠᠳᠬᠠᠨ᠂ | ᠠᠮᠢᠳᠤᠷᠠᠯ ᠤᠨ ᠬᠤᠭ ᠨᠣᠪᠰᠢ ᠶᠢ ᠪᠤᠯᠠᠬᠤ ᠲᠠᠯᠠᠪᠤᠷ ᠤᠨ ᠬᠠᠮᠢᠶ᠎ᠠ ᠪᠦᠬᠦᠢ ᠪᠠᠷᠢᠮᠵᠢᠶ᠎ᠠ ᠪᠣᠯᠣᠨ ᠳᠦᠷᠢᠮᠵᠢᠯ ᠢ ᠴᠢᠩᠭ᠎ᠠ | ᠵᠢᠷᠤᠮᠯᠠᠨ᠂ ᠡᠳᠦᠷ ᠳᠤᠳᠤᠮ ᠤᠨ ᠬᠠᠮᠢᠶᠠᠷᠤᠯᠲᠠ ᠶᠢ ᠴᠢᠩᠭᠠᠳᠬᠠᠵᠤ᠂ ᠰᠢᠩᠭᠡᠨ ᠪᠡᠶᠡᠲᠦ ᠬᠠᠶᠠᠭᠳᠠᠮᠠᠯ ᠪᠣᠳᠠᠰ ᠢ | ᠲᠤᠩᠭᠠᠭᠠᠨ ᠱᠦᠭᠦᠵᠦ ᠰᠢᠢᠳᠪᠦᠷᠢᠯᠡᠬᠦ᠂ ᠬᠤᠭ ᠨᠣᠪᠰᠢ ᠪᠤᠯᠠᠬᠤ ᠲᠠᠯᠠᠪᠤᠷ ᠤᠨ ᠨᠡᠪᠴᠢᠬᠦ ᠶᠢ ᠰᠡᠷᠭᠡᠶᠢᠯᠡᠬᠦ᠂ | ᠪᠣᠷᠣᠭᠠᠨ ᠤ ᠤᠰᠤ ᠪᠣᠯᠣᠨ ᠪᠣᠬᠢᠷ ᠤᠰᠤ ᠶᠢ ᠰᠠᠯᠭᠠᠬᠤ ᠵᠡᠷᠭᠡ ᠭᠤᠣᠯᠳᠠᠯᠭ᠎ᠠ ᠲᠠᠢ ᠠᠰᠠᠭᠤᠳᠠᠯ ᠢ ᠴᠢᠩᠭ᠎ᠠ | ᠠᠩᠬᠠᠷᠴᠤ᠂ ᠬᠤᠭ ᠨᠣᠪᠰᠢ ᠶᠢ ᠬᠤᠷᠢᠶᠠᠨ ᠴᠤᠭᠯᠠᠭᠤᠯᠬᠤ᠂ ᠰᠢᠯᠵᠢᠭᠦᠯᠦᠨ ᠵᠥᠭᠡᠭᠡᠪᠦᠷᠢᠯᠡᠬᠦ᠂ ᠪᠤᠯᠠᠬᠤ ᠵᠡᠷᠭᠡ | ᠲᠠᠯ᠎ᠠ ᠶᠢᠨ ᠰᠢᠨᠵᠢᠯᠡᠬᠦ ᠤᠬᠠᠭᠠᠨᠴᠢ ᠬᠠᠮᠢᠶᠠᠷᠤᠯᠲᠠ ᠶᠢᠨ ᠲᠦᠪᠰᠢᠨ ᠢ ᠳᠠᠰᠤᠷᠠᠯᠳᠠ ᠦᠭᠡᠢ ᠳᠡᠭᠡᠭᠰᠢᠯᠡᠭᠦᠯᠵᠦ᠂ | ᠠᠮᠢᠳᠤᠷᠠᠯ ᠤᠨ ᠬᠤᠭ ᠨᠣᠪᠰᠢ ᠶᠢ ᠰᠢᠢᠳᠪᠦᠷᠢᠯᠡᠬᠦ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠵᠦ᠂ ᠪᠦᠬᠦ | ᠬᠤᠰᠢᠭᠤᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠰᠢᠯᠢᠳᠡᠭᠵᠢᠭᠦᠯᠬᠦ ᠬᠡᠷᠡᠭᠲᠡᠢ᠃ ᠨᠥᠭᠦᠭᠡ ᠲᠠᠯ᠎ᠠ ᠪᠠᠷ | ᠤᠤᠭᠤᠬᠤ ᠤᠰᠤᠨ ᠤ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠢ᠃ ᠬᠠᠮᠢᠶ᠎ᠠ ᠪᠦᠬᠦᠢ ᠰᠠᠯᠠᠭ᠎ᠠ ᠮᠥᠴᠢᠷ | ᠨᠢ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠬᠢᠷᠢ ᠲᠦᠪᠰᠢᠨ ᠢᠶᠠᠨ ᠳᠡᠭᠡᠭᠰᠢᠯᠡᠭᠦᠯᠵᠦ᠂ ᠪᠣᠬᠢᠷ ᠤᠰᠤ | ᠰᠢᠢᠳᠪᠦᠷᠢᠯᠡᠬᠦ ᠦᠢᠯᠡᠳᠪᠦᠷᠢ ᠶᠢ ᠵᠢᠯᠣᠭᠤᠳᠤᠨ ᠬᠢᠨᠠᠨ ᠬᠡᠮᠵᠢᠵᠦ ᠡᠵᠡᠮᠳᠡᠬᠦ ᠰᠢᠰᠲ᠋ᠧᠮ ᠢ ᠲᠡᠭᠦᠯᠳᠡᠷᠵᠢᠭᠦᠯᠵᠦ᠂ | ᠰᠢᠨᠵᠢᠯᠡᠬᠦ ᠤᠬᠠᠭᠠᠨᠴᠢ ᠪᠠᠷ ᠠᠷᠭᠠᠴᠠᠨ ᠰᠢᠢᠳᠪᠦᠷᠢᠯᠡᠬᠦ ᠠᠷᠭ᠎ᠠ ᠬᠡᠮᠵᠢᠶ᠎ᠡ ᠠᠪᠴᠤ᠂ ᠪᠣᠬᠢᠷ ᠤᠰᠤ ᠰᠢᠢᠳᠪᠦᠷᠢᠯᠡᠬᠦ | ᠨᠣᠷᠮ᠎ᠠ᠂ ᠤᠰᠤ ᠭᠠᠷᠭᠠᠬᠤ ᠪᠠᠷᠢᠮᠵᠢᠶ᠎ᠠ ᠳᠤ ᠬᠦᠷᠬᠦ ᠨᠣᠷᠮ᠎ᠠ ᠶᠢ ᠳᠡᠭᠡᠭᠰᠢᠯᠡᠭᠦᠯᠬᠦ ᠵᠡᠷᠭᠡ ᠠᠵᠢᠯ ᠢ ᠰᠠᠶᠢᠲᠤᠷ ᠬᠢᠬᠦ | ᠬᠡᠷᠡᠭᠲᠡᠢ᠃ ᠤᠰᠤᠨ ᠤ ᠴᠢᠨᠠᠷ ᠢ ᠬᠢᠨᠠᠨ ᠰᠢᠯᠭᠠᠬᠤ ᠠᠵᠢᠯ ᠢ ᠦᠷᠭᠦᠯᠵᠢᠯᠡᠨ ᠴᠢᠩᠭᠠᠳᠬᠠᠵᠤ᠂ ᠦᠢᠯᠡᠳᠪᠦᠷᠢ ᠶᠢᠨ | ᠪᠡᠯᠡᠳᠬᠡᠮᠵᠢ ᠲᠥᠬᠦᠭᠡᠷᠦᠮᠵᠢ ᠶᠢ ᠬᠠᠮᠠᠭᠠᠯᠠᠨ ᠠᠷᠠᠴᠢᠯᠠᠬᠤ ᠵᠢᠴᠢ ᠭᠡᠨᠡᠳᠲᠡ ᠶᠢᠨ ᠬᠡᠷᠡᠭ ᠢ ᠠᠷᠭᠠᠴᠠᠬᠤ ᠪᠠᠴᠢᠮ | ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠪᠠ ᠪᠡᠯᠡᠳᠬᠡᠯ ᠠᠵᠢᠯ ᠢ ᠰᠠᠶᠢᠲᠤᠷ ᠬᠢᠵᠦ᠂ ᠤᠰᠤᠨ ᠤ | ᠦᠢᠯᠡᠳᠪᠦᠷᠢ ᠶᠢᠨ ᠣᠶᠢᠷ᠎ᠠ ᠬᠠᠪᠢ ᠶᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠶᠢ | ᠴᠢᠩᠭᠠᠳᠬᠠᠨ᠂ ᠣᠯᠠᠨ ᠲᠦᠮᠡᠨ ᠤ ᠤᠤᠭᠤᠬᠤ ᠤᠰᠤᠨ ᠤ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠢ ᠭᠡᠵᠦ | ᠴᠢᠬᠤᠯᠠᠴᠢᠯᠠᠪᠠ᠃ | | ᠰᠢᠨ ᠱᠢ ᠪᠠᠷᠢᠯᠭ᠎ᠠ ᠶᠢᠨ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠶᠢᠨ ᠵᠢᠯ ᠳᠤ 150 ᠲᠦᠮᠡᠨ ᠲᠣᠨ ᠴᠣᠬᠤᠢ | ᠶᠢᠨ ᠴᠢᠯᠠᠭᠤᠯᠢᠭ ᠦᠢᠯᠡᠳᠪᠦᠷᠢᠯᠡᠬᠦ ᠴᠢᠳᠠᠮᠵᠢ ᠪᠦᠬᠦᠢ ᠠᠭᠤᠷᠬᠠᠢ ᠶᠢ ᠥᠷᠭᠡᠳᠬᠡᠨ ᠪᠠᠶᠢᠭᠤᠯᠬᠤ ᠵᠢᠴᠢ 50 | ᠲᠦᠮᠡᠨ ᠲᠣᠨ ᠥᠨᠳᠥᠷ ᠺᠠᠯᠼ ᠤᠨ ᠨᠤᠨᠳᠠᠭ ᠤᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ | ᠪᠠᠷᠢᠯᠭ᠎ᠠ ᠶᠢᠨ ᠲᠤᠬᠠᠢ ᠶᠢᠨ ᠲᠠᠯᠠᠪᠠᠢ ᠳᠤ᠂ ᠶᠣᠣ ᠬᠤᠩ ᠭᠠᠩ ᠪᠠᠷᠢᠯᠭ᠎ᠠ ᠶᠢᠨ ᠠᠵᠢᠯ ᠤᠨ ᠠᠬᠢᠴᠠ᠂ ᠠᠶᠤᠯᠭᠦᠢ | ᠦᠢᠯᠡᠳᠪᠦᠷᠢᠯᠡᠯ᠂ ᠠᠬᠢᠴᠠ ᠶᠢᠨ ᠲᠥᠯᠥᠪᠯᠡᠭᠡ᠂ ᠵᠠᠮ ᠤᠨ ᠲᠥᠯᠦᠪᠵᠢᠭᠦᠯᠭᠡ ᠵᠡᠷᠭᠡ ᠪᠠᠶᠢᠳᠠᠯ ᠢ ᠪᠠᠶᠢᠴᠠᠭᠠᠨ | ᠰᠤᠳᠤᠯᠵᠠᠢ᠃ ᠲᠡᠷᠡ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠪᠣᠯ ᠣᠷᠣᠨ ᠪᠦᠰᠡ | ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠬᠤ ᠴᠢᠬᠤᠯᠠ ᠭᠠᠷᠳᠠᠴᠠ ᠮᠥᠨ᠂ ᠪᠦᠲᠦᠭᠡᠨ | ᠪᠠᠶᠢᠭᠤᠯᠤᠯᠲᠠ ᠶᠢᠨ ᠠᠬᠢᠴᠠ ᠶᠢ ᠬᠦᠴᠦᠯᠡᠨ ᠲᠦᠷᠭᠡᠳᠬᠡᠵᠦ᠂ ᠰᠠᠯᠠᠭ᠎ᠠ ᠮᠥᠴᠢᠷ ᠤᠨ ᠬᠤᠯᠪᠤᠭᠠᠯᠠᠨ ᠬᠥᠳᠡᠯᠦᠯᠴᠡᠬᠦ | ᠦᠢᠯᠡᠳᠦᠯ ᠢ ᠪᠦᠲᠦᠮᠵᠢᠲᠡᠢ ᠪᠠᠳᠠᠷᠠᠭᠤᠯᠤᠨ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠳᠤᠮᠳᠠᠬᠢ | ᠠᠰᠠᠭᠤᠳᠠᠯ ᠪᠠ ᠬᠦᠴᠢᠷᠳᠡᠯ ᠢ ᠪᠦᠲᠦᠮᠵᠢᠲᠡᠢ ᠰᠢᠢᠳᠪᠦᠷᠢᠯᠡᠵᠦ᠂ ᠲᠦᠷᠦᠯ ᠵᠦᠢᠯ ᠤᠨ ᠡᠷᠲᠡᠬᠡᠨ ᠠᠰᠢᠭᠯᠠᠯᠲᠠ ᠳᠤ | ᠣᠷᠣᠵᠤ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ᠃ ᠡᠭᠦᠨ ᠤ ᠬᠠᠮᠲᠤ᠂ ᠠᠭᠤᠷᠬᠠᠢ ᠶᠢᠨ ᠣᠷᠣᠨ ᠤ | ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢ ᠴᠢᠩᠭᠠᠳᠬᠠᠵᠤ᠂ ᠰᠤᠯᠠ ᠵᠠᠳᠠᠭᠠᠢ ᠴᠢᠯᠠᠭᠤᠯᠢᠭ ᠢ ᠠᠴᠢᠶᠠᠯᠠᠨ | ᠲᠡᠭᠡᠭᠡᠪᠦᠷᠢᠯᠡᠵᠦ ᠴᠡᠪᠡᠷᠯᠡᠨ ᠠᠷᠢᠯᠭᠠᠬᠤ ᠢᠨᠵᠧᠨᠧᠷᠢᠩ᠂ ᠰᠡᠷᠭᠡᠶᠢᠯᠡᠨ ᠬᠠᠮᠠᠭᠠᠯᠠᠬᠤ ᠢᠨᠵᠧᠨᠧᠷᠢᠩ ᠢ ᠡᠷᠬᠡᠪᠰᠢ | ᠰᠠᠶᠢᠲᠤᠷ ᠬᠢᠵᠦ᠂ ᠠᠮᠤᠷ ᠲᠦᠪᠰᠢᠨ ᠤ ᠴᠡᠭᠴᠡᠯᠡᠨ ᠵᠠᠰᠠᠯᠲᠠ ᠶᠢ ᠪᠣᠬᠢᠷᠲᠤᠯ ᠦᠭᠡᠢ ᠠᠭᠤᠷᠬᠠᠢ ᠶᠢᠨ ᠪᠦᠲᠦᠭᠡᠨ | ᠪᠠᠶᠢᠭᠤᠯᠤᠯᠲᠠ ᠲᠠᠢ ᠤᠶᠠᠯᠳᠤᠭᠤᠯᠵᠤ᠂ ᠡᠬᠢ ᠪᠠᠶᠠᠯᠢᠭ ᠤᠨ ᠨᠡᠭᠡᠭᠡᠨ ᠠᠰᠢᠭᠯᠠᠯᠲᠠ ᠪᠣᠯᠣᠨ ᠠᠮᠢ ᠠᠬᠤᠢ ᠶᠢᠨ | ᠬᠠᠮᠠᠭᠠᠯᠠᠯᠲᠠ ᠶᠢᠨ ᠬᠤᠣᠰ ᠠᠮᠵᠢᠯᠲᠠ ᠶᠢ ᠪᠡᠶᠡᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠰᠢᠭᠤ ᠳᠡᠳ᠋ ᠳᠠᠷᠤᠭ᠎ᠠ ᠮᠧᠩ ᠹᠠᠨ ᠸᠧᠢ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ | | |