ᠪᠠᠷᠠᠭᠤᠨ ᠦᠵᠦᠮᠦᠴᠢᠨ  ᠬᠤᠰᠢᠭᠤᠨ  ᠤ ᠨᠠᠰᠣᠲᠠᠶᠢᠴᠣᠳ  ᠤᠨ ᠬᠤᠭᠤᠯᠯᠠᠬᠤ ᠨᠥᠬᠦᠪᠦᠷᠢ ᠶᠢᠨ ᠦᠢᠯᠡᠴᠢᠯᠡᠭᠡ ᠵᠢᠩᠬᠢᠨᠢ ᠪᠠᠷ ᠡᠬᠢᠯᠡᠪᠡ
ᠨᠡᠶᠢᠲᠡᠯᠡᠭᠰᠡᠨ ᠴᠠᠭ᠄
2025/6/17
   ᠨᠠᠰᠤᠲᠠᠶᠢᠴᠤᠳ ᠤᠨ ᠬᠤᠭᠤᠯᠠ ᠤᠮᠳᠠ ᠳᠤ ᠲᠤᠰᠠᠯᠠᠬᠤ ᠦᠢᠯᠡᠴᠢᠯᠡᠭᠡ ᠶᠢ ᠬᠦᠭᠵᠢᠬᠦᠯᠬᠦ  ᠪᠤᠯ ᠬᠦᠮᠦᠨ ᠠᠮᠠ ᠶᠢᠨ ᠨᠠᠰᠤᠵᠢᠯᠲᠠ ᠶᠢ ᠢᠳᠡᠪᠬᠢᠲᠡᠢ ᠠᠷᠭᠠᠴᠠᠬᠤ ᠤᠯᠠᠰ ᠤᠨ ᠪᠠᠶᠢᠯᠳᠤᠬᠤ ᠪᠤᠳᠤᠯᠭ᠎ᠠ ᠶᠢ ᠬᠡᠷᠡᠭᠵᠢᠬᠦᠯᠬᠦ ᠶᠢᠨ ᠴᠢᠬᠤᠯᠠ ᠠᠭᠤᠯᠭ᠎ᠠ ᠪᠠ ᠠᠷᠠᠳ ᠤᠨ ᠠᠮᠢᠳᠤᠷᠠᠯ ᠤᠨ ᠴᠢᠬᠤᠯᠠ ᠢᠨᠵᠧᠨᠧᠷᠢᠩ ᠮᠦᠨ᠃    ᠤᠶᠢᠷ᠎ᠡ ᠳᠤ᠂ ᠪᠠᠷᠠᠭᠤᠨ ᠦᠵᠦᠮᠦᠴᠢᠨ ᠬᠤᠰᠢᠭᠤ ᠨᠢ ᠪᠠᠯᠭᠠᠷᠭᠤᠤᠯ ᠪᠠᠯᠭᠠᠰᠤᠨ ᠳᠤ ᠨᠠᠰᠤᠵᠢᠯ ᠤᠨ ᠠᠰᠠᠷᠠᠮᠵᠢ  ᠶᠢᠨ ᠬᠤᠭᠤᠯᠯᠠᠬᠤ ᠨᠥᠬᠦᠪᠦᠷᠢ ᠶᠢᠨ ᠦᠢᠯᠡᠴᠢᠯᠡᠭᠡ ᠶᠢ ᠡᠬᠢᠯᠡᠭᠦᠯᠵᠦ᠂ ᠨᠠᠷᠢᠯᠢᠭ ᠣᠨᠣᠴᠠᠲᠠᠢ ᠪᠠᠷ ᠨᠥᠬᠦᠪᠦᠷᠢ ᠥᠭᠬᠦ ᠂ ᠣᠯᠠᠨ ᠡᠰᠢᠲᠦ ᠦᠢᠯᠡᠴᠢᠯᠡᠭᠡ ᠬᠠᠩᠭᠠᠬᠤ᠂ ᠣᠶᠤᠨᠴᠢ ᠬᠢᠨᠠᠯᠲᠠ ᠬᠠᠮᠢᠶᠠᠷᠤᠯᠲᠠ ᠬᠢᠬᠦ ᠵᠡᠷᠭᠡ ᠠᠷᠭ᠎ᠠ ᠪᠠᠷᠢᠯ ᠢᠶᠠᠷ ᠳᠠᠮᠵᠢᠭᠤᠯᠤᠨ᠂ ᠨᠠᠰᠤᠲᠠᠶᠢᠴᠤᠳ ᠤᠨ ᠰᠢᠮ᠎ᠡ ᠲᠡᠵᠢᠭᠡᠯ ᠲᠠᠢ᠂ ᠠᠮᠤᠷ ᠲᠦᠪᠰᠢᠨ ᠬᠤᠭᠤᠯᠯᠠᠬᠤ ᠶᠢ ᠪᠠᠳᠤᠯᠠᠵᠤ ᠪᠠᠶᠢᠨ᠎ᠠ᠃ ᠤᠳᠤᠬᠠᠨ ᠳᠤ᠂ ᠬᠤᠭᠤᠯᠯᠠᠬᠤ ᠨᠥᠬᠦᠪᠦᠷᠢ ᠦᠭᠬᠦ ᠬᠤᠶᠠᠷ ᠦᠢᠯᠡᠴᠢᠯᠡᠭᠡᠨ ᠤ ᠴᠡᠭ ᠨᠢᠭᠡᠨᠲᠡ ᠵᠤᠴᠢᠨ ᠤᠭᠲᠤᠵᠤ ᠡᠬᠢᠯᠡᠪᠡ᠃    ᠲᠥᠷᠥᠯ ᠬᠤᠪᠢᠶᠠᠨ ᠨᠥᠬᠦᠪᠦᠷᠢ ᠥᠭᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ 60 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠲᠤ ᠪᠣᠳᠠᠲᠠᠢ ᠠᠰᠢᠭ ᠬᠦᠷᠲᠡᠭᠡᠨ᠎ᠡ    ᠪᠠᠷᠠᠭᠤᠨ ᠦᠵᠦᠮᠦᠴᠢᠨ ᠬᠤᠰᠢᠭᠤᠨ ᠤ ᠡᠷᠦᠬᠡ ᠠᠮᠠ ᠲᠠᠢ ᠪᠥᠭᠡᠳ ᠪᠠᠯᠭᠠᠷ ᠭᠤᠣᠯ ᠪᠠᠯᠭᠠᠰᠤᠨ ᠳᠤ ᠰᠠᠭᠤᠵᠤ ᠪᠠᠶᠢᠭ᠎ᠠ ᠨᠠᠰᠤᠲᠠᠶᠢᠴᠤᠳ ᠪᠠ ᠣᠨᠴᠠ ᠬᠦᠴᠢᠷᠳᠡᠯᠲᠡᠢ ᠬᠥᠮᠥᠰ ᠲᠤ ᠬᠤᠭᠤᠯᠠᠨ ᠤ ᠨᠥᠬᠦᠪᠦᠷᠢ ᠣᠯᠭᠤᠵᠤ ᠪᠣᠯᠣᠨ᠎ᠠ᠄ ᠣᠨᠴᠠ ᠬᠦᠴᠢᠷᠳᠡᠯᠲᠡᠢ ᠬᠥᠮᠥᠰ ᠵᠢᠴᠢ 60 ᠨᠠᠰᠤᠨ ᠠᠴᠠ ᠳᠡᠭᠡᠭᠰᠢᠬᠢ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠲᠠᠢ ᠨᠠᠰᠤᠲᠠᠶᠢᠴᠤᠳ ︵A ᠲᠥᠷᠥᠯ ᠤᠨ ᠬᠥᠮᠥᠰ︶ ᠤᠨ ᠥᠷᠯᠥᠭᠡ᠂ ᠦᠳᠡ᠂ ᠣᠷᠣᠢ ᠶᠢᠨ ᠬᠤᠭᠤᠯᠠᠨ ᠤ ᠴᠠᠭ ᠲᠤ᠂ ᠬᠤᠭᠤᠯᠠᠨ ᠤ ᠵᠦᠢᠯ ᠪᠦᠷᠢ ᠳᠤ 8 ᠲᠥᠭᠦᠷᠢᠭ ᠬᠦᠷᠪᠡᠯ ᠳᠠᠷᠤᠢ 5 ᠲᠥᠭᠦᠷᠢᠭ ᠬᠠᠰᠤᠬᠤ ᠬᠠᠷᠠᠭᠠᠯᠵᠠᠯ ᠢ ᠭᠥᠷᠳᠡᠵᠦ ᠪᠣᠯᠣᠨ᠎ᠠ᠂ ᠡᠭᠦᠨ ᠳᠤ ᠪᠠᠷᠠᠭᠤᠨ ᠦᠵᠦᠮᠦᠴᠢᠨ ᠬᠤᠰᠢᠭᠤᠨ ᠤ ᠡᠷᠦᠬᠡ ᠠᠮᠠ ᠲᠠᠢ ᠪᠥᠭᠡᠳ ᠪᠠᠯᠭᠠᠷᠭᠤᠤᠯ ᠪᠠᠯᠭᠠᠰᠤᠨ ᠳᠤ ᠰᠠᠭᠤᠵᠤ ᠪᠠᠶᠢᠭ᠎ᠠ ᠨᠠᠰᠤᠲᠠᠶᠢᠴᠤᠳ ᠪᠠ ᠣᠨᠴᠠ ᠬᠦᠴᠢᠷᠳᠡᠯᠲᠡᠢ ᠬᠥᠮᠥᠰ ᠲᠤ ᠬᠤᠭᠤᠯᠠᠨ ᠤ ᠨᠥᠬᠦᠪᠦᠷᠢ ᠣᠯᠭᠤᠨ᠎ᠠ᠃ B ᠲᠥᠷᠥᠯ ᠤᠨ ᠬᠥᠮᠥᠰ ᠪᠣᠯ ᠪᠠᠯᠭᠠᠷᠭᠤᠤᠯ ᠪᠠᠯᠭᠠᠰᠤᠨ ᠳᠤ ᠰᠠᠭᠤᠵᠤ ᠪᠠᠶᠢᠭ᠎ᠠ ᠪᠦᠬᠦᠯᠢ 60 ᠨᠠᠰᠤᠨ ᠠᠴᠠ ᠳᠡᠭᠡᠭᠰᠢᠬᠢ ᠡᠩ ᠤᠨ ᠨᠠᠰᠤᠲᠠᠶᠢᠴᠤᠳ ᠲᠤ   ᠥᠷᠯᠥᠭᠡ᠂ ᠦᠳᠡ᠂ ᠣᠷᠣᠢ  ᠶᠢᠨ ᠬᠤᠭᠤᠯᠠᠨ ᠤ ᠵᠠᠷᠤᠳᠠᠯ ᠳᠤ ᠪᠦᠬᠦᠯᠢ 8 ᠲᠥᠭᠦᠷᠢᠭ ᠵᠠᠷᠤᠴᠠᠭᠤᠯᠪᠠᠯ᠂ 3 ᠲᠥᠭᠦᠷᠢᠭ ᠤᠨ ᠨᠥᠬᠦᠪᠦᠷᠢ ᠣᠯᠭᠤᠨ᠎ᠠ᠃ ᠲᠣᠰ ᠲᠥᠷᠥ ᠶᠢᠨ ᠪᠣᠳᠣᠯᠭ᠎ᠠ ᠨᠢ ᠪᠣᠳᠠᠲᠠᠢ ᠠᠷᠭ᠎ᠠ ᠬᠡᠮᠵᠢᠶ᠎ᠡ ᠪᠠᠷ ᠨᠠᠰᠤᠲᠠᠶᠢᠴᠤᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ᠂ ᠣᠨᠴᠠᠭᠠᠶ ᠬᠠᠮᠲᠤᠯᠢᠭ ᠤᠨ ᠬᠤᠭᠤᠯᠠ ᠢᠳᠡᠬᠦ ᠳᠠᠷᠤᠭᠠᠰᠤ ᠶᠢ ᠬᠥᠩᠭᠡᠷᠡᠭᠦᠯᠦᠨ᠎ᠡ᠃    ︽ᠨᠢᠭᠡ ᠴᠠᠭ ᠤᠨ ᠦᠳᠡ   ᠶᠢᠨ ᠬᠤᠭᠤᠯᠠᠨ ᠳᠤ ᠥᠪᠡᠷ   ᠢᠶᠠᠨ ᠳᠣᠯᠣᠭᠠᠬᠠᠨ ᠲᠥᠭᠦᠷᠢᠭ ᠵᠠᠷᠤᠴᠠᠭᠤᠯᠤᠨ᠎ᠠ᠂  ᠦᠨ᠎ᠡ ᠬᠢᠮᠳᠡ ᠮᠥᠷᠲᠡᠭᠡᠨ ᠨᠣᠭᠤᠭᠠᠨ ᠤ ᠲᠥᠷᠦᠯ ᠵᠦᠢᠯ ᠣᠯᠠᠨ᠂ ᠰᠢᠨ᠎ᠡ ᠰᠣᠷᠭᠤᠭ ᠪᠠᠶᠢᠵᠤ᠂ ᠮᠠᠰᠢ ᠲᠠᠭᠠᠯᠠᠭᠳᠠᠭᠰᠠᠨ᡽︾  ᠬᠡᠵᠤ ᠠᠵᠢᠯ ᠠᠴᠠ ᠪᠠᠨ ᠠᠮᠠᠷᠠᠭᠰᠠᠨ  ᠸᠠᠩ ᠨᠠᠰᠤᠲᠠᠨ  ︽ᠵᠣᠯ ᠵᠢᠷᠭᠠᠯᠲᠤ ᠠᠶᠢᠯ ᠤᠨ ᠠᠷᠠᠳ ᠲᠤ ᠳᠥᠭᠦᠮ ᠦᠵᠡᠭᠦᠯᠬᠦ ᠬᠤᠭᠤᠯᠠᠨ ᠭᠡᠷ︾ ᠲᠤ ᠬᠤᠭᠤᠯᠠ ᠢᠳᠡᠭᠰᠡᠨ ᠤ ᠳᠠᠷᠠᠭ᠎ᠠ ᠮᠠᠭᠲᠠᠨ ᠶᠠᠷᠢᠵᠤ ᠪᠠᠶᠢᠯ᠎ᠠ᠃    ᠪᠠᠶᠠᠰᠣᠯ ᠲᠣᠭᠤᠷᠢᠭ ᠤᠨ ᠬᠤᠭᠤᠯᠠᠨ ᠭᠡᠷ ᠪᠤᠯᠤᠨ  ᠂ ᠵᠣᠯ ᠵᠢᠷᠭᠠᠯᠲᠤ ᠠᠶᠢᠯ ᠤᠨ ᠠᠷᠠᠳ ᠲᠤ ᠲᠥᠬᠦᠮ ᠦᠵᠡᠭᠦᠯᠬᠦ ᠬᠤᠭᠤᠯᠠᠨ ᠲᠢᠩᠬᠢᠮ ᠨᠢ ᠲᠦᠷᠦᠭᠦᠸ ᠪᠦᠯᠦᠭ ᠤᠨ ᠦᠢᠯᠡᠴᠢᠯᠡᠭᠡᠨ ᠤ ᠴᠡᠭ ᠪᠠᠶᠢᠵᠤ᠂ ᠬᠤᠶᠢᠰᠢᠳᠠ ᠳᠡᠭᠡᠳᠦ ᠱᠠᠲᠤᠨ ᠤ ᠪᠡᠯᠡ ᠮᠥᠩᠭᠦᠨ ᠤ ᠪᠠᠶᠢᠳᠠᠯ ᠢ ᠦᠨᠳᠦᠰᠦᠯᠡᠨ ᠦᠢᠯᠡᠴᠢᠯᠡᠭᠡ ᠶᠢ ᠳᠡᠮᠵᠢᠬᠦ ᠲᠥᠷᠥ ᠶᠢᠨ ᠪᠣᠳᠣᠯᠭ᠎ᠠ ᠪᠠᠨ ᠬᠥᠳᠡᠯᠦᠩᠭᠦᠢ ᠪᠠᠷ ᠲᠣᠬᠢᠷᠠᠭᠤᠯᠤᠨ᠎ᠠ᠃    ︽ᠭᠤᠷᠪᠠᠨ ᠬᠡᠯᠪᠡᠷᠢ ᠶᠢᠨ ᠦᠢᠯᠡᠴᠢᠯᠡᠭᠡ︾ ᠨᠢ ᠪᠥᠬᠦ ᠬᠡᠷᠡᠭᠴᠡᠭᠡ ᠶᠢ ᠬᠠᠮᠤᠷᠴᠤ ᠦᠨᠳᠦᠰᠦᠲᠡᠨ ᠤ ᠢᠳᠡᠭᠡᠨ ᠤᠮᠳᠠᠭᠠᠨ ᠤ ᠥᠪᠡᠷᠮᠢᠴᠡ ᠣᠨᠴᠠᠯᠢᠭ ᠲᠠᠢ ᠪᠣᠯᠪᠠ     ᠨᠥᠬᠦᠪᠦᠷᠢ ᠲᠠᠢ ᠬᠤᠭᠤᠯᠠᠨ ᠲᠢᠩᠬᠢᠮ ᠨᠢ ︽ᠬᠤᠭᠤᠯᠠᠨ ᠭᠡᠷ ᠲᠤ ᠬᠦᠷᠴᠦ ᠬᠤᠭᠤᠯᠠ ᠢᠳᠡᠬᠦ᠂  ᠪᠤᠭᠤᠳᠠᠯᠯᠠᠨ ᠠᠪᠴᠤ ᠶᠠᠪᠤᠬᠤ᠂ ᠭᠡᠷ ᠲᠤᠨᠢ ᠬᠦᠷᠭᠡᠬᠦ︾ ᠭᠤᠷᠪᠠᠨ ᠵᠦᠢᠯ ᠤᠨ ᠦᠢᠯᠡᠴᠢᠯᠡᠭᠡᠨ ᠤ ᠵᠠᠭᠪᠤᠷ ᠢ ᠬᠠᠩᠭᠠᠵᠤ᠂ ᠬᠥᠳᠡᠯᠵᠦ ᠪᠠᠷᠢᠬᠤ ᠳᠤ ᠳᠥᠭᠦᠮ ᠦᠭᠡᠢ ᠨᠠᠰᠤᠲᠠᠶᠢᠴᠤᠳ ᠢ ᠦᠨᠡᠯᠡᠨ ᠵᠢᠱᠢᠭᠰᠡᠨ ᠤ ᠳᠠᠷᠠᠭ᠎ᠠ ᠲᠣᠬᠢᠷᠠᠭᠤᠯᠤᠨ ᠬᠦᠷᠭᠡᠬᠦ ᠦᠢᠯᠡᠴᠢᠯᠡᠭᠡ ᠶᠢ ᠭᠥᠷᠳᠡᠵᠦ ᠪᠣᠯᠣᠨ᠎ᠠ᠃ ᠭᠠᠷᠠᠭ ᠪᠦᠷᠢ  ᠬᠤᠭᠤᠯᠠ ᠪᠠᠨ ᠰᠢᠨᠡᠳᠭᠡᠵᠤ᠂ ᠲᠣᠰᠣᠨ ᠳᠤ ᠪᠤᠴᠠᠯᠭᠠᠭᠰᠠᠨ  ᠬᠠᠪᠢᠷᠭ᠎ᠠ᠂ ᠦᠬᠡᠷ ᠤᠨ ᠮᠢᠬᠠᠨ ᠬᠠᠭᠤᠷᠠᠭᠤᠯ ᠵᠡᠷᠭᠡ ᠭᠡᠷ ᠤᠨ ᠡᠩ ᠤᠨ ᠬᠤᠭᠤᠯᠠ ᠪᠠᠶᠢᠬᠤ ᠪᠠᠷ ᠪᠠᠷᠠᠬᠤ ᠦᠭᠡᠢ ᠪᠠᠰᠠ ᠰᠦ ᠲᠠᠢ ᠴᠠᠢ  ᠂ ᠬᠠᠭᠤᠷᠤᠭᠰᠠᠨ ᠪᠤᠳᠠᠭ᠎ᠠ᠂ ᠪᠤᠤᠰᠠ ᠵᠡᠷᠭᠡ ᠦᠨᠳᠦᠰᠦᠲᠡᠨ ᠤ ᠣᠨᠴᠠᠯᠢᠭ ᠲᠠᠢ ᠬᠤᠭᠤᠯᠠ  ᠪᠠᠶᠢᠵᠣ᠂ ᠪᠠᠰᠠ ᠥᠨᠳᠥᠷ ᠨᠠᠰᠤᠲᠠᠢ ᠨᠠᠰᠤᠲᠠᠶᠢᠴᠤᠳ ᠲᠤ ᠲᠤᠰᠬᠠᠶᠢᠯᠠᠨ ᠬᠢᠭᠰᠡᠨ  ᠰᠢᠩᠭᠡᠨ ᠪᠤᠳᠠᠭ᠎ᠠ ᠵᠡᠷᠭᠡ  ᠪᠣᠶ᠃ ︽ᠬᠤᠭᠤᠯᠠᠨ ᠭᠡᠷ ᠲᠤᠰᠬᠠᠶᠢᠯᠠᠨ ᠮᠢᠨᠤ ᠡᠵᠢ ᠳᠤ ᠳᠠᠪᠤᠰᠤ ᠦᠭᠡᠢ ᠬᠤᠭᠤᠯᠠ ᠪᠡᠯᠡᠳᠬᠡᠵᠦ ᠥᠭᠭᠦᠭᠰᠡᠨ ᠶᠤᠮ᠂ ᠡᠨᠡ ᠬᠦ  ᠶᠠᠪᠤᠳᠠᠯ ᠨᠢ ᠰᠠᠨᠠᠭᠠᠨ ᠳᠤ  ᠮᠠᠰᠢ ᠲᠠᠭᠠᠯᠠᠭᠳᠠᠭᠰᠠᠨ ᠶᠤᠮ︾ ᠭᠡᠵᠦ ᠰᠠᠭᠤᠭᠠᠯᠢ ᠠᠷᠠᠳ ᠵᠠᠩ ᠠᠪᠠᠭ᠋ᠠᠢ ᠦᠢᠯᠡᠴᠢᠯᠡᠭᠡᠨ ᠤ ᠲᠠᠯ᠎ᠠ ᠪᠠᠷ ᠮᠠᠭᠲᠠᠨ ᠰᠠᠶᠢᠰᠢᠶᠠᠵᠤ ᠪᠠᠶᠢᠯ᠎ᠠ᠃    ᠣᠶᠤᠨᠴᠢ ᠬᠢᠨᠠᠯᠲᠠ ᠬᠠᠮᠢᠶᠠᠷᠤᠯᠲᠠ ᠪᠠᠷ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠵᠦ᠂ ᠲᠣᠭᠲᠠᠭᠠᠯ   ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ︽ᠬᠠᠷ᠎ᠠ ᠲᠠᠩᠰᠠ︾ ᠳᠤ  ᠣᠷᠣᠭᠤᠯᠣᠨ᠎ᠠ    ᠬᠤᠰᠢᠭᠤ ᠠᠷᠠᠳ ᠤᠨ ᠶᠠᠪᠤᠳᠠᠯ ᠤᠨ ᠲᠣᠪᠴᠢᠶ᠎ᠠ ᠬᠤᠭᠤᠯᠠᠨ ᠤ ᠬᠠᠮᠢᠶᠠᠷᠤᠯᠲᠠ ᠶᠢᠨ ᠰᠢᠰᠲ᠋ᠧᠮ ᠢ ᠣᠷᠣᠭᠤᠯᠤᠨ ᠠᠪᠴᠢᠷᠠᠵᠤ᠂ ᠬᠤᠶᠠᠷ ᠬᠤᠭᠤᠯᠠᠨ ᠭᠡᠷ ᠲᠤ ᠲᠣᠭᠠᠴᠢᠯᠠᠭᠰᠠᠨ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠦᠨ᠂ ᠡᠷᠡᠭᠦᠯ ᠮᠡᠨᠳᠦ ᠶᠢᠨ ᠦᠨᠡᠮᠯᠡᠯ᠂ ᠰᠦᠢᠳᠬᠡᠯ ᠬᠤᠷᠢᠶᠠᠬᠤ ᠪᠠᠷᠢᠮᠵᠢᠶ᠎ᠠ ᠵᠢᠴᠢ ᠢᠳᠡᠭᠡᠨ ᠤ ᠠᠮᠤᠷ ᠲᠦᠪᠰᠢᠨ ᠤ ᠠᠮᠠᠯᠠᠯᠲᠠ ᠶᠢᠨ ᠪᠢᠴᠢᠭ ᠢ ᠵᠠᠷᠯᠠᠨ ᠨᠡᠶᠢᠲᠡᠯᠡᠬᠦ ᠶᠢ ᠱᠠᠭᠠᠷᠳᠠᠪᠠ᠃ ᠬᠡᠷᠪᠡ ᠳᠤᠷ᠎ᠠ ᠪᠠᠷ ᠢᠶᠠᠨ ᠠᠵᠢᠯ ᠵᠣᠭᠰᠣᠭᠰᠠᠨ᠂ ᠢᠳᠡᠭᠡᠨ ᠤ ᠵᠦᠢᠯ ᠤᠨ ᠵᠠᠭᠠᠯᠳᠤᠯᠭ᠎ᠠ   ᠶᠢ ᠬᠡᠮᠵᠢᠶ᠎ᠡ ᠠᠴᠠ ᠬᠡᠲᠦᠷᠡᠭᠦᠯᠦᠭᠰᠡᠨ ᠵᠡᠷᠭᠡ 6 ᠲᠥᠷᠥᠯ ᠤᠨ ᠪᠠᠶᠢᠳᠠᠯ ᠭᠠᠷᠪᠠᠯ᠂  ᠱᠠᠭᠠᠷᠳᠠᠵᠤ ᠪᠠᠶᠢᠭᠠᠳ ᠴᠡᠭᠴᠡᠯᠡᠨ ᠥᠭᠡᠷᠡᠴᠢᠯᠡᠬᠦ ᠪᠤᠶᠤ ᠨᠥᠬᠦᠪᠦᠷᠢ ᠥᠭᠬᠦ ᠬᠢᠷᠢ ᠬᠡᠮ   ᠢ ᠨᠢ ᠲᠦᠷ ᠵᠣᠭᠰᠣᠭᠠᠨ᠎ᠠ︔ ᠪᠡᠯᠡ ᠮᠥᠩᠭᠦ ᠶᠢ ᠮᠡᠬᠡᠯᠡᠨ ᠠᠪᠤᠭᠰᠠᠨ ᠪᠠᠶᠢᠭᠤᠯᠤᠮᠵᠢ ᠶᠢᠨ ᠨᠥᠬᠦᠪᠦᠷᠢ ᠶᠢ ᠨᠡᠬᠡᠮᠵᠢᠯᠡᠨ ᠠᠪᠴᠢᠷᠠᠬᠤ ᠶᠢᠨ ᠬᠠᠮᠲᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠢᠲᠡᠭᠡᠮᠵᠢ ᠶᠢᠨ ᠬᠠᠷ᠎ᠠ ᠲᠠᠩᠰᠠᠨ ᠳᠤ ᠣᠷᠣᠭᠤᠯᠤᠨ᠎ᠠ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠢᠳᠡᠭᠡᠨ ᠤ ᠮᠠᠲ᠋ᠧᠷᠢᠶᠠᠯ ᠢ ᠰᠤᠭᠤᠴᠢᠨ ᠪᠠᠶᠢᠴᠠᠭᠠᠬᠤ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ ᠨᠠᠰᠤᠲᠠᠶᠢᠴᠤᠳ ᠤᠨ ᠬᠤᠭᠤᠯᠠ ᠶᠢ ︽ᠠᠮᠤᠷ ᠲᠦᠪᠰᠢᠨ ᠢᠳᠡᠵᠦ᠂ ᠰᠠᠨᠠᠭ᠎ᠠ ᠠᠮᠤᠷ ᠢᠳᠡᠬᠦ︾ ᠶᠢ ᠦᠨᠡᠨᠬᠦ ᠪᠠᠲᠤᠯᠠᠬᠤ ᠬᠡᠷᠡᠭᠲᠡᠢ᠃    ︽ᠣᠳᠣᠬᠠᠨ ᠳᠤ ᠦᠢᠯᠡᠴᠢᠯᠡᠭᠡ ᠨᠢ ᠡᠳᠦᠷ ᠲᠤ ᠳᠤᠮᠳᠠᠴᠢ ᠪᠠᠷ  50 ᠬᠥᠮᠥᠨ ᠤᠳᠠᠭ᠎ᠠ   ᠶᠢ ᠳᠠᠪᠠᠵᠤ ᠪᠠᠶᠢᠨ᠎ᠠ᠂ ᠳᠠᠷᠠᠭᠠᠴᠢ   ᠶᠢᠨ ᠠᠯᠬᠤᠮ ᠳᠤ ᠪᠣᠳᠠᠲᠠᠢ ᠪᠠᠶᠢᠳᠠᠯ   ᠢ ᠦᠨᠳᠦᠰᠦᠯᠡᠨ  ᠬᠤᠭᠤᠯᠯᠠᠬᠤ ᠴᠡᠭ ᠶᠢ ᠨᠡᠮᠡᠵᠦ ᠲᠣᠬᠢᠷᠠᠭᠤᠯᠤᠨ᠎ᠠ︾ ᠭᠡᠵᠤ ᠬᠤᠰᠢᠭᠤ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠳᠡᠳ᠋ ᠳᠠᠷᠤᠭ᠎ᠠ ᠢᠦᠢ ᠯᠢ  ᠵᠢᠣᠸᠠᠨ ᠲᠠᠨᠢᠯᠴᠠᠭᠤᠯᠪᠠ᠃ ᠠᠩᠬᠠᠳᠠᠭᠴᠢ ᠲᠤᠷᠰᠢᠯᠲᠠ ᠶᠢᠨ  ᠴᠡᠭ ᠤᠨ ᠬᠤᠭᠤᠯᠠᠨ ᠭᠡᠷ ᠲᠤ ᠬᠤᠭᠤᠯᠠᠨ ᠤ ᠦᠨᠦᠷ ᠬᠠᠩᠬᠤᠯᠬᠤ ᠶᠢ ᠳᠠᠭᠠᠯᠳᠤᠨ᠂ ᠪᠠᠷᠠᠭᠤᠨ ᠦᠵᠦᠮᠦᠴᠢᠨ ᠬᠤᠰᠢᠭᠤᠨ ᠤ ᠬᠢᠨ ︽ᠨᠢᠭᠡ ᠮᠥᠴᠡ ᠦᠢᠯᠡᠴᠢᠯᠡᠭᠡᠨ ᠤ ᠲᠣᠭᠤᠷᠢᠭ︾ ᠢᠶᠠᠷ ᠷᠠᠳᠢᠦ᠋ᠰ ᠪᠣᠯᠭᠠᠵᠤ᠂ ᠲᠠᠯ᠎ᠠ ᠨᠤᠲᠤᠭ ᠮᠠᠯᠵᠢᠬᠤ ᠣᠷᠣᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠨ᠎ᠡ ᠵᠢᠷᠤᠭ ᠲᠥᠰᠥᠪ ᠢ ᠵᠢᠷᠤᠭᠯᠠᠵᠤ ᠪᠠᠶᠢᠨ᠎ᠠ᠃     ᠰᠣᠷᠪᠣᠯᠵᠢᠯᠭ᠎ᠠ ᠠᠵᠢᠯ ᠠᠴᠠ ᠪᠠᠨ ᠠᠮᠠᠷᠠᠭᠰᠠᠨ ᠨᠠᠰᠤᠲᠠᠨ ᠸᠠᠩ  ᠭᠤᠸᠠᠩ ᠷᠦᠢ᠄ ︽ᠨᠢᠭᠡ ᠣᠳᠠᠭ᠎ᠠ ᠬᠤᠭᠤᠯᠯᠠᠬᠤ ᠳᠤ ᠨᠠᠢᠮᠠᠨ ᠲᠥᠭᠦᠷᠢᠭ ᠠᠴᠠ ᠬᠡᠲᠦᠷᠡᠪᠡᠯ ᠨᠢᠭᠡ ᠤᠳᠠᠭ᠎ᠠ ᠳᠤ ᠭᠤᠷᠪᠠᠨ ᠲᠥᠭᠦᠷᠢᠭ ᠤᠨ ᠨᠥᠬᠦᠪᠦᠷᠢ ᠲᠠᠢ᠂ ᠮᠠᠨ ᠤ ᠨᠠᠰᠤᠲᠠᠢᠴᠤᠳ ᠵᠡᠭᠡᠯᠢ   ᠳᠤ ᠭᠠᠷᠴᠤ ᠬᠤᠭᠤᠯᠠ ᠢᠳᠡᠪᠡᠯ ᠨᠠᠭᠠᠲᠤ ᠵᠠᠬ᠎ᠠ ᠳᠠᠭᠠᠨ ᠭᠤᠴᠢ ᠳᠥᠴᠢᠨ ᠲᠥᠭᠦᠷᠢᠭ ᠵᠠᠷᠣᠴᠠᠭᠤᠯᠣᠨ᠎ᠠ᠂ ᠵᠠᠰᠠᠭ ᠤᠨ ᠣᠷᠳᠣᠨ ᠠᠴᠠ ᠡᠶᠢᠮᠦ ᠰᠠᠶᠢᠬᠠᠨ ᠬᠠᠷᠠᠭᠠᠯᠵᠠᠯ ᠬᠦᠷᠲᠡᠭᠡᠭᠰᠡᠨ ᠳᠤ ᠮᠠᠰᠢ ᠶᠡᠭᠡ ᠲᠠᠯᠠᠷᠬᠠᠵᠣ ᠪᠠᠶᠢᠨ᠎ᠠ︾ ᠭᠡᠯ᠎ᠡ  ᠃     ᠰᠣᠷᠪᠣᠯᠵᠢᠯᠭ᠎ᠠ  ᠪᠠᠷᠠᠭᠤᠨ ᠦᠵᠦᠮᠦᠴᠢᠨ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠳᠡᠳ᠋ ᠳᠠᠷᠤᠭ᠎ᠠ ᠢᠦᠢ ᠯᠢ ᠵᠢᠣᠸᠠᠨ᠄ ︽ᠨᠠᠰᠤᠲᠠᠶᠢᠴᠤᠳ ᠤᠨ ᠬᠤᠭᠤᠯᠠ ᠤᠮᠳᠠ ᠳᠤ ᠲᠤᠰᠠᠯᠠᠬᠤ ᠪᠣᠯ ᠠᠷᠠᠳ ᠤᠨ ᠠᠮᠢᠳᠤᠷᠠᠯ ᠤᠨ ᠴᠢᠬᠤᠯᠠ ᠢᠨᠵᠧᠨᠧᠷᠢᠩ ᠮᠥᠨ᠂ 2024 ᠣᠨ ᠠᠴᠠ ᠨᠠᠰᠢ᠂ ᠠᠷᠠᠳ ᠤᠨ ᠶᠠᠪᠤᠳᠠᠯ ᠤᠨ ᠲᠣᠪᠴᠢᠶ᠎ᠠ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠬᠤᠭᠤᠯᠠ ᠤᠮᠳᠠ ᠳᠤ ᠲᠤᠰᠠᠯᠠᠬᠤ ᠦᠢᠯᠡᠴᠢᠯᠡᠭᠡ᠂ ᠨᠡᠶᠢᠭᠡᠮ ᠲᠣᠭᠤᠷᠢᠭ ᠤᠨ ᠲᠥᠬᠦᠭᠡᠷᠦᠮᠵᠢ ᠶᠢᠨ ᠬᠤᠭᠤᠯᠠ ᠤᠮᠳᠠ ᠳᠤ ᠲᠤᠰᠠᠯᠠᠬᠤ ᠦᠢᠯᠡᠴᠢᠯᠡᠭᠡ ᠵᠢᠴᠢ ᠢᠳᠡᠭᠡᠨ ᠤᠮᠳᠠᠭᠠᠨ᠂ ᠠᠵᠤ ᠠᠬᠤᠶᠢᠯᠠᠯᠲᠠᠨ ᠤ ᠬᠤᠭᠤᠯᠠ ᠤᠮᠳᠠ ᠳᠤ ᠲᠤᠰᠠᠯᠠᠬᠤ ᠦᠢᠯᠡᠴᠢᠯᠡᠭᠡ ᠵᠡᠷᠭᠡ ᠣᠯᠠᠨ ᠵᠦᠢᠯ ᠤᠨ ᠬᠡᠯᠪᠡᠷᠢ ᠪᠠᠷ ᠬᠢᠭᠰᠡᠨ ᠪᠠᠶᠢᠨ᠎ᠠ᠃  ᠪᠠᠯᠭᠠᠷ ᠭᠤᠣᠯ ᠪᠠᠯᠭᠠᠰᠤᠨ ᠳᠤ ᠨᠠᠰᠤᠲᠠᠶᠢᠴᠤᠳ ᠤᠨ ᠬᠤᠭᠤᠯᠠ ᠤᠮᠳᠠ ᠶᠢ ᠲᠤᠰᠠᠯᠠᠬᠤ ᠳᠥᠷᠪᠡᠨ ᠴᠡᠭ ᠢ ᠪᠠᠶᠢᠭᠤᠯᠵᠤ᠂ ᠬᠤᠪᠢ ᠬᠥᠮᠥᠨ ᠠᠴᠠ ᠵᠢᠭᠠᠬᠠᠨ ᠭᠠᠷᠭᠠᠵᠤ᠂ ᠠᠵᠤ ᠠᠬᠤᠶᠢᠯᠠᠯ ᠠᠴᠠ ᠵᠢᠭᠠᠬᠠᠨ ᠨᠠᠶᠢᠷ ᠲᠠᠯᠪᠢᠵᠤ᠂ ᠵᠠᠰᠠᠭ ᠤᠨ ᠣᠷᠳᠣᠨ ᠠᠴᠠ ᠵᠢᠭᠠᠬᠠᠨ ᠨᠥᠬᠦᠪᠦᠷᠢᠯᠡᠵᠦ᠂ ᠨᠡᠶᠢᠭᠡᠮ ᠠᠴᠠ ᠵᠢᠭᠠᠬᠠᠨ ᠬᠠᠨᠳᠢᠪᠯᠡᠬᠤ ᠡᠶᠢᠮᠦ ᠲᠣᠭᠲᠠᠴᠠ ᠪᠠᠷ ᠡᠵᠡᠩᠨᠡᠯᠲᠡ ᠶᠢ ᠲᠡᠳᠬᠦᠬᠦ ᠡᠷᠴᠢᠮ ᠢᠶᠠᠨ ᠴᠢᠩᠭᠠᠷᠠᠭᠤᠯᠪᠠ᠃ 2025 ᠣᠨ ᠳᠤ ᠡᠨᠡ ᠬᠦ ᠵᠠᠰᠠᠭ ᠤᠨ ᠣᠷᠳᠣᠨ ᠤ ᠨᠥᠬᠦᠪᠦᠷᠢ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ ᠲᠦᠭᠡᠮᠡᠯ ᠬᠠᠷᠠᠭᠠᠯᠵᠠᠯ ᠤᠨ ᠴᠢᠨᠠᠷ ᠢ ᠬᠡᠷᠡᠭᠵᠢᠭᠦᠯᠦᠭᠰᠡᠨ ᠶᠤᠮ᠃  ᠪᠠᠷᠠᠭᠤᠨ  ᠦᠵᠦᠮᠦᠴᠢᠨ ᠬᠤᠰᠢᠭᠤᠨ ᠤ ᠪᠦᠬᠦᠯᠢ 60 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠲᠤ ᠴᠥᠮ ᠡᠨᠡ ᠬᠦ ᠨᠥᠬᠦᠪᠦᠷᠢ ᠢ ᠡᠳ᠋ᠯᠡᠭᠦᠯᠵᠦ  ᠂ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠪᠠ ᠣᠨᠴᠠ ᠬᠦᠴᠢᠷᠳᠡᠯᠲᠡᠢ ᠬᠥᠮᠥᠰ ᠲᠤ᠂ ᠬᠤᠭᠤᠯᠠ ᠪᠦᠷᠢ ᠳᠤ ᠨᠠᠢᠮᠠᠨ ᠲᠥᠭᠦᠷᠢᠭ  ᠠᠴᠠ ᠲᠠᠪᠤᠨ ᠲᠥᠭᠦᠷᠢᠭ  ᠬᠠᠰᠣᠬᠤ  ᠨᠥᠬᠦᠪᠦᠷᠢ ᠶᠢ ᠣᠯᠭᠤᠨ᠎ᠠ᠃ ᠪᠤᠰᠤᠳ ᠨᠠᠰᠤᠲᠠᠶᠢᠴᠤᠳ ᠲᠤ  ᠂ ᠪᠦᠬᠦᠯᠢ 8 ᠲᠥᠭᠦᠷᠢᠭ ᠬᠤᠭᠤᠯᠠᠯᠠᠪᠠᠯ 3 ᠲᠥᠭᠦᠷᠢᠭ ᠬᠠᠰᠤᠨ᠎ᠠ︾ ᠭᠡᠯ᠎ᠡ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号