ᠪᠠᠷᠠᠭᠤᠨ ᠦᠵᠦᠮᠦᠴᠢᠨ ᠬᠤᠰᠢᠭᠤᠨ ᠤ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠢᠨ᠎ᠡ ᠰᠤᠷᠤᠭᠴᠢ ᠰᠦᠯᠵᠢᠶᠡᠨ ᠳᠤ ᠮᠡᠳᠡᠭᠡ ᠵᠠᠩᠭᠢ ᠪᠠᠨ ᠳᠠᠩᠰᠠᠯᠠᠬᠤ ᠪᠠ ᠲᠤᠬᠠᠢ ᠶᠢᠨ ᠲᠠᠯᠠᠪᠠᠢ ᠳᠤ ᠨᠡᠷ᠎ᠡ ᠮᠡᠳᠡᠬᠦᠯᠬᠦ ᠲᠤᠬᠠᠢ ᠮᠡᠳᠡᠭᠲᠡᠯ
ᠨᠡᠶᠢᠲᠡᠯᠡᠭᠰᠡᠨ ᠴᠠᠭ᠄
2025/6/17
     2025 ᠣᠨ ᠤ ᠨᠠᠮᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠳᠤ ᠪᠠᠷᠠᠭᠤᠨ ᠦᠵᠦᠮᠦᠴᠢᠨ ᠬᠤᠰᠢᠭᠤ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ︽ᠰᠦᠯᠵᠢᠶ᠎ᠡ ᠪᠠᠷ ᠨᠡᠷ᠎ᠡ ᠮᠡᠳᠡᠬᠦᠯᠬᠦ︾ ᠦᠶᠯᠡᠴᠢᠯᠡᠭᠡᠨ  ᠤ ᠠᠵᠢᠯ ᠢ ᠪᠥᠬᠦ ᠲᠠᠯ᠎ᠠ ᠪᠠᠷ ᠬᠡᠷᠡᠭᠵᠢᠭᠦᠯᠦᠨ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠢᠨ᠎ᠡ ᠰᠣᠷᠣᠭᠴᠢ  ᠶᠢᠨ ︽ᠰᠦᠯᠵᠢᠶ᠎ᠡ ᠪᠠᠷ ᠨᠡᠷ᠎ᠡ ᠮᠡᠳᠡᠬᠦᠯᠬᠦ ᠲᠠᠪᠴᠠᠩ︾ ᠢ ᠠᠰᠢᠭᠯᠠᠵᠤ᠂ ᠰᠦᠯᠵᠢᠶᠠᠨ ᠳᠤ ᠮᠡᠳᠡᠭᠡ ᠵᠠᠩᠭᠢ ᠪᠠᠨ ᠳᠠᠩᠰᠠᠯᠠᠬᠤ ᠪᠠ ᠲᠤᠬᠠᠢ ᠶᠢᠨ ᠲᠠᠯᠠᠪᠠᠢ ᠳᠤ ᠨᠡᠷ᠎ᠡ ᠮᠡᠳᠡᠭᠦᠯᠬᠦ ᠶᠢ ᠤᠶᠠᠯᠳᠤᠭᠤᠯᠬᠤ ᠬᠡᠯᠪᠡᠷᠢ ᠪᠠᠷ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠨᠢᠭᠡᠳᠦᠭᠡᠷ ᠣᠨ ᠤ ᠰᠢᠨ᠎ᠡ ᠰᠤᠷᠤᠭᠴᠢ ᠶᠢᠨ ᠨᠠᠮᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠤ ᠨᠡᠷ᠎ᠡ ᠮᠡᠳᠡᠬᠦᠯᠬᠦ ᠠᠵᠢᠯ ᠢ ᠦᠷᠨᠢᠬᠦᠯᠦᠨ᠎ᠡ᠂ ᠬᠠᠮᠢᠶ᠎ᠠ ᠪᠦᠬᠦᠢ ᠵᠦᠢᠯᠡᠰ ᠢ ᠲᠤᠤᠷᠠᠬᠢ ᠮᠡᠲᠦ ᠮᠡᠳᠡᠭᠲᠡᠶ᠎ᠡ᠄     ᠨᠢᠭᠡ  ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠭᠴᠢ ᠶᠢᠨ ᠬᠤᠪᠢᠶᠠᠷᠢᠯᠠᠯᠲᠠ᠄     ᠠᠩᠬ᠎ᠠ ᠵᠡᠷᠭᠡ ᠶᠢᠨ ᠨᠢᠭᠡᠳᠦᠭᠡᠷ ᠳᠤᠮᠳᠠᠳᠤ ᠰᠤᠷᠭᠠᠭᠤᠯᠢ᠄ ᠪᠠᠯᠭᠠᠷᠭᠤᠤᠯ ᠪᠠᠯᠭᠠᠰᠤ᠂ ᠬᠤᠭᠤᠯᠠᠳᠤ ᠶᠢᠨ ᠭᠤᠤᠯ ᠪᠠᠯᠭᠠᠰᠤ᠂ ᠵᠢᠷ ᠤᠨ ᠭᠤᠤᠯ ᠪᠠᠯᠭᠠᠰᠤ᠂ ᠤᠯᠠᠭᠠᠨ ᠬᠠᠭᠠᠯᠭ᠎ᠠ ᠰᠤᠮᠤ᠂ ᠪᠠᠶᠠᠩᠬᠤᠸᠠ ᠪᠠᠯᠭᠠᠰᠤ᠂ ᠭᠤᠷᠣᠬᠠᠨ ᠪᠠᠯᠭᠠᠰᠤ᠂ ᠪᠠᠶᠠᠨᠬᠤᠰᠢᠭᠤ ᠰᠤᠮᠤ᠂ ᠤᠤᠯ ᠤᠨ ᠣᠶ ᠰᠢᠭᠤᠶ ᠶᠢᠨ ᠶᠡᠷᠦᠩᠬᠡᠶ ᠲᠠᠯᠠᠪᠠᠶ᠂ ᠪᠠᠷᠠᠭᠤᠨ ᠦᠵᠦᠮᠦᠴᠢᠨ ᠬᠤᠰᠢᠭᠤᠨ ᠤ ᠡᠷᠦᠬᠡ ᠠᠮᠠ ᠦᠬᠡᠢ ᠰᠣᠷᠣᠭᠴᠢ    ᠠᠩᠬ᠎ᠠ ᠵᠡᠷᠭᠡ ᠶᠢᠨ ᠬᠤᠶᠠᠳᠤᠭᠠᠷ ᠳᠤᠮᠳᠠᠳᠤ ᠰᠤᠷᠭᠠᠭᠤᠯᠢ᠄ ᠪᠠᠯᠭᠠᠷᠭᠤᠤᠯ ᠪᠠᠯᠭᠠᠰᠤ᠂ ᠬᠤᠭᠤᠯᠠᠳᠤ ᠶᠢᠨ ᠭᠤᠤᠯ ᠪᠠᠯᠭᠠᠰᠤ᠂ ᠵᠢᠷ ᠤᠨ ᠭᠤᠤᠯ ᠪᠠᠯᠭᠠᠰᠤ᠂ ᠤᠯᠠᠭᠠᠨ ᠬᠠᠭᠠᠯᠭ᠎ᠠ ᠰᠤᠮᠤ᠂ ᠪᠠᠶᠠᠩᠬᠤᠸᠠ ᠪᠠᠯᠭᠠᠰᠤ᠂ ᠭᠤᠷᠣᠬᠠᠨ ᠪᠠᠯᠭᠠᠰᠤ᠂ ᠪᠠᠶᠠᠨᠬᠤᠰᠢᠭᠤ ᠰᠤᠮᠤ᠂ ᠤᠤᠯ ᠤᠨ ᠣᠶ ᠰᠢᠭᠤᠶ ᠶᠢᠨ ᠶᠡᠷᠦᠩᠬᠡᠶ ᠲᠠᠯᠠᠪᠠᠶ᠂ ᠪᠠᠷᠠᠭᠤᠨ ᠦᠵᠦᠮᠦᠴᠢᠨ ᠬᠤᠰᠢᠭᠤᠨ ᠤ ᠡᠷᠦᠬᠡ ᠠᠮᠠ ᠦᠬᠡᠢ ᠰᠣᠷᠣᠭᠴᠢ    ᠬᠤᠶᠠᠷ᠂ ᠰᠣᠷᠣᠭᠴᠢ ᠡᠯᠰᠡᠬᠦ ᠣᠨ ᠠᠩᠭᠢ ᠵᠢᠴᠢ ᠬᠦᠷᠢᠶ᠎ᠡ ᠬᠡᠪᠴᠢᠶ᠎ᠡ    ᠠᠩᠬ᠎ᠠ ᠵᠡᠷᠭᠡ ᠶᠢᠨ ᠨᠢᠭᠡᠳᠦᠭᠡᠷ ᠳᠤᠮᠳᠠᠳᠤ ᠰᠤᠷᠭᠠᠭᠤᠯᠢ᠄  490 ᠰᠢᠨ᠎ᠡ ᠰᠤᠷᠤᠭᠴᠢ ᠡᠯᠰᠡᠬᠦ ᠪᠠᠷ ᠲᠦᠯᠦᠪᠯᠡᠵᠦ᠂ 10 ᠠᠩᠭᠢ᠂ ᠠᠩᠭᠢ ᠪᠦᠷᠢ ᠳᠤ 50 ᠰᠤᠷᠤᠭᠴᠢ ᠪᠠᠷ ᠬᠢᠵᠠᠭᠠᠷᠯᠠᠨ᠎ᠠ᠃    ᠠᠩᠬ᠎ᠠ ᠵᠡᠷᠭᠡ ᠶᠢᠨ ᠬᠤᠶᠠᠳᠤᠭᠠᠷ ᠳᠤᠮᠳᠠᠳᠤ ᠰᠤᠷᠭᠠᠭᠤᠯᠢ᠄  315 ᠰᠢᠨ᠎ᠡ ᠰᠤᠷᠤᠭᠴᠢ ᠡᠯᠰᠡᠬᠦ ᠪᠠᠷ ᠲᠦᠯᠦᠪᠯᠡᠵᠦ  ᠂ 7 ᠠᠩᠭᠢ᠂ ᠠᠩᠭᠢ ᠪᠦᠷᠢ ᠳᠤ 50 ᠰᠤᠷᠤᠭᠴᠢ ᠪᠠᠷ ᠬᠢᠵᠠᠭᠠᠷᠯᠠᠨ᠎ᠠ᠃    ᠭᠤᠷᠪᠠ᠂ ᠰᠦᠯᠵᠢᠶᠡᠨ ᠳᠤ ᠳᠠᠩᠰᠠᠯᠠᠬᠤ ᠴᠠᠭ    ᠠᠩᠬ᠎ᠠ ᠵᠡᠷᠭᠡ ᠶᠢᠨ ᠨᠢᠭᠡᠳᠦᠭᠡᠷ ᠣᠨ ᠤ ᠰᠢᠨ᠎ᠡ ᠰᠣᠷᠤᠭᠴᠢ ᠶᠢᠨ ᠮᠡᠳᠡᠭᠡ ᠵᠠᠩᠭᠢ ᠳᠠᠩᠰᠠᠯᠠᠬᠤ ᠴᠠᠭ᠄ 6 ᠰᠠᠷ᠎ᠠ ᠶᠢᠨ 23 ᠤ ᠡᠳᠦᠷ  ᠠᠴᠠ 7 ᠰᠠᠷ᠎ᠠ ᠶᠢᠨ 6 ᠤ ᠡᠳᠦᠷ ᠪᠤᠯᠲᠠᠯ᠎ᠠ    ᠳᠥᠷᠪᠡ᠂ ᠲᠤᠬᠠᠢ ᠶᠢᠨ ᠲᠠᠯᠠᠪᠠᠢ ᠳᠤ ᠨᠡᠷ᠎ᠡ ᠮᠡᠳᠡᠭᠦᠯᠬᠦ ᠱᠠᠲᠤ ᠦᠶ᠎ᠡ      ᠰᠢᠰᠲ᠋ᠧᠮ ᠳᠤ ᠣᠷᠣᠭᠤᠯᠬᠤ ᠦᠶᠡᠰ ᠠᠰᠠᠭᠤᠳᠠᠯ ᠤᠷᠤᠰᠢᠬᠤ ᠪᠤᠶᠤ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ ᠨᠥᠬᠦᠴᠡᠯ ᠳᠤ ᠨᠡᠶᠢᠴᠡᠬᠦ ᠥᠬᠡᠶ ᠰᠤᠷᠬᠤ ᠨᠠᠰᠤᠨ ᠤ ᠬᠡᠦᠬᠡᠳ ᠪᠠ ᠰᠤᠷᠤᠭᠴᠢᠳ ᠲᠤ ᠴᠢᠭᠯᠡᠭᠦᠯᠦᠨ᠂ ᠲᠤᠬᠠᠶ ᠶᠢᠨ ᠲᠠᠯᠠᠪᠠᠢ ᠳᠤ ᠨᠢ ᠨᠡᠷ᠎ᠡ ᠮᠡᠳᠡᠭᠦᠯᠦᠨ᠎ᠠ᠃ ᠰᠤᠷᠤᠭᠴᠢ ᠶᠢᠨ ᠭᠡᠷ ᠤᠨ ᠠᠬᠠᠮᠠᠳ ᠪᠤᠶᠤ ᠬᠢᠨᠠᠨ ᠬᠠᠮᠢᠶᠠᠷᠤᠭᠴᠢ ᠨᠢ ᠡᠷᠦᠬᠡ ᠠᠮᠠ ᠶᠢᠨ ᠳᠡᠪᠲᠡᠷ᠂᠂ᠭᠡᠷ ᠬᠥᠷᠥᠩᠭᠡ ᠶᠢᠨ ᠦᠨᠡᠮᠯᠡᠯ᠂ ᠲᠦᠷᠢᠶᠡᠰᠦᠯᠡᠬᠦ ᠭᠡᠷ᠎ᠡ ᠵᠡᠷᠭᠡ ᠬᠠᠮᠢᠶ᠎ᠠ ᠪᠦᠬᠦᠢ ᠮᠠᠲ᠋ᠧᠷᠢᠶᠠᠯ ︵ᠣᠭ ᠮᠠᠲ᠋ᠧᠷᠢᠶᠠᠯ ᠤᠨ ᠰᠢᠷᠪᠢᠭᠰᠡᠨ ᠮᠠᠲ᠋ᠧᠷᠢᠶᠠᠯ ᠤᠨ ᠡᠯᠧᠺᠲᠷᠣᠨ ᠬᠡᠪᠯᠡᠯ ᠢ 1 ᠬᠤᠪᠢ︶  ᠢᠶᠠᠨ ᠪᠦᠷᠢᠯᠳᠦᠭᠦᠯᠦᠨ ᠰᠦᠯᠵᠢᠶᠡᠨ ᠳᠡᠭᠡᠷ᠎ᠡ ᠳᠠᠩᠰᠠᠯᠠᠭᠤᠯᠬᠤ  ᠦᠶᠡᠰ ᠪᠡᠯᠡᠨ  ᠪᠠᠶᠢᠯᠭᠠᠵᠤ᠂  ᠭᠡᠷ ᠠᠴᠠ ᠪᠠᠨ ᠤᠶᠢᠷ᠎ᠠ ᠬᠠᠪᠢ ᠶᠢᠨ ᠰᠤᠷᠭᠠᠭᠤᠯᠢ  ᠶᠢᠨ ᠲᠤᠬᠠᠶ ᠶᠢᠨ ᠲᠠᠯᠠᠪᠠᠢ ᠳᠤ ᠨᠡᠷ᠎ᠡ ᠮᠡᠳᠡᠭᠦᠯᠦᠨ᠎ᠡ᠃     ᠲᠠᠪᠤ᠂ ᠰᠤᠷᠭᠠᠭᠤᠯᠢ ᠳᠤ ᠣᠷᠣᠬᠤ ᠮᠡᠳᠡᠭᠡ ᠵᠠᠩᠭᠢ ᠶᠢᠨ ᠳᠠᠩᠰᠠᠯᠠᠯ ᠤᠨ ᠰᠦᠯᠵᠢᠶ᠎ᠡ ᠪᠠ ᠬᠦᠷᠢᠶ᠎ᠡ ᠬᠡᠪᠴᠢᠶ᠎ᠡ     ︵ᠨᠢᠭᠡ︶ ᠰᠤᠷᠠᠭ ᠵᠠᠩᠭᠢ ᠳᠠᠩᠰᠠᠯᠠᠬᠤ ᠰᠦᠯᠵᠢᠶᠡᠨ ᠬᠠᠶ᠋ᠢᠭ᠄     ᠭᠠᠷ ᠤᠲᠠᠰᠤ ᠪᠤᠶᠤ ᠺᠣᠮᠫᠢᠦ᠋ᠲ᠋ᠧᠷ ᠤᠨ ᠬᠠᠶᠢᠭᠤᠷ ᠢᠶᠠᠷ ᠰᠦᠯᠵᠢᠶᠠᠨ ᠬᠠᠶ᠋ᠢᠭ http᠄ // 61.134.97.218᠄ 51080 / ᠲᠤ ᠣᠷᠣᠵᠤ᠂ ᠰᠢᠯᠢ ᠶᠢᠨ ᠭᠤᠣᠯ ᠠᠶᠢᠮᠠᠭ ᠤᠨ ᠬᠡᠦᠬᠡᠳ ᠤᠨ ᠴᠡᠴᠡᠷᠯᠢᠭ ᠪᠠ ᠰᠤᠷᠭᠠᠭᠤᠯᠢ ᠳᠤ ᠣᠷᠣᠬᠤ ᠲᠣᠭᠠᠴᠢᠯᠠᠭᠰᠠᠨ ᠮᠡᠳᠡᠭᠡ ᠵᠠᠩᠭᠢ ᠶᠢᠨ ᠦᠢᠯᠡᠴᠢᠯᠡᠭᠡᠨ ᠤ ᠲᠠᠪᠴᠠᠩ ᠳᠤ ᠨᠡᠪᠲᠡᠷᠡᠨ᠎ᠡ᠃    ︵ᠬᠤᠶᠠᠷ︶  ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠭᠤᠯᠢ ᠳᠤ ᠣᠷᠣᠬᠤ ᠬᠦᠷᠢᠶ᠎ᠡ ᠬᠡᠪᠴᠢᠶᠡᠨ ᠤ ᠬᠢᠨᠠᠨ ᠬᠠᠷᠭᠤᠭᠤᠯᠤᠯᠲᠠ᠄ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠨᠢ ᠰᠢᠨ᠎ᠡ ᠰᠣᠷᠣᠭᠴᠢᠳ ᠤᠨ ᠰᠦᠯᠵᠢᠶᠡᠨ ᠳᠡᠭᠡᠷᠡᠬᠢ ᠮᠡᠳᠡᠭᠡ ᠵᠠᠩᠭᠢ ᠶᠢ ᠳᠠᠩᠰᠠᠯᠠᠭᠰᠠᠨ ᠪᠠᠶᠢᠳᠠᠯ ᠢ ᠥᠪᠡᠷᠰᠡᠳ ᠢᠶᠠᠨ ᠬᠢᠨᠠᠨ ᠬᠠᠷᠭᠤᠭᠤᠯᠤᠨ᠎ᠠ᠃    ᠵᠢᠷᠭᠤᠭ᠎ᠠ᠂ ᠰᠤᠷᠠᠭ ᠵᠠᠩᠭᠢ ᠳᠠᠩᠰᠠᠯᠠᠬᠤ ᠳᠤ ᠠᠩᠬᠠᠷᠬᠤ ᠵᠦᠶᠯ    ︵ᠨᠢᠭᠡ︶ ᠨᠡᠷ᠎ᠡ ᠮᠡᠳᠡᠬᠦᠯᠬᠦ ᠠᠵᠢᠯ ᠤᠨ ᠤᠷᠤᠭᠰᠢᠲᠠᠶ ᠶᠠᠪᠤᠭᠳᠠᠬᠤ ᠶᠢ ᠪᠠᠲᠤᠯᠠᠬᠤ ᠶᠢᠨ ᠲᠥᠯᠥᠭᠡ᠂ ᠺᠣᠮᠫᠢᠦ᠋ᠲ᠋ᠧᠷ ᠢᠶᠠᠷ ᠪᠤᠯ Google ᠬᠠᠶᠢᠭᠤᠷ ᠢ ᠪᠠᠭᠤᠯᠭᠠᠨ ᠤᠭᠰᠠᠷᠠᠵᠤ᠂ ᠭᠠᠷ ᠤᠲᠠᠰᠤ ᠪᠠᠷ ᠪᠤᠯ ᠭᠠᠷ ᠤᠲᠠᠰᠤᠨ ᠤ QQ ᠬᠠᠶᠢᠭᠤᠷ ᠢ ᠪᠠᠭᠤᠯᠭᠠᠨ ᠠᠪᠴᠤ᠂ ᠣᠷᠣᠭᠤᠯᠬᠤ ᠰᠦᠯᠵᠢᠶᠡᠨ ᠤ ᠬᠠᠶ᠋ᠢᠭ ︵ http᠄ // 61.134.97.218᠄ 51080 /︶ ᠢᠶᠠᠷ ᠤᠷᠤᠵᠤ ᠨᠡᠷ᠎ᠡ ᠮᠡᠳᠡᠬᠦᠯᠦᠨ᠎ᠡ᠃    ︵ᠬᠤᠶᠠᠷ︶ ᠰᠢᠯᠢ ᠶᠢᠨ ᠭᠤᠣᠯ ᠠᠶᠢᠮᠠᠭ ᠤᠨ ᠬᠡᠦᠬᠡᠳ ᠤᠨ ᠴᠡᠴᠡᠷᠯᠢᠭ ᠪᠠ ᠰᠤᠷᠭᠠᠭᠤᠯᠢ ᠳᠤ ᠣᠷᠣᠬᠤ ᠲᠣᠭᠠᠴᠢᠯᠠᠭᠰᠠᠨ ᠮᠡᠳᠡᠭᠡ ᠵᠠᠩᠭᠢ ᠶᠢᠨ ᠦᠢᠯᠡᠴᠢᠯᠡᠭᠡᠨ ᠤ ᠲᠠᠪᠴᠠᠩ ︽ᠰᠢᠨ᠎ᠡ ᠰᠣᠷᠣᠭᠴᠢ ᠶᠢᠨ ᠰᠤᠷᠭᠠᠭᠤᠯᠢ ᠳᠤ ᠣᠷᠣᠬᠤ ᠶᠢ ᠰᠦᠯᠵᠢᠶ᠎ᠡ ᠪᠠᠷ ᠨᠡᠷ᠎ᠡ ᠮᠡᠳᠡᠭᠦᠯᠬᠦ ᠶᠠᠪᠤᠴᠠ︾  ᠶᠢᠨ ᠲᠠᠶᠢᠯᠤᠮᠵᠢ ᠶᠢ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ ︵http᠄ // www.xwq.gov.cn︶᠂ ᠪᠠᠷᠠᠭᠤᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ ᠪᠣᠯᠤᠨ ᠪᠠᠷᠠᠭᠤᠨ ᠦᠵᠦᠮᠦᠴᠢᠨ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠶᠢᠨ ᠸᠢᠴᠠᠲ ᠤᠨ ᠨᠡᠶᠢᠲᠡ ᠶᠢᠨ ᠲᠠᠪᠴᠠᠩ ᠢᠶᠠᠷ ᠶᠠᠪᠤᠭᠤᠯᠤᠨ᠎ᠠ᠃ ᠰᠤᠷᠤᠭᠴᠢ  ᠶᠢᠨ ᠭᠡᠷ ᠤᠨ ᠠᠬᠠᠮᠠᠳ ᠪᠤᠶᠤ ᠬᠢᠨᠠᠨ ᠬᠠᠮᠢᠶᠠᠷᠤᠭᠴᠢ ᠨᠡᠷ᠎ᠡ ᠮᠡᠳᠡᠭᠦᠯᠬᠦ ᠰᠢᠰᠲ᠋ᠧᠮ ᠤᠨ ᠲᠠᠶᠢᠯᠤᠮᠵᠢ ᠶᠢ ᠴᠠᠭ ᠲᠤᠬᠠᠢ ᠳᠤ ᠨᠢ ᠨᠠᠷᠢᠨ ᠬᠢᠨᠠᠮᠠᠭᠠᠶ ᠦᠵᠡᠭᠡᠷᠡᠶ᠃    ︵ᠭᠤᠷᠪᠠ︶ ᠰᠤᠷᠤᠭᠴᠢ ᠶᠢᠨ ᠭᠡᠷ ᠤᠨ ᠠᠬᠠᠮᠠᠳ ᠪᠤᠶᠤ ᠬᠢᠨᠠᠨ ᠬᠠᠮᠢᠶᠠᠷᠤᠭᠴᠢ ᠨᠢ ᠨᠡᠷ᠎ᠡ ᠮᠡᠳᠡᠬᠦᠯᠬᠦ ᠶᠠᠪᠤᠴᠠ ᠶᠢ ᠦᠨᠳᠦᠰᠦᠯᠡᠨ᠂ ᠲᠣᠭᠲᠠᠭᠰᠠᠨ ᠴᠠᠭ ᠬᠤᠭᠤᠴᠠᠭᠠᠨ ᠳᠤ ︽ᠰᠤᠷᠭᠠᠭᠤᠯᠢ᠂ ᠬᠡᠦᠬᠡᠳ ᠤᠨ ᠴᠡᠴᠡᠷᠯᠢᠭ  ᠲᠤ ᠤᠷᠤᠬᠤ︾ ᠨᠡᠷ᠎ᠡ ᠮᠡᠳᠡᠭᠦᠯᠬᠦ ᠰᠢᠰᠲ᠋ᠧᠮ ᠳᠤ ᠲᠠᠩᠰᠠᠯᠠᠭᠤᠯᠵᠤ᠂ ᠬᠤᠪᠢ ᠬᠥᠮᠦᠨ ᠤ ᠮᠡᠳᠡᠭᠡ ᠵᠠᠩᠭᠢ ᠪᠠᠨ ᠦᠨᠡᠨ ᠪᠣᠳᠠᠲᠠᠶ ᠪᠠᠷ ᠲᠠᠭᠯᠠᠨ᠎ᠠ᠃ ᠮᠡᠳᠡᠭᠡ ᠵᠠᠩᠭᠢ ᠶᠢ ᠳᠠᠩᠰᠠᠯᠠᠬᠤ ᠠᠴᠠ ᠡᠮᠦᠨ᠎ᠡ ᠡᠷᠦᠬᠡ ᠠᠮᠠ ᠶᠢᠨ ᠳᠡᠪᠲᠡᠷ᠂ ᠪᠡᠶ᠎ᠡ ᠶᠢᠨ ᠦᠨᠡᠮᠯᠡᠯ᠂ ᠬᠡᠷ ᠬᠥᠷᠥᠩᠭᠡ ᠶᠢᠨ ᠦᠨᠡᠮᠯᠡᠯ᠂ ᠲᠦᠷᠢᠶᠡᠰᠤᠨ ᠬᠡᠷ᠎ᠡ ᠵᠡᠷᠭᠡ ᠬᠠᠮᠢᠶ᠎ᠠ ᠪᠥᠬᠦᠶ ᠭᠡᠷᠡᠴᠢ ᠮᠠᠲ᠋ᠧᠷᠢᠶᠠᠯ ᠢᠶᠠᠨ ᠪᠡᠯᠡᠳᠬᠡᠵᠦ᠂ ᠮᠠᠲ᠋ᠧᠷᠢᠶᠠᠯ ᠢᠶᠠᠨ ᠲᠤᠰᠢᠶᠠᠭᠰᠠᠨ ᠤ ᠳᠠᠷᠠᠭ᠎ᠠ ᠴᠠᠭ ᠲᠤᠬᠠᠶ ᠳᠤᠨᠢ ᠬᠢᠨᠠᠨ ᠬᠠᠷᠭᠤᠭᠤᠯᠤᠭᠰᠠᠨ ᠪᠠᠶᠢᠳᠠᠯ ᠢ ᠠᠩᠬᠠᠷᠬᠤ ᠬᠡᠷᠡᠭᠲᠡᠶ᠃ ᠰᠢᠰᠲ᠋ᠧᠮ ᠨᠢ ᠬᠠᠷᠠᠭᠠᠯᠵᠠᠭᠰᠠᠨ ᠳᠠᠩᠰᠠᠯᠠᠬᠤ ᠴᠠᠭ ᠲᠤ ᠳᠠᠩᠰᠠᠯᠠᠭᠤᠯᠵᠤ ᠳᠠᠭᠤᠰᠤᠭᠰᠠᠨ ᠤ ᠳᠠᠷᠠᠭ᠎ᠠ ᠦᠪᠡᠷᠲᠡᠭᠡᠨ ᠬᠠᠭᠠᠭᠳᠠᠨ᠎ᠠ᠃    ︵ᠳᠥᠷᠪᠡ︶ ᠰᠦᠯᠵᠢᠶᠡᠨ ᠳᠡᠭᠡᠷ᠎ᠡ ᠳᠡᠩᠰᠡᠯᠡᠨ ᠲᠡᠮᠳᠡᠭᠯᠡᠭᠦᠯᠦᠭᠰᠡᠨ ᠮᠡᠳᠡᠭᠡ ᠵᠠᠩᠭᠢ ᠪᠠ ᠲᠤᠭ᠎ᠠ ᠪᠠᠷᠢᠮᠲᠠ ᠨᠢ ᠰᠤᠷᠬᠤ ᠨᠠᠰᠤᠨ ᠤ ᠬᠡᠦᠬᠡᠳ ᠤᠨ ᠣᠶᠢᠷ᠎ᠠ ᠬᠠᠪᠢ ᠳᠠᠭᠠᠨ ᠰᠤᠷᠭᠠᠭᠤᠯᠢᠯᠠᠬᠤ ᠳᠤ  ᠪᠠᠲᠤᠯᠠᠭ᠎ᠠ ᠤᠯᠭᠤᠵᠤ᠂  ᠡᠮᠦᠨ᠎ᠡ ᠬᠤᠶᠢᠨ᠎ᠠ ᠳᠡᠩᠰᠡᠯᠡᠨ ᠲᠡᠮᠳᠡᠭᠯᠡᠬᠦ ᠲᠠᠰ ᠳᠠᠷᠠᠭᠠᠯᠠᠯ ᠨᠢ ᠰᠤᠷᠤᠭᠴᠢᠳ ᠤᠨ ᠰᠤᠷᠭᠠᠭᠤᠯᠢ ᠳᠤ ᠣᠷᠣᠬᠤ ᠪᠤᠶᠤ ᠬᠡᠦᠬᠡᠳ ᠤᠨ ᠴᠡᠴᠡᠷᠯᠢᠭ ᠲᠤ ᠣᠷᠣᠬᠤ ᠶᠢ ᠨᠥᠯᠥᠭᠡᠯᠡᠬᠦ ᠥᠬᠡᠶ᠃    ︵ᠲᠠᠪᠤ︶ ᠰᠦᠯᠵᠢᠶᠠᠨ ᠳᠤ ᠮᠡᠳᠡᠭᠡ ᠵᠠᠩᠭᠢ ᠳᠠᠩᠰᠠᠯᠠᠬᠤ ᠪᠠ ᠲᠤᠬᠠᠢ ᠶᠢᠨ ᠲᠠᠯᠠᠪᠠᠢ ︵ᠰᠦᠯᠵᠢᠶᠠᠨ ᠭᠠᠳᠠᠨ᠎ᠠ︶ ᠳᠤ ᠨᠡᠷ᠎ᠡ ᠮᠡᠳᠡᠭᠦᠯᠦᠭᠰᠡᠨ ᠪᠠᠶᠢᠳᠠᠯ ᠢ ᠬᠢᠨᠠᠨ ᠬᠠᠷᠭᠤᠭᠤᠯᠵᠤ ᠳᠠᠭᠤᠰᠤᠭᠰᠠᠨ ᠤ ᠳᠠᠷᠠᠭ᠎ᠠ᠂ ᠨᠡᠷᠡᠰ ᠢ ᠡᠯ᠎ᠡ ᠰᠤᠷᠭᠠᠭᠤᠯᠢ ᠶᠢᠨ ᠸᠢᠴᠠᠲ ᠤᠨ ᠤᠯᠠᠨ ᠨᠡᠶᠢᠲᠡ ᠶᠢᠨ ᠲᠠᠪᠴᠠᠩ ᠳᠤ ᠨᠡᠶᠢᠲᠡᠯᠡᠨ᠎ᠡ᠃    ︵ᠵᠢᠷᠭᠤᠭ᠎ᠠ︶ ᠠᠯᠪᠠᠨ ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠢᠨ᠎ᠡ ᠰᠣᠷᠣᠭᠴᠢ ᠶᠢᠨ ᠰᠦᠯᠵᠢᠶ᠎ᠡ ᠪᠠᠷ ᠨᠡᠷ᠎ᠡ ᠮᠡᠳᠡᠬᠦᠯᠬᠦ ᠪᠠ ᠲᠤᠬᠠᠢ ᠶᠢᠨ ᠲᠠᠯᠠᠪᠠᠢ ︵ᠰᠦᠯᠵᠢᠶᠡᠨ ᠭᠠᠳᠠᠨ᠎ᠠ︶ ᠳᠤ ᠨᠡᠷ᠎ᠡ ᠮᠡᠳᠡᠭᠦᠯᠬᠦ ᠵᠦᠶᠯᠡᠰ ᠤᠨ ᠠᠰᠠᠭᠤᠨ ᠯᠠᠪᠯᠠᠬᠤ ᠤᠲᠠᠰᠤ᠄ 0479 — 6829101 ︵ᠬᠤᠰᠢᠭᠤ ᠰᠤᠷᠭᠠᠨ ᠬᠥᠮᠥᠵᠢᠯ ᠤᠨ ᠲᠣᠪᠴᠢᠶᠠᠨ ᠤ ᠰᠠᠭᠤᠷᠢ ᠰᠤᠷᠭᠠᠨ ᠬᠥᠮᠥᠵᠢᠯ ᠤᠨ ᠲᠠᠰᠤᠭ︶     ᠠᠰᠠᠭᠤᠨ ᠯᠠᠪᠯᠠᠬᠤ ᠴᠠᠭ᠄ 2025 ᠤᠨ ᠤ 6 ᠰᠠᠷ᠎ᠠ ᠶᠢᠨ 23 ᠤ ᠡᠳᠦᠷ ᠠᠴᠠ 7 ᠰᠠᠷ᠎ᠠ ᠶᠢᠨ 6 ᠤ ᠡᠳᠦᠷ ᠤᠨ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ ᠦᠳᠡ ᠶᠢᠨ ᠡᠮᠦᠨ᠎ᠡ     8᠄ 30 ᠠᠴᠠ 11᠄ 30 ; ᠦᠳᠡ ᠶᠢᠨ ᠬᠤᠶᠢᠨ᠎ᠠ 2᠄ 30 ᠠᠴᠠ 5᠄ 30            ᠪᠠᠷᠠᠭᠤᠨ ᠦᠵᠦᠮᠦᠴᠢᠨ ᠬᠤᠰᠢᠭᠤᠨ ᠤ ᠰᠤᠷᠭᠠᠨ ᠬᠦᠮᠦᠵᠢᠯ ᠤᠨ ᠲᠤᠪᠴᠢᠶ᠎ᠠ                            2025 ᠤᠨ ᠤ 6 ᠰᠠᠷ᠎ᠠ ᠶᠢᠨ 16 ᠤ ᠡᠲᠦᠷ
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号