ᠬᠤᠰᠢᠭᠤ ᠨᠠᠮ ᠤᠨ ᠬᠤᠷᠢᠶᠠᠨ ᠤ ᠣᠨᠣᠯ ᠰᠤᠷᠤᠯᠴᠠᠯᠭ᠎ᠠ ᠶᠢᠨ ᠭᠤᠣᠯᠯᠠᠬᠤ ᠳᠤᠭᠤᠶᠢᠯᠠᠩ 2025 ᠣᠨ ᠤ 10 ᠳ᠋ᠤᠭᠠᠷ ᠤᠳᠠᠭᠠᠨ ᠤ ︵ᠥᠷᠭᠡᠳᠬᠡᠭᠰᠡᠨ︶ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠤᠨ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2025/6/18
    6 ᠰᠠᠷ᠎ᠠ ᠶᠢᠨ 16 ᠤ ᠡᠳᠦᠷ᠂ ᠬᠤᠰᠢᠭᠤ ᠨᠠᠮ ᠤᠨ ᠬᠤᠷᠢᠶᠠᠨ ᠤ ᠣᠨᠣᠯ ᠰᠤᠷᠤᠯᠴᠠᠯᠭ᠎ᠠ ᠶᠢᠨ ᠭᠤᠣᠯᠯᠠᠬᠤ ᠳᠤᠭᠤᠶᠢᠯᠠᠩ 2025 ᠣᠨ ᠤ 10 ᠳ᠋ᠤᠭᠠᠷ ᠤᠳᠠᠭᠠᠨ ᠤ ︵ᠥᠷᠭᠡᠳᠬᠡᠭᠰᠡᠨ︶ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠵᠤ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠠᠶᠢᠮᠠᠭ ᠤᠨ ᠨᠠᠮ ᠤᠨ ᠬᠤᠷᠢᠶᠠᠨ ᠤ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠲᠤᠬᠠᠢ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠳᠡᠭᠡᠳᠦ ᠱᠠᠲᠤᠨ ᠤ ᠬᠤᠯᠪᠣᠭᠳᠠᠯ ᠪᠦᠬᠦᠢ ᠬᠤᠷᠠᠯ ᠪᠠ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ᠂ ᠲᠤᠰᠬᠠᠢ ᠰᠡᠳᠦᠪᠲᠦ ᠰᠤᠷᠤᠯᠴᠠᠯᠭ᠎ᠠ ᠪᠠ ᠰᠤᠳᠤᠯᠤᠨ ᠶᠠᠷᠢᠯᠴᠠᠯᠭ᠎ᠠ ᠥᠷᠨᠢᠭᠦᠯᠪᠡ᠃ ᠬᠤᠰᠢᠭᠤ ᠨᠠᠮ ᠤᠨ ᠬᠤᠷᠢᠶᠠᠨ ᠤ ᠱᠦᠵᠢ ᠪᠦᠦ ᠯᠢᠨ ᠬᠤᠷᠠᠯ ᠡᠷᠭᠢᠯᠡᠵᠦ ᠶᠠᠷᠢᠶ᠎ᠠ ᠲᠠᠯᠪᠢᠪᠠ᠃ ᠠᠶᠢᠮᠠᠭ ᠤᠨ ᠨᠠᠮ  ᠤᠨ ᠬᠤᠷᠢᠶᠠᠨ ᠤ ᠰᠤᠷᠤᠯᠴᠠᠯᠭ᠎ᠠ ᠬᠥᠮᠦᠵᠢᠯ ᠤᠨ ᠬᠢᠨᠠᠨ ᠵᠢᠯᠤᠭᠤᠳᠬᠤ ᠳᠤᠭᠤᠶᠢᠯᠠᠩ ᠤᠨ ᠰᠦ᠋ ᠯᠢ ᠫᠢᠩ ᠨᠥᠬᠦᠷ ᠬᠤᠷᠠᠯ ᠳᠤ ᠣᠷᠣᠯᠴᠠᠨ ᠵᠢᠭᠠᠨ ᠵᠢᠯᠣᠭᠤᠳᠪᠠ᠃
         ᠬᠤᠷᠠᠯ ᠠᠴᠠ᠂ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠪᠣᠯ ︽ᠬᠤᠶᠠᠷ ᠢ ᠬᠠᠮᠠᠭᠠᠯᠠᠬᠤ︾ ᠶᠢ ᠦᠢᠯᠡᠳᠦᠯᠭᠡᠵᠢᠭᠦᠯᠬᠦ ᠪᠣᠳᠠᠲᠠᠢ ᠠᠵᠢᠯᠯᠠᠭ᠎ᠠ᠂ ᠤᠯᠤᠰ ᠲᠥᠷᠥ   ᠶᠢᠨ ᠠᠮᠢ ᠠᠬᠤᠢ ᠶᠢ ᠴᠡᠪᠡᠷᠰᠢᠭᠦᠯᠬᠦ ᠵᠠᠩᠭᠢᠯᠠᠭ᠎ᠠ ᠶᠢᠨ ᠠᠷᠭ᠎ᠠ ᠬᠡᠮᠵᠢᠶ᠎ᠡ᠂ ᠣᠯᠠᠨ ᠲᠦᠮᠡᠨ ᠤ ᠢᠲᠡᠭᠡᠯ ᠢ ᠣᠯᠬᠤ ᠶᠢᠨ ᠵᠠᠶᠢᠯᠠᠰᠢ ᠦᠭᠡᠢ ᠱᠠᠭᠠᠷᠳᠠᠯᠭ᠎ᠠ ᠪᠣᠯᠣᠨ᠎ᠠ᠃ ᠪᠦᠬᠦ ᠬᠤᠰᠢᠭᠤᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠣᠨ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠦᠵᠡᠯ ᠰᠠᠨᠠᠭ᠎ᠠ ᠲᠠᠨᠢᠯᠲᠠ ᠪᠠᠨ ᠤᠯᠠᠮ ᠴᠢᠨᠠᠭᠰᠢᠳᠠ ᠭᠦᠨᠵᠡᠭᠡᠶᠢᠷᠡᠭᠦᠯᠵᠦ᠂  ᠦᠵᠡᠯ ᠰᠠᠨᠠᠭᠠᠨ ᠤ ᠰᠡᠷᠭᠡᠶᠢᠯᠡᠯᠲᠡ ᠶᠢᠨ ᠱᠤᠭᠤᠮ ᠢᠶᠠᠨ ᠪᠠᠬᠢᠵᠢᠭᠦᠯᠦᠨ᠂ ᠲᠥᠪ ᠤᠨ ᠨᠠᠢᠮᠠᠨ ᠵᠦᠢᠯ ᠤᠨ ᠲᠣᠭᠲᠠᠭᠠᠯ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠲᠣᠭᠲᠠᠭᠠᠯ  ᠠᠴᠠ ᠵᠥᠷᠢᠴᠡᠨ ᠢᠳᠡᠵᠦ ᠤᠤᠭᠤᠬᠤ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠴᠢᠩᠭ᠎ᠠ ᠠᠳᠬᠤᠨ᠂ ᠪᠤᠷᠤᠭᠤ ᠦᠵᠡᠯ ᠰᠠᠨᠠᠭ᠎ᠠ ᠶᠢ ᠡᠷᠡᠰ ᠠᠷᠢᠯᠭᠠᠵᠤ᠂ ᠰᠤᠷᠤᠯᠴᠠᠯᠭ᠎ᠠ ᠪᠠ ᠦᠢᠯᠡᠳᠦᠯᠭᠡ ᠶᠢ ᠰᠠᠯᠤᠩᠭᠢᠷᠠᠭᠤᠯᠤᠭᠰᠠᠨ ᠬᠡᠯᠪᠡᠷᠢᠴᠢ ᠦᠵᠡᠯ ᠢ ᠡᠷᠡᠰ ᠲᠡᠪᠴᠢᠵᠦ᠂ ᠥᠪᠡᠷᠲᠡᠭᠡᠨ ᠵᠠᠰᠠᠬᠤ ᠣᠷᠣᠨ ᠠᠴᠠ ᠵᠠᠷᠯᠠᠨ ᠨᠡᠶᠢᠲᠡᠯᠡᠭᠰᠡᠨ ᠨᠡᠶᠢᠲᠡᠯᠢᠭ ᠬᠡᠷᠡᠭ ᠤᠨ ᠵᠢᠱᠢᠶ᠎ᠡ ᠪᠠ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ 7 ᠲᠠᠯ᠎ᠠ ᠶᠢᠨ 23 ᠵᠦᠢᠯ ᠤᠨ ᠢᠯᠡᠷᠡᠯ  ᠲᠠᠢ ᠬᠠᠷᠢᠴᠠᠭᠤᠯᠤᠨ᠂ ᠥᠪᠡᠷ ᠢ ᠪᠠᠨ ᠪᠠᠶᠢᠴᠠᠭᠠᠵᠤ ᠥᠪᠡᠷ ᠢ ᠪᠠᠨ ᠵᠠᠯᠠᠷᠠᠭᠤᠯᠬᠤ ᠠᠵᠢᠯ ᠢ ᠭᠦᠨᠵᠡᠭᠡᠢ ᠥᠷᠨᠢᠭᠦᠯᠵᠦ ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠰᠤᠷᠲᠠᠯ ᠴᠢᠬᠡᠴᠢ ᠣᠪᠣᠷ ᠲᠥᠪ ᠤᠯᠤᠰ ᠲᠥᠷᠥ  ᠶᠢᠨ ᠠᠮᠢ ᠠᠬᠤᠢ ᠶᠢ ᠪᠣᠶ ᠪᠣᠯᠭᠠᠵᠤ ᠥᠭᠬᠦ ᠬᠡᠷᠡᠭᠲᠡᠢ ᠭᠡᠵᠦ ᠵᠢᠭᠠᠵᠤ ᠭᠠᠷᠭᠠᠪᠠ᠃ ᠬᠤᠷᠠᠯ ᠠᠴᠠ᠂ ᠴᠢᠩᠭ᠎ᠠ ᠪᠣᠳᠠᠲᠠᠢ ᠤᠳᠤᠷᠢᠳᠤᠮᠵᠢ ᠶᠢ ᠲᠤᠪᠤᠶᠢᠯᠭᠠᠵᠤ᠂ ︽ᠴᠢᠩᠭ᠎ᠠ ᠰᠤᠷᠲᠠᠯ︾ ᠢᠶᠠᠷ ᠴᠡᠭᠴᠡᠯᠡᠨ ᠵᠠᠰᠠᠬᠤ ᠶᠢ ᠠᠬᠢᠭᠤᠯᠬᠤ ᠠᠵᠢᠯ ᠢ ᠰᠠᠶᠢᠲᠤᠷ ᠠᠳᠬᠤᠬᠤ ᠬᠡᠷᠡᠭᠲᠡᠢ᠃ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠶᠢ ᠴᠡᠭᠴᠡᠯᠡᠨ ᠵᠠᠰᠠᠬᠤ ᠪᠣᠯ ᠰᠤᠷᠤᠯᠴᠠᠯᠭ᠎ᠠ ᠬᠥᠮᠦᠵᠢᠯ ᠤᠨ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠮᠥᠨ᠂ ᠨᠠᠩ ᠴᠤ ᠰᠤᠷᠲᠠᠯ ᠤᠨ ᠪᠠᠶᠢᠭᠤᠯᠤᠯᠲᠠ ᠶᠢᠨ ᠲᠠᠯ᠎ᠠ ᠪᠠᠷ ᠰᠢᠨ᠎ᠡ ᠦᠷ᠎ᠡ ᠪᠦᠲᠦᠮᠵᠢ ᠣᠯᠬᠤ  ᠶᠢ ᠠᠬᠢᠭᠤᠯᠬᠤ ᠴᠢᠬᠤᠯᠠ ᠰᠢᠪᠲᠤᠯᠤᠯᠲᠠ ᠶᠢᠨ ᠴᠡᠭ ᠮᠥᠨ᠃ ᠪᠥᠬᠦ ᠬᠤᠰᠢᠭᠤᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠠ ᠨᠠᠮ ᠤᠨ ᠭᠡᠰᠢᠭᠦᠨ ᠺᠠᠳ᠋ᠷᠴᠤᠳ ᠠᠶᠢᠮᠠᠭ ᠤᠨ ᠨᠠᠮ ᠤᠨ ᠬᠤᠷᠢᠶᠠᠨ ᠤ ᠬᠢᠨᠠᠨ ᠵᠢᠯᠤᠭᠤᠳᠬᠤ ᠳᠤᠭᠤᠶᠢᠯᠠᠩ ᠠᠴᠠ ᠬᠠᠷᠢᠭᠤ ᠲᠤᠰᠬᠠᠭᠰᠠᠨ ᠨᠡᠶᠢᠲᠡᠯᠢᠭ ᠴᠢᠨᠠᠷ ᠲᠠᠢ ᠪᠠ ᠥᠪᠡᠷᠮᠢᠴᠡ ᠴᠢᠨᠠᠷ ᠲᠠᠢ ᠠᠰᠠᠭᠤᠳᠠᠯ ᠳᠤ ᠴᠢᠭᠯᠡᠭᠦᠯᠦᠨ᠂ ᠳᠡᠭᠡᠳᠦ ᠬᠡᠮᠵᠢᠶᠡᠨ ᠤ ᠤᠯᠤᠰ ᠲᠥᠷᠥ ᠶᠢᠨ ᠤᠬᠠᠮᠰᠠᠷ ᠢᠶᠠᠷ ᠴᠡᠭᠴᠡᠯᠡᠨ ᠰᠠᠶᠢᠵᠢᠷᠠᠭᠤᠯᠬᠤ ᠠᠵᠢᠯ ᠢ ᠯᠠᠪᠳᠠᠭᠤᠨ ᠪᠠᠲᠤᠲᠠᠢ ᠠᠳᠬᠤᠵᠤ᠂ ᠰᠠᠬᠢᠯᠭ᠎ᠠ ᠪᠠᠲᠤ ᠶᠢ ᠵᠥᠷᠢᠴᠡᠭᠰᠡᠨ ᠦᠶᠯᠡ ᠠᠵᠢᠯᠯᠠᠭ᠎ᠠ ᠶᠢ ᠴᠢᠩᠭ᠎ᠠ ᠪᠥᠭᠡᠳ ᠲᠦᠷᠭᠡᠨ ᠪᠠᠶᠢᠴᠠᠭᠠᠨ ᠰᠢᠢᠳᠪᠦᠷᠢᠯᠡᠵᠦ᠂ ︽ᠢᠳᠡᠬᠦ ᠳᠠᠳᠬᠠᠯ ᠢᠶᠠᠨ ᠵᠠᠰᠠᠬᠤ ᠦᠭᠡᠢ︾᠂ ︽ᠠᠷᠢᠬᠢᠨ ᠤ ᠰᠢᠨᠤᠯ ᠢ ᠴᠡᠭᠡᠷᠯᠡᠬᠦᠶ᠎ᠡ ᠪᠡᠷᠬᠡ︾ ᠵᠡᠷᠭᠡ ᠨᠡᠶᠢᠲᠡᠯᠢᠭ ᠵᠢᠱᠢᠶ᠎ᠡ ᠳᠤ ᠬᠦᠴᠦᠲᠡᠢ ᠴᠣᠬᠢᠯᠲᠠ ᠥᠭᠴᠦ᠂ ᠺᠠᠳ᠋ᠷᠴᠤᠳ ᠲᠤ ᠰᠡᠷᠡᠮᠵᠢᠯᠡᠭᠦᠯᠦᠯ ᠪᠣᠯᠭᠠᠨ᠂ ᠭᠠᠵᠢᠭᠤ ᠰᠤᠷᠲᠠᠯ ᠢ ᠴᠢᠩᠭ᠎ᠠ ᠬᠤᠷᠢᠭᠯᠠᠬᠤ ᠬᠡᠷᠡᠭᠲᠡᠢ ᠭᠡᠵᠦ ᠴᠢᠬᠤᠯᠠᠴᠢᠯᠠᠪᠠ᠃     ᠬᠤᠷᠠᠯ ᠠᠴᠠ᠂ ᠬᠠᠷᠢᠭᠤᠴᠠᠯᠭ᠎ᠠ ᠶᠢᠨ ᠬᠡᠯᠬᠢᠶ᠎ᠡ ᠶᠢ ᠪᠠᠲᠤᠳᠬᠠᠵᠤ᠂ ︽ᠬᠠᠳᠠᠭᠠᠰᠤ ᠬᠠᠳᠠᠬᠤ︾ ᠵᠣᠷᠢᠭ ᠰᠠᠨᠠᠭ᠎ᠠ ᠪᠠᠷ ᠪᠣᠳᠠᠲᠤ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ᠃ ᠤᠬᠠᠮᠰᠠᠷ ᠠᠴᠠ ᠪᠠᠨ ᠤᠯᠤᠰ ᠲᠥᠷᠥ  ᠶᠢᠨ ᠬᠠᠷᠢᠭᠤᠴᠠᠯᠭ᠎ᠠ ᠪᠠᠨ ᠪᠠᠲᠤ ᠡᠭᠦᠷᠭᠡᠯᠡᠵᠦ᠂ ᠴᠢᠩᠭ᠎ᠠ ᠪᠠᠷᠢᠮᠵᠢᠶ᠎ᠠ ᠪᠠ ᠠᠷᠭ᠎ᠠ ᠬᠡᠮᠵᠢᠶ᠎ᠡ ᠶᠢ ᠳᠣᠪᠣᠶᠢᠯᠭᠠᠨ᠂ ᠨᠠᠮ  ᠤᠨ ᠬᠤᠷᠢᠶᠠᠨ ᠤ ︵ᠨᠠᠮ ᠤᠨ ᠤᠳᠤᠷᠢᠳᠬᠤ ᠳᠤᠭᠤᠶᠢᠯᠠᠩ ᠤᠨ︶ ᠭᠤᠣᠯ ᠴᠣᠭᠴᠠ ᠶᠢᠨ ᠬᠠᠷᠢᠭᠤᠴᠠᠯᠭ᠎ᠠ᠂ ᠱᠦᠵᠢ  ᠶᠢᠨ ᠨᠢᠭᠡᠳᠦᠭᠡᠷ ᠬᠠᠷᠢᠭᠤᠴᠠᠯᠭᠠᠲᠠᠨ ᠤ ᠬᠠᠷᠢᠭᠤᠴᠠᠯᠭ᠎ᠠ᠂ ᠤᠳᠤᠷᠢᠳᠬᠤ ᠪᠠᠭ ᠤᠨ ᠪᠦᠷᠢᠯᠳᠦᠭᠦᠨ ︽ᠨᠢᠭᠡ ᠠᠵᠢᠯ  ᠤᠨ ᠪᠠᠶᠢᠷᠢ ᠳᠤ ᠬᠤᠣᠰ ᠬᠠᠷᠢᠭᠤᠴᠠᠯᠭ᠎ᠠ ᠲᠠᠢ ᠪᠠᠶᠢᠬᠤ︾᠂ ᠰᠠᠬᠢᠯᠭ᠎ᠠ ᠪᠠᠲᠤ ᠪᠠᠶᠢᠴᠠᠭᠠᠬᠤ ᠬᠢᠨᠠᠯᠲᠠ ᠲᠠᠯᠪᠢᠬᠤ ᠬᠠᠷᠢᠭᠤᠴᠠᠯᠭ᠎ᠠ᠂ ᠲᠤᠰᠬᠠᠢ ᠠᠩᠭᠢ ᠶᠢᠨ ᠠᠵᠢᠯ ᠤᠨ ᠬᠠᠷᠢᠭᠤᠴᠠᠯᠭ᠎ᠠ ᠵᠡᠷᠭᠡ ᠶᠢ ᠤᠯᠠᠮ ᠴᠢᠨᠠᠭᠰᠢᠳᠠ ᠪᠠᠲᠤᠳᠬᠠᠵᠤ᠂ ᠬᠠᠰᠢ ᠶᠠᠰᠢ ᠪᠠᠷ ᠠᠷᠭᠠᠴᠠᠭᠠᠭᠰᠠᠨ᠂ ᠠᠰᠠᠭᠤᠳᠠᠯ ᠲᠣᠪᠣᠶᠢᠮ᠎ᠠ ᠪᠠᠶᠢᠭ᠎ᠠ ᠨᠢᠭᠡᠴᠡ ᠠᠴᠠ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠱᠠᠭᠠᠷᠳᠠᠯᠭ᠎ᠠ᠂ ᠴᠢᠩᠭ᠎ᠠ ᠪᠠᠶᠢᠴᠠᠭᠠᠵᠤ ᠴᠢᠩᠭ᠎ᠠ ᠵᠠᠯᠠᠷᠠᠭᠤᠯᠬᠤ ᠱᠠᠭᠠᠷᠳᠠᠯᠭ᠎ᠠ ᠶᠢ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠢᠭᠡᠪᠦᠷᠢ᠂ ᠨᠠᠮ ᠤᠨ ᠭᠡᠰᠢᠭᠦᠨ ᠨᠢᠭᠡᠪᠦᠷᠢ᠂ ᠺᠠᠳ᠋ᠷ ᠨᠢᠭᠡᠪᠦᠷᠢ ᠳᠤ ᠳᠠᠮᠵᠢᠭᠤᠯᠵᠤ᠂ ᠲᠤᠰᠬᠠᠢ ᠴᠡᠭᠴᠡᠯᠡᠨ ᠵᠠᠰᠠᠬᠤ ᠪᠠᠷ ᠳᠠᠮᠵᠢᠭᠤᠯᠤᠨ ᠪᠥᠬᠦ ᠬᠤᠰᠢᠭᠤᠨ ᠤ ᠰᠤᠷᠲᠠᠯ ᠤᠨ ᠪᠠᠶᠢᠭᠤᠯᠤᠯᠲᠠ ᠶᠢᠨ ᠰᠢᠨ᠎ᠡ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ ᠭᠡᠵᠦ ᠱᠠᠭᠠᠷᠳᠠᠵᠠᠢ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号