6 ᠰᠠᠷ᠎ᠠ ᠶᠢᠨ 17 ᠤ ᠡᠳᠦᠷ᠂ ︽ᠬᠥᠩᠭᠡᠨ ᠮᠣᠷᠢᠲᠤ ᠴᠡᠷᠢᠭ ᠤᠮᠠᠷᠠᠲᠤ ᠬᠢᠯᠢ ᠶᠢ ᠭᠡᠶᠢᠭᠦᠯᠦᠨ᠎ᠡ︾ ︱ | ᠪᠥᠬᠦ ᠣᠷᠣᠨ ᠤ ᠤᠯᠠᠭᠠᠨᠮᠥ᠋ᠴᠢᠷ ᠤᠨ ᠰᠠᠷ᠎ᠠ ᠶᠢᠨ ᠭᠦᠳᠠᠯᠬᠡᠬᠡᠨ ᠤ ᠦᠨᠳᠦᠰᠦᠨ ᠱᠠᠲᠤᠨ ᠳᠠᠬᠢ ᠲᠣᠭᠯᠠᠯᠲᠠ | ᠪᠠᠷᠠᠭᠤᠨ ᠦᠵᠦᠮᠦᠴᠢᠨ ᠬᠤᠰᠢᠭᠤᠨ ᠳᠤ ᠶᠠᠪᠤᠭᠳᠠᠯ᠎ᠠ᠃ | | | ᠲᠣᠰ ᠤᠳᠠᠭᠠᠨ ᠤ ᠲᠣᠭᠯᠠᠯᠲᠠ ᠶᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠭᠤᠳ | ᠬᠠᠷᠢᠶ᠎ᠠ ᠤᠯᠠᠭᠠᠨᠮᠥ᠋ᠴᠢᠷ᠂ ᠰᠢᠯᠢ ᠶᠢᠨ ᠭᠤᠣᠯ ᠠᠶᠢᠮᠠᠭ ᠤᠨ ᠤᠯᠠᠭᠠᠨᠮᠥ᠋ᠴᠢᠷ᠂ ᠵᠡᠭᠦᠨ ᠦᠵᠦᠮᠦᠴᠢᠨ ᠬᠤᠰᠢᠭᠤᠨ ᠤ | ᠤᠯᠠᠭᠠᠨᠮᠥ᠋ᠴᠢᠷ᠂ ᠪᠠᠷᠠᠭᠤᠨ ᠦᠵᠦᠮᠦᠴᠢᠨ ᠬᠤᠰᠢᠭᠤᠨ ᠤ ᠤᠯᠠᠭᠠᠨᠮᠥ᠋ᠴᠢᠷ ᠭᠤᠷᠪᠠᠨ ᠱᠠᠲᠤ ᠪᠠᠷ ᠬᠠᠮᠲᠤᠷᠠᠨ | ᠡᠷᠬᠢᠯᠠᠵᠦ᠂ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠪᠣᠯᠣᠨ ᠶᠡᠷᠦᠩᠬᠡᠢ ᠱᠦᠵᠢ ᠰᠢ ᠶᠢᠨ ᠫᠢᠩ ᠤᠨ | ᠤᠯᠠᠭᠠᠨᠮᠥ᠋ᠴᠢᠷ ᠲᠤ ᠢᠯᠡᠭᠡᠭᠰᠡᠨ ᠬᠠᠷᠢᠭᠤ ᠵᠠᠬᠢᠳᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ | ᠪᠠᠷ ᠭᠤᠣᠯ ᠰᠢᠵᠢᠮ ᠪᠣᠯᠭᠠᠵᠤ᠂ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠳᠡᠭᠡᠭᠰᠢᠯᠡᠭᠦᠯᠬᠦ ᠠᠵᠢᠯᠯᠠᠭ᠎ᠠ | ᠶᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠥᠪᠡᠷᠲᠡᠭᠡᠨ | ᠵᠠᠰᠠᠬᠤ ᠣᠷᠣᠨ ᠤ ᠰᠣᠶᠣᠯ ᠵᠢᠭᠤᠯᠴᠢᠯᠠᠯ ᠤᠨ ᠲᠢᠩᠬᠢᠮ ᠤᠨ ᠤᠯᠠᠭᠠᠨᠮᠥ᠋ᠴᠢᠷ ᠤᠨ ︽ᠰᠤᠷᠤᠯᠴᠠᠬᠤ · ᠡᠭᠦᠳᠬᠦ · | ᠲᠣᠭᠯᠠᠬᠤ︾ ᠠᠵᠢᠯ ᠤᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ ᠵᠣᠷᠢᠯᠭ᠎ᠠ ᠪᠠᠷ ᠶᠠᠪᠤᠭᠲᠠᠵᠠᠢ᠃ | | | ᠲᠤᠰ ᠤᠳᠠᠭᠠᠨ ᠤ ᠭᠤᠷᠪᠠᠳᠤᠭᠠᠷ ᠳᠡᠰ ᠤᠨ ᠤᠯᠠᠭᠠᠨᠮᠥ᠋ᠴᠢᠷ ᠤᠨ ᠲᠣᠭᠯᠠᠯᠲᠠ ᠪᠠᠷ ᠳᠠᠮᠵᠢᠭᠤᠯᠤᠨ ᠡᠯ᠎ᠠ | ᠱᠠᠳᠣᠨ ᠤ ᠤᠯᠠᠭᠠᠨᠮᠦ᠋ᠴᠢᠷ ᠤᠨ ᠤᠨᠴᠠᠯᠢᠭ ᠳᠠᠪᠠᠭᠤᠯᠢᠭ ᠢ ᠳᠡᠯᠭᠡᠨ ᠦᠵᠡᠭᠦᠯᠦᠭᠰᠡᠨ ᠢᠶᠠᠷ ᠪᠠᠷᠠᠬᠤ ᠦᠭᠡᠢ ᠤᠯᠠᠨ | ᠰᠠᠶᠢᠬᠠᠨ ᠰᠣᠳᠣᠨ ᠪᠦᠲᠦᠭᠡᠯ ᠢ ᠮᠠᠯᠴᠢᠨ ᠲᠠᠷᠢᠶᠠᠴᠢᠨ ᠤ ᠳᠡᠷᠭᠡᠳᠡ ᠭᠦᠷᠬᠡᠵᠦ᠂ ᠠᠳᠠᠯᠢ ᠪᠤᠰᠤ ᠭᠠᠵᠠᠷ ᠣᠷᠣᠨ ᠤ | ᠤᠯᠠᠭᠠᠨᠮᠥ᠋ᠴᠢᠷ ᠤᠨ ᠬᠤᠭᠤᠷᠣᠨᠳᠣᠬᠢ ᠰᠣᠯᠢᠯᠴᠠᠭ᠎ᠠ ᠶᠢ ᠠᠬᠢᠭᠤᠯᠤᠭᠰᠠᠨ ᠪᠠᠶᠢᠨ᠎ᠠ᠃ | ᠲᠣᠭᠯᠠᠯᠲᠠ ᠨᠢ ᠪᠠᠷᠠᠭᠤᠨ ᠦᠵᠦᠮᠦᠴᠢᠨ ᠬᠤᠰᠢᠭᠤᠨ ᠤ ᠤᠯᠠᠭᠠᠨᠮᠥ᠋ᠴᠢᠷ ᠤᠨ ᠬᠠᠮᠳᠣ ᠶᠢᠨ ᠪᠥᠵᠢᠭ ᠢᠶᠠᠷ | ᠬᠥᠰᠢᠭᠡ ᠪᠠᠨ ᠰᠠᠬᠦᠵᠦ᠂ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠤᠯᠠᠭᠠᠨᠮᠥ᠋ᠴᠢᠷ ᠤᠨ ᠭᠤᠴᠤᠯᠠᠯ | ᠲᠠᠭᠤᠤ ︽ᠪᠢᠴᠢᠬᠠᠨ ᠴᠠᠭᠠᠨ ᠤᠯᠢᠶᠠᠰᠤ︾᠂ ᠰᠢᠯᠢ ᠶᠢᠨ ᠭᠤᠣᠯ ᠠᠶᠢᠮᠠᠭ ᠤᠨ ᠤᠯᠠᠭᠠᠨᠮᠥ᠋ᠴᠢᠷ ᠤᠨ ᠬᠤᠤᠰᠯᠠᠯ | ᠪᠥᠵᠢᠭ ︽ᠠᠪᠤ ᠶᠢᠨ ᠬᠠᠶᠢᠷ᠎ᠠ︾᠂ ᠬᠦᠮᠡᠢ ︽ᠲᠦᠷᠪᠡᠨ ᠤᠯᠠᠷᠢᠯ︾᠂ ᠥᠪᠡᠷᠲᠡᠭᠡᠨ ᠵᠠᠰᠠᠬᠤ ᠣᠷᠣᠨ ᠤ ᠰᠢᠭᠤᠳ | ᠬᠠᠷᠢᠶ᠎ᠠ ᠤᠯᠠᠭᠠᠨᠮᠥ᠋ᠴᠢᠷ ᠤᠨ ᠡᠮᠡᠭᠲᠡᠢ ᠶᠢᠨ ᠭᠤᠴᠣᠯᠠᠯ ᠳᠠᠭᠤᠤ ︽ᠵᠣᠯ ᠵᠢᠷᠭᠠᠯᠲᠤ ᠴᠠᠭ ᠮᠥᠴᠡ︾᠂ ᠵᠡᠭᠦᠨ | ᠦᠵᠦᠮᠦᠴᠢᠨ ᠬᠤᠰᠢᠭᠤᠨ ᠤ ᠤᠯᠠᠭᠠᠨᠮᠥ᠋ᠴᠢᠷ ᠤᠨ ︽ᠲᠠᠨ ᠤ ᠠᠮᠤᠷ ᠠᠮᠤᠭᠤᠯᠠᠩ ᠢ ᠢᠷᠦᠭᠡᠶ᠎ᠡ︾ ᠵᠡᠷᠬᠡ | ᠭᠤᠶᠢᠳᠠ ᠰᠠᠶᠢᠬᠠᠨ ᠲᠤᠭᠯᠠᠯᠳᠠ ᠶᠠᠪᠣᠭᠲᠠᠵᠣ᠂ ᠬᠤᠷᠠᠭᠰᠠᠨ ᠤᠯᠠᠨ ᠢᠶᠠᠨ ᠪᠠᠶᠠᠰᠬᠠᠭᠰᠠᠨ ᠪᠠᠶᠢᠨ᠎ᠠ᠃ | |