ᠪᠠᠷᠠᠭᠤᠨ ᠦᠵᠦᠮᠦᠴᠢᠨ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ   ᠶᠢᠨ  ᠲᠣᠪᠴᠢᠶ᠎ᠠ  ᠠᠶᠤᠯᠭᠦᠢ  ᠦᠢᠯᠡᠳᠪᠦᠷᠢᠯᠡᠯ ‍ᠦᠨ‌ᠯᠠᠪᠯᠠᠬᠤ  ᠡᠳᠦᠷ  ᠤᠨ  ᠠᠵᠢᠯᠯᠠᠭ᠎ᠠ  ᠦᠷᠨᠢᠭᠦᠯᠪᠠ 
ᠨᠡᠶᠢᠲᠡᠯᠡᠭᠰᠡᠨ ᠴᠠᠭ᠄
2025/6/18
   ᠠᠶᠤᠯᠭᠦᠢ ᠦᠢᠯᠡᠳᠪᠦᠷᠢᠯᠡᠯ ᠤᠨ ᠬᠠᠮᠢᠶ᠎ᠠ ᠪᠦᠬᠦᠢ ᠴᠢᠭᠯᠡᠯᠲᠡ ᠲᠥᠷᠥ ᠶᠢᠨ ᠪᠣᠳᠣᠯᠭ᠎ᠠ ᠶᠢ ᠭᠦᠨᠵᠡᠭᠡᠢ ᠲᠤᠤᠱᠯᠠᠭᠤᠯᠵᠤ᠂ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭᠠᠲᠤ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ 6 ᠰᠠᠷ᠎ᠠ ᠶᠢᠨ 16 ᠤ ᠠᠶᠤᠯᠭᠦᠢ ᠦᠢᠯᠡᠳᠪᠦᠷᠢᠯᠡᠯ ᠤᠨ ᠯᠠᠪᠯᠠᠬᠤ ᠡᠳᠦᠷ ᠢ ᠲᠤᠬᠢᠶᠠᠯᠳᠤᠭᠤᠯᠤᠨ ᠂ ᠪᠠᠷᠠᠭᠤᠨ ᠦᠵᠦᠮᠦᠴᠢᠨ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠨᠢ ᠢ ᠯᠥᠩ ᠨᠡᠭᠦᠷᠡᠰᠦᠨ ᠤ ᠦᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠂ ᠪᠠᠶᠠᠨᠬᠤᠸᠠ ᠬᠥᠩᠭᠡᠨ ᠴᠠᠭᠠᠨ ᠴᠠᠬᠢᠯᠭᠠᠨ ᠤ ᠺᠣᠮᠫᠠᠨᠢ ᠳᠤ ᠭᠦᠨᠵᠡᠭᠡᠶᠢᠷᠡᠨ᠂ ᠠᠶᠤᠯᠭᠦᠢ ᠦᠢᠯᠡᠳᠪᠦᠷᠢᠯᠡᠯ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃    ᠠᠵᠢᠯᠯᠠᠭ᠎ᠠ ᠶᠢᠨ ᠠᠬᠤᠢ ᠲᠠᠯᠠᠪᠠᠶ ᠳᠤ᠂ ᠬᠤᠰᠢᠭᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠠᠴᠠ ᠠᠵᠤ ᠠᠬᠤᠶᠢᠯᠠᠯ ᠤᠨ ᠠᠵᠢᠯᠲᠠᠳ ᠲᠤ ᠠᠶᠤᠯᠭᠦᠢ ᠦᠢᠯᠡᠳᠪᠦᠷᠢᠯᠡᠯ ᠤᠨ ᠠᠵᠢᠯᠯᠠᠭᠠᠨ ᠤ ᠵᠢᠷᠤᠮᠵᠢᠯ᠂ ᠳᠠᠯᠳᠠ ᠬᠡᠮ ᠢ ᠪᠠᠶᠢᠴᠠᠭᠠᠨ ᠵᠠᠰᠠᠬᠤ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠵᠡᠷᠭᠡ ᠭᠤᠷᠪᠠᠨ ᠭᠤᠣᠯ ᠠᠭᠤᠯᠭ᠎ᠠ  ᠶᠢᠨ ᠲᠤᠭᠤᠷᠢᠨ ᠳᠤ ᠲᠠᠶᠢᠯᠪᠤᠷᠢᠯᠠᠯᠲᠠ ᠬᠢᠬᠦ ᠶᠢᠨ ᠬᠠᠮᠳᠤ᠂ ᠤᠬᠠᠭᠤᠯᠭ᠎ᠠ ᠶᠢᠨ ᠮᠠᠲ᠋ᠧᠷᠢᠶᠠᠯ᠂ ᠤᠬᠠᠭᠤᠯᠭ᠎ᠠ ᠶᠢᠨ ᠪᠤᠳᠠᠰ ᠲᠠᠷᠬᠠᠭᠠᠨ᠂ ᠠᠵᠦ ᠠᠬᠤᠶᠢᠯᠠᠯ ᠤᠨ ᠠᠵᠢᠯᠲᠠᠳ ᠤᠨ ᠠᠶᠤᠯᠭᠦᠢ ᠦᠢᠯᠡᠳᠪᠦᠷᠢᠯᠡᠯ ᠤᠨ ᠴᠢᠬᠤᠯᠠ ᠴᠢᠨᠠᠷ ᠤᠨ ᠲᠤᠬᠠᠢ ᠲᠠᠨᠢᠯᠲᠠ ᠶᠢ  ᠴᠢᠩᠭᠠᠳᠬᠠᠪᠠ᠃    ᠡᠬᠦᠨ ᠤ ᠬᠠᠮᠳᠤ᠂ ᠠᠵᠢᠯᠲᠠᠳ ᠢ ᠵᠣᠬᠢᠶᠠᠨ ᠪᠠᠶᠢᠭᠤᠯᠤᠨ᠂ ᠭᠠᠵᠠᠷ ᠵᠦᠢ ᠶᠢᠨ ᠭᠠᠮᠰᠢᠭ   ᠪᠤᠯᠤᠨ ᠭᠠᠯ ᠤᠨ ᠠᠶᠤᠯ ᠠᠴᠠ ᠠᠪᠤᠷᠠᠨ ᠲᠤᠰᠠᠯᠠᠬᠤ ᠰᠡᠳᠦᠪᠲᠦ ᠺᠢᠨᠣ᠋ ᠦᠵᠡᠬᠦᠯᠵᠦ᠂ ᠠᠶᠤᠯᠭᠦᠢ ᠦᠢᠯᠡᠳᠪᠦᠷᠢᠯᠡᠯ ᠤᠨ ᠴᠢᠬᠤᠯᠠ ᠴᠢᠨᠠᠷ ᠢ ᠭᠦᠨᠵᠡᠭᠡᠢ ᠣᠶᠢᠯᠠᠭᠠᠭᠤᠯᠤᠭᠰᠠᠨ ᠪᠥᠭᠡᠳ ᠠᠵᠤ ᠠᠬᠤᠶᠢᠯᠠᠯ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠲᠣᠭᠲᠠᠴᠠ ᠪᠠᠨ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠳᠤ  ᠪᠣᠳᠠᠲᠤ ᠯᠠᠪᠯᠠᠯᠲᠠ ᠬᠠᠩᠭᠠᠭᠰᠠᠨ ᠪᠠᠶᠢᠨ᠎ᠠ᠃     ᠲᠣᠰ ᠤᠳᠠᠭᠠᠨ ᠤ ᠠᠵᠢᠯᠯᠠᠭ᠎ᠠ ᠨᠢ ᠠᠵᠤ ᠠᠬᠤᠶᠢᠯᠠᠯ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠪᠣᠯᠣᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠪᠦᠲᠦᠮᠵᠢᠲᠡᠶ ᠪᠠᠷ ᠳᠡᠭᠡᠭᠰᠢᠯᠡᠭᠦᠯᠵᠦ ᠂ ︽ᠬᠥᠮᠥᠨ ᠪᠣᠯᠭᠠᠨ ᠠᠮᠤᠷ ᠲᠦᠪᠰᠢᠨ ᠢ ᠡᠷᠬᠢᠮᠯᠡᠵᠦ᠂ ᠬᠦᠮᠦᠨ ᠪᠤᠯᠭᠠᠨ ᠪᠠᠴᠢᠮ ᠪᠠᠶᠢᠳᠠᠯ ᠢ ᠠᠷᠭᠠᠴᠠᠭᠠᠵᠤ ᠴᠢᠳᠠᠨ᠎ᠠ ︱ ᠳᠡᠷᠭᠡᠳᠡᠬᠢ ᠭᠠᠢ ᠭᠠᠮᠰᠢᠭ ᠤᠨ ᠬᠡᠮ ᠰᠣᠭᠤᠭ ᠢ ᠪᠠᠶᠢᠴᠠᠭᠠᠶ᠎ᠠ︾ ᠬᠡᠮᠡᠬᠦ ᠠᠭᠤᠷ ᠠᠮᠢᠰᠬᠤᠯ ᠢ ᠪᠣᠶ ᠪᠣᠯᠭᠠᠵᠠᠢ᠃     ᠪᠠᠷᠠᠭᠤᠨ ᠦᠵᠦᠮᠦᠴᠢᠨ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠦᠷᠭᠦᠯᠵᠢᠯᠡᠨ ᠠᠵᠤ ᠠᠬᠤᠶᠢᠯᠠᠯ ᠪᠣᠯᠣᠨ ᠦᠨᠳᠦᠰᠦᠨ ᠱᠠᠲᠤᠨ ᠳᠤ ᠭᠦᠨᠵᠡᠭᠡᠶᠢᠷᠡᠨ᠂ ᠪᠠᠶᠢᠩᠭᠤ ᠶᠢᠨ ᠤᠬᠠᠭᠤᠯᠭ᠎ᠠ ᠦᠷᠨᠢᠭᠦᠯᠦᠨ᠂ ᠠᠶᠤᠯᠭᠦᠢ ᠦᠢᠯᠡᠳᠪᠦᠷᠢᠯᠡᠯ ᠤᠨ ᠰᠡᠷᠭᠡᠶᠢᠯᠡᠯᠲᠡ ᠶᠢᠨ ᠱᠤᠭᠤᠮ ᠢ ᠪᠠᠲᠤ ᠪᠠᠬᠢ ᠪᠠᠶᠢᠭᠤᠯᠵᠤ᠂ ᠪᠠᠷᠠᠭᠤᠨ ᠦᠵᠦᠮᠦᠴᠢᠨ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠪᠠᠲᠤ ᠪᠠᠬᠢ ᠪᠠᠲᠤᠯᠠᠭ᠎ᠠ ᠬᠠᠩᠭᠠᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号