ᠮᠠᠨ ᠤ ᠠᠶᠢᠮᠠᠭ ᠤᠨ ᠪᠠᠷᠠᠭᠤᠨ ᠦᠵᠦᠮᠦᠴᠢᠨ ᠬᠤᠰᠢᠭᠤᠨ ᠤ ᠪᠠᠶᠠᠨᠬᠤᠰᠢᠭᠤ ᠰᠤᠮᠤᠨ ᠤ ᠱᠠᠤᠲᠤ ᠭᠠᠴᠠᠭᠠᠨ ᠤ | ᠵᠠᠯᠠᠭᠤ ᠮᠠᠯᠴᠢᠨ ᠣᠮᠣᠭᠰᠢᠯ᠂ ᠵᠡᠭᠦᠨ ᠦᠵᠦᠮᠦᠴᠢᠨ ᠬᠤᠰᠢᠭᠤᠨ ᠤ ᠤᠯᠢᠶᠠᠰᠤᠲᠠᠢ ᠪᠠᠯᠭᠠᠰᠤᠨ ᠤ ᠠᠮᠤᠭᠤᠯᠠᠩᠪᠤᠯᠠᠭ | ᠭᠠᠴᠠᠭᠠᠨ ᠤ ᠵᠠᠯᠠᠭᠤ ᠮᠠᠯᠴᠢᠨ ᠰᠠᠶᠢᠨᠪᠠᠭᠠᠲᠤᠷ᠂ ᠵᠡᠭᠦᠨ ᠦᠵᠦᠮᠦᠴᠢᠨ ᠬᠤᠰᠢᠭᠤᠨ ᠤ ᠭᠠᠭᠢᠯ ᠰᠤᠮᠤᠨ ᠤ ᠡᠷᠢᠶᠡᠨᠭᠤᠪᠢ | ᠭᠠᠴᠠᠭᠠᠨ ᠤ ᠮᠠᠯᠴᠢᠨ ᠰᠢᠳᠤᠷᠭᠤ ᠮᠠᠯ ᠮᠠᠯᠵᠢᠯ ᠤᠨ ᠦᠢᠯᠡᠰ ᠢᠶᠠᠷ ᠳᠡᠯᠡᠬᠡᠢ ᠶᠢᠨ ᠲᠡᠷᠢᠭᠦᠨ ᠪᠠᠶᠢᠷᠢᠨ ᠳᠤ ᠪᠠᠶᠢᠭ᠎ᠠ | ᠠᠦ᠋ᠰᠲᠷᠠᠯᠢᠶ᠎ᠠ ᠤᠯᠤᠰ ᠲᠤ ᠬᠦᠷᠴᠡᠢ᠃ ᠲᠡᠳᠡ ᠭᠤᠷᠪᠠᠭᠤᠯᠠ ᠨᠤᠲᠤᠭ ᠤᠨ ᠬᠡᠳᠦᠨ ᠮᠠᠯᠴᠢᠨ ᠤ ᠪᠠᠨ ᠨᠠᠶᠢᠳᠠᠯᠭ᠎ᠠ ᠪᠠᠷ | ᠠᠦ᠋ᠰᠲᠷᠠᠯᠢᠶ᠎ᠠ ᠠᠴᠠ 70 ᠰᠢᠯᠢᠳᠡᠭ ᠡᠭᠦᠯᠳᠡᠷ ᠤᠨ ᠪᠢᠷᠠᠭᠤ ᠬᠤᠳᠠᠯᠳᠤᠨ ᠠᠪᠤᠭᠰᠠᠨ ᠪᠥᠭᠡᠳ ᠤᠳᠤ ᠦᠶ᠎ᠡ ᠶᠢᠨ ᠮᠠᠯ | ᠠᠵᠤ ᠠᠬᠤᠢ ᠶᠢ ᠬᠥᠭᠵᠢᠭᠦᠯᠬᠦ ᠮᠡᠳᠡᠯᠭᠡ ᠮᠡᠳᠡᠴᠡ ᠪᠠᠨ ᠥᠷᠭᠡᠳᠬᠡᠬᠦ ᠪᠠᠷ ᠪᠣᠳᠠᠲᠠᠢ ᠦᠢᠯᠡᠳᠦᠯᠭᠡ ᠳᠡᠭᠡᠷ᠎ᠡ ᠨᠢ | ᠪᠠᠶᠢᠴᠠᠭᠠᠯᠲᠠ ᠬᠢᠵᠡᠢ᠃ ᠲᠡᠭᠡᠪᠡᠯ ᠣᠮᠣᠭᠰᠢᠯ᠂ ᠰᠠᠶᠢᠨᠪᠠᠭᠠᠲᠤᠷ᠂ ᠰᠢᠳᠤᠷᠭᠤ ᠨᠠᠷ ᠠᠦ᠋ᠰᠲᠷᠠᠯᠢᠶ᠎ᠠ ᠤᠯᠤᠰ ᠲᠤ ᠶᠠᠭᠤ ᠦᠵᠡᠵᠦ | ᠰᠤᠷᠤᠯᠴᠠᠬᠰᠠᠨ ᠪᠣᠯ︖ ᠲᠡᠳᠡᠨ ᠤ ᠪᠠᠨ ᠣᠯᠣᠯᠲᠠ ᠲᠥᠷᠥᠭᠳᠡᠯ᠂ ᠰᠠᠨᠠᠭ᠎ᠠ ᠪᠤᠳᠤᠯ ᠢ ᠨᠢ ᠤᠡᠭᠰᠢᠭᠴᠢᠳ ᠲᠤ ᠪᠠᠨ ᠬᠦᠷᠭᠡᠶ᠎ᠡ᠃ | | ᠰᠤᠷᠪᠤᠯᠵᠢᠯᠠᠬᠴᠢ᠄ ᠤᠳᠤ ᠠᠴᠠ ᠶᠠᠭ ᠭᠤᠴᠢᠨ ᠵᠢᠯ ᠤᠨ ᠡᠮᠦᠨ᠎ᠡ ᠠᠪᠤᠷᠭᠤ ᠮᠠᠯᠴᠢᠨ ᠪᠠᠳᠮᠠᠰᠡᠷᠡᠩ ᠵᠡᠷᠭᠡ ᠲᠤᠯᠤᠭᠠᠨ | ᠮᠠᠯᠴᠢᠨ ᠠᠦ᠋ᠰᠲᠷᠠᠯᠢᠶ᠎ᠠ ᠤᠯᠤᠰ ᠲᠤ ᠬᠦᠷᠴᠦ᠂ ᠬᠥᠭᠵᠢᠭᠰᠡᠨ ᠤᠯᠤᠰ ᠤᠨ ᠲᠠᠪᠰᠢᠬᠰᠠᠨ ᠮᠠᠯ ᠠᠵᠤ ᠠᠬᠤᠢ ᠠᠴᠠ | ᠰᠤᠷᠤᠯᠴᠠᠵᠤ ᠪᠠᠶᠢᠭᠰᠠᠨ ᠶᠤᠮ᠃ ᠥᠨᠥᠳᠥᠷ ᠲᠠ ᠭᠤᠷᠪᠠ ᠲᠡᠷᠡ ᠤᠯᠤᠰ ᠲᠤ ᠭᠦᠷᠦᠭᠰᠡᠨ ᠤ ᠤᠴᠢᠷ ᠰᠢᠯᠲᠠᠭᠠᠨ ᠶᠠᠭᠤ | ᠪᠠᠶᠢᠨ᠎ᠠ︖ | ᠣᠮᠣᠭᠰᠢᠯ᠄ ᠬᠠᠮᠤᠭ ᠤᠨ ᠲᠡᠷᠢᠭᠦᠨ ᠳᠤ ᠬᠥᠭᠵᠢᠭᠰᠡᠨ ᠤᠯᠤᠰ ᠢᠶᠠᠷ ᠬᠦᠷᠴᠦ᠂ ᠨᠢᠳᠦ ᠨᠡᠭᠡᠭᠡᠶ᠎ᠡ ᠭᠡᠰᠡᠨ ᠪᠤᠳᠤᠯ ᠠᠴᠠ | ᠶᠠᠪᠤᠭᠰᠠᠨ᠃ ᠪᠢ ᠣᠶᠤᠲᠠᠨ ᠠᠮᠢᠳᠤᠷᠠᠯ ᠢᠶᠠᠨ ᠲᠡᠭᠦᠰᠬᠡᠵᠦ᠂ ᠨᠤᠲᠤᠭ ᠪᠤᠴᠠᠭᠰᠠᠨ ᠤ ᠳᠠᠷᠠᠭ᠎ᠠ ᠰᠢᠮᠧᠨ᠋ᠲ᠋ᠠᠷ ᠡᠭᠦᠯᠳᠡᠷ ᠤᠨ | ᠦᠬᠡᠷ ᠮᠠᠯᠵᠢᠭᠠᠳ ᠨᠢᠭᠡᠨᠲᠡ ᠳᠤᠯᠤᠭᠠᠨ ᠵᠢᠯ ᠤᠨ ᠨᠢᠭᠤᠷ ᠦᠵᠡᠵᠦ ᠪᠠᠶᠢᠨ᠎ᠠ᠃ ᠡᠨᠡ ᠶᠠᠪᠤᠴᠠ ᠳᠤ ᠮᠠᠰᠢ ᠤᠯᠠᠨ | ᠠᠰᠠᠭᠤᠳᠠᠯ ᠲᠣᠬᠢᠶᠠᠯᠳᠤᠯ᠎ᠠ᠂ ᠰᠢᠨ᠎ᠡ ᠠᠷᠭ᠎ᠠ ᠬᠠᠭᠤᠴᠢᠨ ᠠᠪᠲᠠᠯ ᠢᠶᠠᠷ ᠰᠢᠢᠳᠪᠦᠷᠢᠯᠡᠭᠰᠡᠭᠡᠷ ᠯᠡ ᠢᠷᠡᠭᠰᠡᠨ᠃ ᠲᠡᠭᠡᠭᠡᠳ ᠡᠨᠡ | ᠤᠳᠠᠭ᠎ᠠ ᠣᠴᠢᠬᠤ ᠳᠤ ᠪᠠᠨ ᠪᠢᠳᠡᠨ ᠲᠠᠢ ᠠᠳᠠᠯᠢᠬᠠᠨ ᠦᠬᠡᠷ ᠢ ᠶᠠᠭᠠᠬᠢᠵᠤ ᠮᠠᠯᠵᠢᠭᠠᠳ ᠪᠢᠳᠡᠨ ᠠᠴᠠ ᠢᠯᠡᠭᠦᠦ ᠦᠷ᠎ᠡ | ᠠᠰᠢᠭ ᠣᠯᠵᠤ ᠪᠠᠶᠢᠬᠤ᠂ ᠳᠡᠳᠡᠨ ᠤ ᠮᠠᠯᠵᠢᠬᠤ ᠠᠷᠭ᠎ᠠ ᠠᠪᠴᠠᠯ᠂ ᠰᠠᠭᠤᠷᠢ ᠪᠦᠲᠦᠭᠡᠨ ᠪᠠᠶᠢᠭᠤᠯᠤᠯᠲᠠ ᠨᠢ ᠠᠯᠢ ᠲᠠᠯ᠎ᠠ ᠪᠠᠷ | ᠢᠶᠠᠨ ᠪᠢᠳᠡᠨ ᠠᠴᠠ ᠳᠠᠪᠠᠭᠤᠯᠢᠭ ᠲᠠᠢ ᠪᠠᠶᠢᠬᠤ ᠶᠢ ᠨᠢᠳᠦ ᠪᠠᠷ ᠢᠶᠠᠨ ᠦᠵᠡᠵᠦ᠂ ᠪᠣᠳᠠᠲᠠᠢ ᠪᠠᠷ ᠣᠶᠢᠯᠠᠭᠠᠶ᠎ᠠ ᠭᠡᠵᠦ ᠪᠤᠳᠤᠬᠰᠠᠨ | ᠶᠤᠮ᠃ ᠡᠭᠦᠨ ᠤ ᠳᠠᠭᠠᠤ ᠴᠡᠪᠡᠷ ᠡᠭᠦᠯᠳᠡᠷ ᠤᠨ ᠦᠬᠡᠷ ᠠᠪᠴᠤ᠂ ᠥᠪᠡᠷ ᠤᠨ ᠦᠬᠡᠷ ᠤᠨ ᠡᠭᠦᠯᠳᠡᠷ ᠢᠶᠠᠨ ᠤᠯᠠᠮ | ᠰᠢᠯᠢᠳᠡᠭᠵᠢᠭᠦᠯᠬᠦ ᠶᠢ ᠪᠤᠳᠤᠯ᠎ᠠ᠃ | ᠰᠠᠶᠢᠨᠪᠠᠭᠠᠲᠤᠷ᠄ ᠲᠡᠶᠢᠮᠦ ᠠ᠋︕ ᠮᠠᠯᠴᠢᠨ ᠬᠥᠮᠥᠨ ᠪᠣᠯᠤᠭᠰᠠᠨ ᠤ ᠬᠤᠪᠢ ᠳᠤ ᠥᠪᠡᠷ ᠤᠨ ᠮᠠᠯᠵᠢᠯ ᠤᠨ ᠤᠬᠠᠭᠠᠨ | ᠢᠶᠠᠨ ᠲᠠᠰᠤᠷᠠᠯᠲᠠ ᠦᠭᠡᠢ ᠨᠡᠮᠡᠭᠳᠡᠭᠦᠯᠵᠦ᠂ ᠰᠢᠨᠵᠢᠯᠡᠬᠦ ᠤᠬᠠᠭᠠᠨᠴᠢ ᠪᠠᠷ ᠮᠠᠯᠵᠢᠬᠤ ᠶᠢ ᠵᠣᠷᠢᠬᠤ ᠬᠡᠷᠡᠭᠲᠡᠢ᠃ ᠬᠡᠳᠦᠶᠢᠪᠡᠷ | ᠪᠢᠳᠡ ᠣᠷᠣᠨ ᠨᠤᠲᠤᠭ ᠲᠤ ᠪᠠᠨ ᠰᠠᠭᠤᠵᠤ ᠪᠠᠶᠢᠭᠠᠳ ᠰᠢᠨ᠎ᠡ ᠰᠢᠨ᠎ᠡ ᠠᠷᠭ᠎ᠠ ᠠᠪᠴᠠᠯ ᠢ ᠰᠤᠷᠤᠯᠴᠠᠵᠦ ᠪᠣᠯᠣᠨ᠎ᠠ ᠭᠡᠳᠡᠭ | ᠪᠤᠯᠪᠠᠴᠦ ᠵᠦᠪᠭᠡᠨ ᠤᠨᠤᠯ ᠤᠨ ᠤᠬᠠᠭᠠᠨ ᠳᠡᠭᠡᠷ᠎ᠡ ᠶᠡᠭᠡ ᠬᠦᠴᠦ ᠰᠢᠪᠬᠠᠵᠤ᠂ ᠤᠴᠢᠷ ᠰᠢᠯᠲᠠᠭᠠᠨ ᠤ ᠬᠢᠨᠢ ᠭᠠᠳᠠᠷ ᠲᠥᠷᠬᠦ | ᠶᠢ ᠯᠠ ᠣᠯᠵᠤ ᠰᠤᠷᠤᠨ᠎ᠠ᠃ ᠬᠠᠷᠢᠨ ᠥᠪᠡᠷ ᠤᠨ ᠪᠡᠶ᠎ᠡ ᠪᠠᠷ ᠢᠢᠡᠨ ᠣᠴᠢᠵᠤ ᠦᠵᠡᠪᠡᠯ ᠲᠡᠷᠢᠭᠦᠨ ᠤ ᠮᠠᠯᠵᠢᠯ ᠢ ᠤᠯᠠᠨ | ᠲᠠᠯ᠎ᠠ ᠪᠠᠷ ᠰᠤᠷᠤᠯᠴᠠᠵᠦ᠂ ᠶᠠᠮᠠᠷ ᠵᠦᠢᠯ ᠨᠢ ᠣᠨᠳᠣᠣ ᠪᠠᠶᠢᠪᠠᠯ ᠲᠡᠷᠡ ᠵᠦᠢᠯ ᠢ ᠨᠢ ᠣᠶᠢᠯᠠᠭᠠᠵᠤ ᠪᠣᠯᠣᠨ᠎ᠠ᠃ | ᠰᠤᠷᠪᠤᠯᠵᠢᠯᠠᠬᠴᠢ᠄ ᠲᠡᠭᠡᠪᠡᠯ ᠡᠨᠡ ᠤᠳᠠᠭᠠᠨ ᠤ ᠠᠶᠠᠯᠠᠯ ᠢᠶᠠᠷ ᠳᠠᠮᠵᠢᠨ ᠠᠦ᠋ᠰᠲᠷᠠᠯᠢᠶ᠎ᠠ ᠤᠯᠤᠰ ᠤᠨ ᠮᠠᠯᠵᠢᠯ | ᠪᠣᠯᠣᠨ ᠮᠠᠨ ᠤ ᠣᠷᠣᠨ ᠨᠤᠲᠤᠭ ᠤᠨ ᠮᠠᠯᠵᠢᠯ ᠤᠨ ᠬᠤᠭᠤᠷᠣᠨᠳᠤ ᠶᠠᠮᠠᠷ ᠶᠡᠭᠡ ᠵᠥᠷᠢᠶ᠎ᠡ ᠪᠠᠶᠢᠬᠤ ᠶᠢ ᠣᠶᠢᠯᠠᠭᠠᠭᠰᠠᠨ ᠪᠤᠶ︖ | ᠣᠮᠣᠭᠰᠢᠯ᠄ ᠡᠩ ᠲᠡᠷᠢᠭᠦᠨ ᠳᠤ ᠠᠭᠤᠷ ᠠᠮᠢᠰᠬᠤᠯ ᠶᠡᠭᠡ ᠵᠥᠷᠢᠶ᠎ᠡ ᠲᠠᠢ᠃ ᠠᠦ᠋ᠰᠲᠷᠠᠯᠢᠶ᠎ᠠ ᠤᠯᠤᠰ ᠪᠣᠯ ᠬᠠᠯᠠᠭᠤᠨ | ᠪᠦᠰᠡ ᠶᠢᠨ ᠠᠭᠤᠷ ᠠᠮᠢᠰᠬᠤᠯ ᠲᠠᠢ ᠪᠠᠶᠢᠳᠠᠭ ᠪᠣᠯᠬᠤᠷ ᠵᠢᠯ ᠤᠨ ᠳᠦᠷᠪᠡᠨ ᠤᠯᠠᠷᠢᠯ ᠳᠤ ᠪᠠᠨ ᠪᠦᠷ ᠪᠡᠯᠴᠢᠭᠡᠷ ᠤᠨ | ᠮᠠᠯᠵᠢᠯᠭ᠎ᠠ ᠪᠠᠷ ᠭᠤᠣᠯᠯᠠᠳᠠᠭ᠃ ᠬᠠᠷᠢᠨ ᠮᠠᠨ ᠤ ᠣᠷᠣᠨ ᠳᠤ ᠳᠦᠷᠪᠡᠨ ᠤᠯᠠᠷᠢᠯ ᠲᠣᠳᠣ ᠢᠯᠭᠠᠭ᠎ᠠ ᠲᠠᠢ ᠪᠠᠶᠢᠳᠠᠭ ᠪᠣᠯᠬᠤᠷ | ᠵᠤᠨ ᠨᠠᠮᠤᠷ ᠤᠨ ᠤᠯᠠᠷᠢᠯ ᠳᠤ ᠯᠡ ᠰᠠᠶ᠋ᠢ ᠮᠠᠯ ᠢᠶᠠᠨ ᠲᠠᠪᠠᠲᠠᠢ ᠪᠡᠯᠴᠢᠭᠡᠵᠦ ᠳᠡᠶᠢᠯᠦᠨ᠎ᠡ᠃ ᠡᠨᠡ ᠪᠣᠯ ᠮᠠᠰᠢ ᠶᠡᠭᠡ | ᠵᠥᠷᠢᠶ᠎ᠡ ᠲᠠᠢ ᠲᠠᠯ᠎ᠠ ᠪᠠᠶᠢᠨ᠎ᠠ᠃ ᠡᠭᠦᠨ ᠢ ᠴᠢ ᠪᠢᠳᠡᠨ ᠤ ᠴᠢᠷᠮᠠᠶᠢᠯᠭ᠎ᠠ ᠪᠠᠷ ᠬᠤᠪᠢᠷᠠᠭᠤᠯᠵᠤ ᠳᠡᠶᠢᠯᠭᠦ ᠵᠦᠢᠯ ᠪᠢᠰᠢ᠂ ᠶᠠᠭ | ᠡᠶᠢᠮᠦ ᠪᠣᠯᠬᠤᠷ ᠪᠢᠳᠡ ᠪᠦᠭᠦ ᠵᠦᠢᠯ ᠢ ᠠᠦ᠋ᠰᠲᠷᠠᠯᠢᠶ᠎ᠠ ᠤᠯᠤᠰ ᠤᠨ ᠮᠠᠯᠵᠢᠯ ᠤᠨ ᠪᠠᠶᠢᠳᠠᠯ ᠠᠴᠠ ᠰᠤᠷᠤᠯᠴᠠᠵᠦ ᠪᠤᠯᠬᠤ | ᠦᠭᠡᠢ᠃ ᠬᠠᠷᠢᠨ ᠮᠠᠨ ᠤ ᠣᠷᠣᠨ ᠤ ᠪᠠᠶᠢᠳᠠᠯ ᠳᠤ ᠲᠣᠬᠢᠷᠠᠬᠤ ᠵᠦᠢᠯ ᠢ ᠨᠢ ᠰᠤᠷᠤᠯᠴᠠᠵᠦ᠂ ᠥᠪᠡᠷ ᠤᠨ ᠣᠨᠴᠠᠯᠢᠭ ᠲᠠᠢ ᠪᠠᠨ | ᠤᠶᠠᠯᠳᠤᠭᠤᠯᠬᠤ ᠨᠢ ᠬᠠᠮᠤᠭ ᠤᠨ ᠴᠢᠬᠤᠯᠠ᠃ ᠨᠠᠳᠠ ᠳᠤ ᠮᠠᠰᠢ ᠶᠡᠭᠡ ᠲᠠᠭᠠᠯᠠᠭᠳᠠᠭᠰᠠᠨ ᠵᠦᠢᠯ ᠪᠣᠯ ᠲᠡᠨᠳᠡᠬᠢ ᠶᠢᠨ ᠰᠠᠭᠤᠷᠢ | ᠪᠦᠲᠦᠭᠡᠨ ᠪᠠᠶᠢᠭᠤᠯᠤᠯᠲᠠ ᠶᠢᠨ ᠴᠢᠨᠠᠷ ᠴᠢᠨᠰᠠᠭ᠎ᠠ ᠰᠠᠶᠢᠨ ᠪᠠᠶᠢᠨ᠎ᠠ᠃ ᠲᠡᠷᠡᠴᠢᠯᠡᠨ ᠬᠥᠮᠥᠨ ᠤ ᠬᠦᠴᠦ ᠶᠢ ᠠᠷᠪᠢᠯᠠᠬᠤ ᠶᠢ | ᠣᠨᠴᠠ ᠠᠩᠬᠠᠷᠳᠠᠭ ᠪᠠᠶᠢᠭᠰᠠᠨ ᠨᠢ ᠢᠯᠡ ᠲᠣᠳᠣ ᠢᠯᠭᠠᠭ᠎ᠠ ᠪᠣᠯᠵᠤ ᠬᠠᠷᠠᠭᠳᠠᠯ᠎ᠠ᠃ ᠡᠭᠦᠨ ᠳᠤ ᠨᠢᠭᠡᠨ ᠪᠣᠳᠠᠲᠠᠢ ᠵᠢᠱᠢᠶ᠎ᠡ | ᠶᠠᠷᠢᠪᠠᠯ᠄ ᠮᠠᠨ ᠤ ᠠᠳᠡ ᠮᠠᠯ ᠢᠯᠭᠠᠬᠤ ᠬᠠᠰᠢᠶ᠎ᠠ ᠪᠠᠨ ᠲᠡᠮᠦᠷ ᠪᠤᠶᠤ ᠮᠣᠳᠣ ᠪᠠᠷ ᠪᠦᠳᠦᠭᠦᠯᠢᠭ ᠬᠢᠵᠦ ᠦᠬᠦᠮᠡᠯ ᠢᠶᠠᠷ | ᠬᠡᠷᠡᠭᠯᠡᠳᠡᠭ᠃ ᠡᠨᠡ ᠨᠢ ᠮᠠᠰᠢ ᠤᠯᠠᠨ ᠬᠥᠮᠥᠨ ᠬᠡᠷᠡᠭᠰᠡᠵᠦ᠂ ᠮᠠᠯ ᠤᠨ ᠬᠠᠰᠢᠶᠠᠨ ᠳᠤ ᠣᠷᠣᠵᠤ ᠲᠣᠭᠤᠰᠣ ᠲᠠᠲᠠᠭᠤᠯᠤᠨ | ᠶᠠᠭᠠᠷᠠᠭᠤᠯᠳᠠᠭ᠃ ᠬᠠᠷᠢᠨ ᠲᠡᠨᠳᠡ ᠮᠠᠯ ᠰᠠᠯᠭᠠᠬᠤ ᠬᠠᠰᠢᠶ᠎ᠠ ᠪᠠᠨ ᠮᠠᠰᠢ ᠴᠢᠨᠠᠷᠯᠢᠭ ᠪᠥᠭᠡᠳ ᠰᠢᠨᠵᠢᠯᠡᠬᠦ ᠤᠬᠠᠭᠠᠨᠴᠢ ᠪᠠᠷ | ᠬᠢᠭᠰᠡᠨ ᠪᠣᠯᠬᠤᠷ ᠵᠠᠭᠤ ᠭᠠᠷᠤᠢ ᠦᠬᠡᠷ ᠢ ᠭᠠᠭᠴᠠ ᠬᠤᠶᠠᠷᠬᠠᠨ ᠬᠥᠮᠥᠨ ᠣᠬᠤᠷᠬᠠᠨ ᠬᠤᠭᠤᠴᠠᠭᠠᠨ ᠳᠤ ᠢᠯᠭᠠᠴᠢᠬᠠᠳᠠᠭ᠃ | ᠡᠨᠡ ᠪᠠᠶᠢᠳᠠᠯ ᠢ ᠦᠵᠡᠭᠡᠳ ᠲᠡᠳᠡ ᠬᠥᠮᠥᠨ ᠤ ᠬᠦᠴᠦ ᠶᠢ ᠬᠡᠴᠢᠨᠡᠨ ᠠᠷᠪᠢᠯᠠᠵᠤ ᠪᠠᠶᠢᠬᠤ ᠲᠤᠬᠠᠢ ᠰᠢᠨ᠎ᠡ ᠲᠠᠨᠢᠯᠲᠠ ᠲᠠᠢ | ᠪᠣᠯᠣᠯ᠎ᠠ᠃ ᠡᠭᠦᠨ ᠠᠴᠠ ᠭᠠᠳᠠᠨ᠎ᠠ᠂ ᠲᠡᠨᠳᠡᠬᠢ ᠶᠢᠨ ᠮᠠᠯᠴᠢᠳ ᠡᠪᠦᠯᠵᠢᠶ᠎ᠡ ᠨᠠᠮᠤᠷᠵᠢᠶᠠᠨ ᠳᠤ ᠪᠠᠨ ᠪᠦᠷ ᠮᠠᠯ ᠢᠯᠭᠠᠬᠤ ᠬᠠᠰᠢᠶ᠎ᠠ | ᠪᠠᠶᠢᠭᠤᠯᠵᠤ ᠲᠠᠯᠪᠢᠭᠰᠠᠨ ᠪᠠᠶᠢᠨ᠎ᠠ᠂ ᠬᠠᠷᠢᠨ ᠮᠠᠨ ᠤ ᠬᠢᠨ ᠪᠣᠯ ᠪᠦᠷ ᠬᠤᠲᠠᠨ ᠳᠤ ᠪᠠᠨ ᠬᠠᠷᠢᠵᠤ ᠯᠡ ᠮᠠᠯ ᠢᠶᠠᠨ ᠢᠯᠭᠠᠬᠤ | ᠠᠵᠢᠯ ᠢ ᠪᠡᠶᠡᠯᠡᠭᠦᠯᠵᠦ ᠴᠢᠳᠠᠳᠠᠭ᠃ ᠡᠨᠡ ᠲᠠᠯ᠎ᠠ ᠪᠠᠷ ᠠᠪᠴᠤ ᠬᠡᠯᠡᠭᠰᠡᠨ ᠴᠦ ᠮᠠᠰᠢ ᠶᠡᠭᠡ ᠬᠦᠴᠦ ᠭᠦᠳᠡᠯᠮᠦᠷᠢ | ᠵᠠᠷᠤᠴᠠᠭᠤᠯᠳᠠᠭ᠃ | ᠰᠠᠶᠢᠨᠪᠠᠭᠠᠲᠤᠷ᠄ ᠰᠠᠭᠤᠷᠢ ᠪᠦᠲᠦᠭᠡᠨ ᠪᠠᠶᠢᠭᠤᠯᠤᠯᠲᠠ ᠶᠢᠨ ᠲᠠᠯ᠎ᠠ ᠳᠤ ᠰᠤᠷᠤᠯᠴᠠᠭᠤᠰᠢᠲᠠᠢ ᠵᠦᠢᠯ ᠮᠠᠰᠢ ᠤᠯᠠᠨ | ᠪᠠᠶᠢᠯ᠎ᠠ᠃ ᠬᠠᠮᠤᠭ ᠤᠨ ᠦᠨᠳᠦᠰᠦᠨ ᠵᠦᠢᠯ ᠠᠴᠠ ᠠᠪᠴᠤ ᠬᠡᠯᠡᠪᠡᠯ᠂ ᠲᠡᠨᠳᠡᠬᠢ ᠶᠢᠨ ᠮᠠᠯᠴᠢᠳ ᠠᠮᠢᠳᠤᠷᠠᠯ ᠳᠤ ᠪᠠᠨ ᠶᠠᠮᠠᠷ | ᠮᠠᠰᠢᠨ ᠬᠡᠷᠡᠭᠰᠡᠯ ᠠᠪᠬᠤ ᠪᠠᠷ ᠪᠤᠳᠤᠪᠠᠯ ᠵᠦᠪᠭᠡᠨ ᠮᠠᠯ ᠠᠵᠤ ᠠᠬᠤᠢ ᠳᠤ ᠬᠡᠷᠡᠭᠴᠡᠭᠡ ᠲᠠᠢ ᠮᠠᠰᠢᠨ ᠤᠨᠤᠭ᠎ᠠ ᠯᠡ ᠠᠪᠳᠠᠭ | ᠪᠠᠶᠢᠨ᠎ᠠ᠃ ᠲᠡᠨᠳᠡᠬᠢ ᠶᠢᠨ ᠮᠠᠯᠴᠢᠳ ᠮᠠᠨ ᠤ ᠬᠢᠨ ᠰᠢᠭ ᠥᠨᠳᠥᠷ ᠦᠨ᠎ᠡ ᠶᠢᠨ ᠯᠠᠨᠳ᠋ ᠺᠦᠷᠦᠽ ᠮᠠᠰᠢᠨ ᠪᠠᠷᠢᠬᠤ ᠦᠭᠡᠢ᠂ | ᠬᠡᠷᠡᠭᠴᠡᠭᠡ ᠨᠢ ᠳᠠᠩ ᠴᠤᠯᠭᠤᠢ ᠵᠢᠭᠠᠬᠠᠨ ᠮᠠᠰᠢᠨ ᠴᠦ ᠪᠠᠷᠢᠬᠤ ᠦᠭᠡᠢ᠂ ᠬᠠᠷᠢᠨ ᠠᠴᠢᠶ᠎ᠠ ᠲᠡᠭᠡᠭᠡᠪᠦᠷᠢ ᠶᠢᠨ ᠦᠢᠯᠡᠳᠦᠯ | ᠬᠡᠷᠡᠭᠴᠡᠭᠡ ᠶᠢ ᠨᠢ ᠬᠠᠩᠭᠠᠵᠤ ᠴᠢᠳᠠᠳᠠᠭ ᠫᠢᠺᠠ ᠮᠠᠰᠢᠨ ᠯᠡ ᠪᠠᠷᠢᠳᠠᠭ ᠪᠠᠶᠢᠨ᠎ᠠ᠃ ᠡᠨᠡ ᠶᠢ ᠪᠢ ᠮᠠᠰᠢ ᠭᠠᠶᠢᠬᠠᠵᠤ | ᠠᠰᠠᠭᠤᠬᠤ ᠪᠠᠷ ᠲᠡᠳᠡ᠂ ᠪᠢᠳᠡ ᠬᠡᠷᠡᠭᠴᠡᠭᠡ ᠱᠠᠭᠠᠷᠳᠠᠯᠭ᠎ᠠ ᠲᠠᠢ ᠪᠠᠨ ᠤᠶᠠᠯᠳᠤᠭᠤᠯᠵᠤ ᠮᠠᠰᠢᠨ ᠲᠤᠨᠤᠭ ᠠᠪᠳᠠᠭ᠃ ᠫᠢᠺᠠ | ᠮᠠᠰᠢᠨ ᠨᠢ ᠶᠡᠬᠡᠩᠬᠢ ᠬᠡᠷᠡᠭᠴᠡᠭᠡ ᠱᠠᠭᠠᠷᠳᠠᠯᠭ᠎ᠠ ᠶᠢ ᠭᠦᠢᠴᠡᠭᠡᠨ᠎ᠡ ᠭᠡᠵᠦ ᠬᠠᠷᠢᠭᠤᠯᠤᠭᠰᠠᠨ ᠪᠠᠶᠢᠳᠠᠭ᠃ ᠡᠭᠦᠨ ᠠᠴᠠ ᠭᠠᠳᠠᠨ᠎ᠠ | ᠬᠤᠶᠠᠷ ᠭᠠᠵᠠᠷ ᠤᠨ ᠪᠡᠯᠴᠢᠭᠡᠷ ᠤᠨ ᠲᠣᠣᠷ ᠴᠦ ᠶᠡᠭᠡ ᠣᠨᠳᠣᠣ ᠪᠠᠶᠢᠯ᠎ᠠ᠂ ᠮᠠᠨ ᠤ ᠬᠢ ᠲᠠᠢ ᠠᠳᠠᠯᠢᠳᠬᠠᠪᠠᠯ ᠲᠡᠳᠡᠨ ᠤ | ᠲᠠᠲᠠᠭᠰᠠᠨ ᠲᠣᠣᠷ ᠨᠢ ᠮᠠᠰᠢ ᠪᠣᠭᠤᠨᠢ ᠮᠥᠷᠲᠡᠭᠡᠨ ᠪᠤᠯᠠᠭᠠᠷᠢ ᠪᠣᠯᠭᠠᠨ ᠤ ᠬᠤᠭᠤᠷᠤᠨᠳᠤᠭᠢ ᠵᠠᠢ ᠨᠢ ᠮᠠᠰᠢ ᠣᠬᠤᠷ᠂ | ᠨᠡᠶᠢᠳᠡᠮ ᠳᠡᠭᠡᠨ ᠥᠨᠳᠥᠷ ᠨᠢ ᠮᠸᠲᠷ ᠪᠤᠶᠤ 1.1 ᠮᠸᠲᠷ ᠠᠴᠠ ᠳᠠᠪᠠᠭ᠋ᠤ ᠦᠭᠡᠢ᠂ ᠬᠠᠷᠢᠨ ᠳᠡᠭᠡᠷ᠎ᠡ ᠨᠢ ᠴᠠᠭᠢᠯᠭᠠᠨ ᠲᠠᠢ | ᠤᠲᠠᠰᠤ ᠲᠠᠲᠠᠵᠤ ᠦᠬᠡᠷ ᠮᠠᠯ ᠢᠶᠠᠨ ᠪᠡᠯᠴᠢᠭᠡᠷ ᠲᠡᠭᠡᠨ ᠲᠣᠭᠲᠠᠭᠠᠵᠤ ᠪᠠᠶᠢᠨ᠎ᠠ᠃ ᠡᠨᠡ ᠨᠢ ᠨᠢᠭᠡ ᠲᠠᠯ᠎ᠠ ᠪᠠᠷ ᠲᠣᠣᠷ ᠲᠠᠲᠠᠬᠤ | ᠥᠪᠡᠷ ᠤᠨ ᠦᠷᠲᠡᠭ ᠢᠶᠠᠨ ᠠᠷᠪᠢᠯᠠᠵᠤ᠂ ᠨᠡᠩ ᠴᠢᠨᠠᠷᠯᠢᠭ ᠪᠥᠭᠡᠳ ᠨᠡᠩ ᠪᠦᠲᠦᠮᠵᠢᠲᠠᠢ ᠠᠷᠭ᠎ᠠ ᠠᠪᠴᠠᠯ ᠢ ᠰᠣᠩᠭᠤᠭᠰᠠᠨ | ᠭᠡᠵᠦ ᠪᠢ ᠦᠵᠡᠵᠦ ᠪᠠᠶᠢᠨ᠎ᠠ᠃ ᠨᠦᠭᠦᠭᠡ ᠲᠠᠯ᠎ᠠ ᠪᠠᠷ᠂ ᠲᠡᠨᠳᠡᠬᠢ ᠢᠢᠨ ᠤᠰᠤᠨ ᠤ ᠡᠬᠢ ᠪᠠᠶᠠᠯᠢᠭ ᠢ ᠴᠤᠭᠯᠠᠭᠤᠯᠵᠤ ᠳᠠᠭᠢᠨ | ᠠᠰᠢᠭᠯᠠᠬᠤ ᠰᠢᠰᠲ᠋ᠧᠮ ᠨᠢ ᠮᠠᠰᠢ ᠪᠦᠷᠢᠨ ᠭᠦᠢᠴᠡᠳ ᠪᠠᠶᠢᠭᠰᠠᠨ᠃ ᠣᠯᠠᠩᠬᠢ ᠭᠡᠷ ᠪᠤᠶᠤ ᠬᠤᠷᠣᠭᠠᠨ ᠤ ᠣᠷᠣᠢ ᠳᠤ ᠨᠢ | ᠪᠣᠷᠣᠭᠠᠨ ᠤ ᠤᠰᠤ ᠶᠢ ᠲᠤᠰᠬᠤ ᠰᠠᠷᠠᠪᠴᠢ ᠲᠠᠢ᠂ ᠲᠡᠨᠳᠡ ᠬᠤᠷᠠᠭᠰᠠᠨ ᠤᠰᠤ ᠨᠢ ᠳᠠᠭᠢᠨ ᠤᠰᠤ ᠴᠤᠭᠯᠠᠭᠤᠯᠬᠤ ᠰᠠᠪᠠ | ᠤᠷᠤᠭᠤ ᠪᠠᠨ ᠤᠷᠤᠰᠬᠤ ᠰᠤᠪᠠᠭ ᠲᠠᠢ᠃ ᠡᠳᠡᠭᠡᠷ ᠤᠰᠤ ᠪᠠᠨ ᠳᠠᠭᠢᠨ ᠠᠰᠢᠭᠯᠠᠵᠤ ᠪᠡᠯᠴᠢᠭᠡᠷ ᠢᠶᠠᠨ ᠤᠰᠤᠯᠠᠬᠤ ᠪᠤᠶᠤ | ᠣᠨᠳᠣᠣ ᠬᠡᠷᠡᠭᠴᠡᠭᠡᠨ ᠳᠤ ᠠᠰᠢᠭᠯᠠᠵᠤ ᠪᠠᠶᠢᠬᠤ ᠶᠢ ᠨᠢ ᠦᠵᠡᠭᠡᠳ ᠮᠠᠰᠢ ᠭᠠᠶᠢᠬᠠᠵᠤ ᠪᠢᠰᠢᠷᠡᠯ᠎ᠡ᠃ ᠮᠠᠨ ᠤ ᠣᠷᠣᠨ | ᠨᠤᠲᠤᠭ ᠲᠤ ᠪᠣᠯ ᠰᠠᠯᠬᠢᠨ ᠰᠢᠭᠤᠷᠭ᠎ᠠ ᠶᠡᠬᠡᠲᠡᠢ ᠪᠠᠶᠢᠳᠠᠭ᠂ ᠤᠰᠤ ᠴᠤᠭᠯᠠᠭᠤᠯᠬᠤ ᠰᠠᠪᠠ ᠲᠠᠯᠪᠢᠭᠰᠠᠨ ᠴᠦ ᠪᠦᠷ ᠲᠣᠭᠤᠰᠣ | ᠰᠢᠷᠣᠢ ᠣᠷᠣᠵᠤ ᠴᠡᠪᠡᠷ ᠤᠰᠤ ᠴᠤᠭᠯᠠᠭᠤᠯᠬᠤ ᠳᠤ ᠬᠦᠴᠢᠷᠳᠡᠬᠦ ᠪᠠᠶᠢᠬ᠎ᠠ ᠭᠡᠵᠦ ᠪᠤᠳᠤᠯ᠎ᠠ᠃ | ᠰᠢᠳᠤᠷᠭᠤ᠄ ᠠᠦ᠋ᠰᠲᠷᠠᠯᠢᠶ᠎ᠠ ᠤᠯᠤᠰ ᠤᠨ ᠮᠠᠯᠵᠢᠯ ᠤᠨ ᠪᠠᠶᠢᠳᠠᠯ ᠠᠴᠠ ᠲᠥᠷᠥᠭᠳᠡᠭᠰᠡᠨ ᠵᠦᠢᠯ ᠭᠡᠪᠡᠯ ᠲᠡᠷᠡ | ᠭᠠᠵᠠᠷ ᠤᠨ ᠬᠥᠮᠥᠰ ᠥᠪᠡᠷ ᠤᠨ ᠪᠡᠯᠴᠢᠭᠡᠷ ᠤᠰᠤᠨ ᠳᠤ ᠪᠠᠨ ᠮᠠᠰᠢ ᠬᠠᠶᠢᠷᠠᠲᠠᠢ ᠪᠠᠶᠢᠵᠤ᠂ ᠮᠠᠯ ᠪᠡᠯᠴᠢᠭᠡᠷ ᠤᠨ ᠲᠡᠩᠴᠡᠭᠦᠷᠢ | ᠶᠢ ᠶᠡᠬᠡᠪᠡᠷ ᠠᠩᠬᠠᠷᠴᠤ ᠪᠠᠶᠢᠨ᠎ᠠ᠃ ᠲᠡᠭᠡᠭᠦᠯᠡᠷ ᠪᠢᠳᠡ ᠴᠥᠭᠡᠨ ᠰᠢᠯᠢᠳᠡᠭ ᠮᠠᠯ ᠢᠶᠠᠷ ᠥᠨᠳᠥᠷ ᠦᠷ᠎ᠡ ᠠᠰᠢᠭ ᠲᠤ ᠬᠦᠷᠬᠦ | ᠮᠠᠯᠵᠢᠯ ᠤᠨ ᠠᠷᠭ᠎ᠠ ᠠᠪᠴᠠᠯ ᠢ ᠠᠳᠬᠤᠵᠤ᠂ ᠥᠪᠡᠷ ᠤᠨ ᠣᠷᠣᠨ ᠨᠤᠲᠤᠭ ᠤᠨ ᠮᠠᠯ ᠪᠡᠯᠴᠢᠭᠡᠷ ᠤᠨ ᠲᠡᠩᠴᠡᠭᠦᠷᠢ ᠳᠤ ᠤᠯᠠᠮ | ᠢᠯᠡᠭᠦᠦ ᠶᠡᠭᠡ ᠬᠦᠴᠦ ᠲᠠᠯᠪᠢᠬᠤ ᠨᠢ ᠵᠣᠬᠢᠰᠲᠠᠢ ᠭᠡᠵᠦ ᠪᠤᠳᠤᠯ᠎ᠠ᠃ ᠨᠤᠲᠤᠭ ᠮᠠᠨᠢ ᠪᠠᠶᠢᠪᠠᠯ ᠰᠠᠶ᠋ᠢ ᠮᠠᠯ ᠮᠠᠯᠵᠢᠯ ᠮᠢᠨᠢ | ᠦᠷᠭᠦᠯᠵᠢᠯᠡᠵᠦ ᠴᠢᠳᠠᠨ᠎ᠠ᠃ | ᠰᠤᠷᠪᠤᠯᠵᠢᠯᠠᠬᠴᠢ᠄ ᠲᠠ ᠪᠦᠭᠦᠨ ᠤ ᠶᠠᠷᠢᠶᠠᠨ ᠠᠴᠠ ᠲᠡᠨᠳᠡ ᠭᠦᠷᠦᠭᠡᠳ ᠪᠠᠰᠠ ᠪᠠᠭ᠎ᠠ ᠦᠭᠡᠢ ᠵᠦᠢᠯ ᠢ ᠮᠡᠳᠡᠵᠤ | ᠣᠶᠢᠯᠠᠭᠠᠭᠰᠠᠨ ᠨᠢ ᠠᠩᠵᠠᠭᠠᠷᠠᠭᠳᠠᠵᠤ ᠪᠠᠶᠢᠨ᠎ᠠ᠃ ᠲᠡᠭᠡᠪᠡᠯ ᠰᠤᠷᠤᠯᠴᠠᠬᠰᠠᠨ ᠵᠦᠢᠯᠡᠰ ᠠᠴᠠ ᠪᠠᠨ ᠶᠠᠮᠠᠷ ᠠᠷᠭ᠎ᠠ ᠲᠤᠷᠰᠢᠯᠭ᠎ᠠ | ᠶᠢ ᠨᠢ ᠥᠪᠡᠷ ᠤᠨ ᠮᠠᠯᠵᠢᠬᠤ ᠦᠢᠯᠡᠳᠪᠦᠷᠢᠯᠡᠯ ᠲᠠᠢ ᠪᠠᠨ ᠤᠶᠠᠯᠳᠤᠭᠤᠯᠤᠨ ᠬᠡᠷᠡᠭᠯᠡᠬᠦ ᠭᠡᠵᠦ ᠪᠠᠶᠢᠨ᠎ᠠ︖ ᠪᠤᠳᠤᠬᠰᠠᠨ | ᠰᠠᠨᠠᠭᠰᠠᠨ ᠵᠦᠢᠯ ᠢᠶᠠᠨ ᠬᠤᠪᠢᠶᠠᠯᠴᠠᠨ᠎ᠠ ᠤᠤ︖ | ᠣᠮᠣᠭᠰᠢᠯ᠄ ᠡᠨᠡ ᠤᠳᠠᠭ᠎ᠠ ᠮᠠᠨ ᠤ ᠭᠤᠷᠪᠠᠭᠤᠯᠠ ᠠᠦ᠋ᠰᠲᠷᠠᠯᠢᠶ᠎ᠠ ᠤᠯᠤᠰ ᠠᠴᠠ 70 ᠲᠣᠯᠣᠭᠠᠢ ᠴᠡᠪᠡᠷ | ᠡᠭᠦᠯᠳᠡᠷ ᠤᠨ ᠰᠢᠮᠧᠨ᠋ᠲ᠋ᠠᠷ ᠪᠢᠷᠠᠭᠤ ᠠᠪᠬᠤ ᠭᠡᠷ᠎ᠡ ᠲᠣᠭᠲᠠᠭᠠᠳ ᠢᠷᠡᠵᠡᠢ᠃ ᠡᠭᠦᠨ ᠳᠤ ᠮᠠᠨ ᠤ ᠭᠤᠷᠪᠠᠭᠤᠯᠠ ᠯᠡ | ᠠᠪᠤᠭᠰᠠᠨ ᠪᠢᠰᠢ᠂ ᠪᠠᠰᠠ ᠤᠯᠠᠨ ᠬᠥᠮᠥᠨ ᠪᠢᠳᠡᠨ ᠳᠤ ᠨᠠᠶᠢᠳᠠᠵᠤ ᠵᠠᠬᠢᠭᠰᠠᠨ ᠶᠤᠮ᠃ ᠳᠠᠷᠠᠭᠠᠴᠢ ᠪᠠᠷ ᠦᠬᠡᠷ ᠤᠨ ᠡᠭᠦᠯᠳᠡᠷ | ᠢᠶᠠᠨ ᠢᠯᠡᠭᠦᠦ ᠰᠠᠶᠢᠨ ᠰᠢᠯᠢᠳᠡᠭᠵᠢᠭᠦᠯᠬᠦ ᠠᠴᠠ ᠭᠠᠳᠠᠨ᠎ᠠ ᠥᠪᠡᠷ ᠤᠨ ᠰᠠᠭᠤᠷᠢ ᠪᠦᠲᠦᠭᠡᠨ ᠪᠠᠶᠢᠭᠤᠯᠤᠯᠲᠠ ᠳᠡᠭᠡᠷ᠎ᠡ ᠪᠠᠨ | ᠵᠠᠰᠠᠪᠤᠷᠢ ᠣᠷᠣᠭᠤᠯᠤᠨ᠎ᠠ᠃ ᠭᠡᠪᠡᠴᠦ ᠰᠠᠭᠤᠷᠢ ᠪᠦᠲᠦᠭᠡᠨ ᠪᠠᠶᠢᠭᠤᠯᠤᠯᠲᠠ ᠭᠡᠳᠡᠭ ᠵᠦᠢᠯ ᠢ ᠨᠢᠭᠡᠯᠡ ᠳᠡᠭᠡᠷ᠎ᠡ ᠪᠦᠭᠦᠨ ᠢ | ᠰᠣᠯᠢᠵᠤ ᠳᠡᠶᠢᠯᠭᠦ ᠦᠭᠡᠢ ᠨᠢ ᠮᠡᠳᠡᠭᠡᠵᠢ᠂ ᠬᠠᠷᠢᠨ ᠨᠢᠭᠡ ᠵᠠᠬ᠎ᠠ ᠠᠴᠠ ᠨᠢ ᠡᠬᠢᠯᠡᠨ ᠤᠳᠠᠭᠠᠨ ᠵᠢᠯ ᠤᠨ ᠲᠥᠯᠥᠪᠯᠡᠭᠡ ᠲᠠᠢ ᠪᠠᠷ | ᠵᠠᠰᠠᠯᠲᠠ ᠣᠷᠣᠭᠤᠯᠤᠨ᠎ᠠ᠃ ᠣᠳᠣᠬᠠᠨ ᠳᠤ ᠪᠠᠨ ᠮᠢᠨᠤ ᠬᠤᠪᠢ ᠳᠤ ᠮᠠᠯ ᠢᠯᠭᠠᠬᠤ ᠬᠠᠰᠢᠶ᠎ᠠ ᠪᠠᠨ ᠰᠢᠨᠡᠳᠬᠡᠮᠡᠷ ᠰᠠᠨᠠᠭᠳᠠᠯ᠎ᠠ᠃ | ᠰᠠᠶᠢᠨᠪᠠᠭᠠᠲᠤᠷ᠄ ᠮᠢᠨᠤ ᠬᠤᠪᠢ ᠳᠤ ᠴᠦ ᠠᠳᠠᠯᠢᠬᠠᠨ᠃ ᠰᠠᠭᠤᠷᠢ ᠪᠦᠲᠦᠭᠡᠨ ᠪᠠᠶᠢᠭᠤᠯᠤᠯᠲᠠ ᠪᠠᠨ ᠡᠬᠢᠯᠡᠵᠦ | ᠴᠢᠨᠠᠷᠵᠢᠭᠤᠯᠤᠨᠠ᠃ ᠬᠥᠮᠥᠨ ᠤ ᠬᠦᠴᠦ ᠶᠢ ᠠᠷᠪᠢᠯᠠᠬᠤ ᠪᠦᠲᠦᠭᠡᠨ ᠪᠠᠶᠢᠭᠤᠯᠤᠯᠲᠠ ᠶᠢ ᠭᠤᠣᠯᠯᠠᠵᠤ ᠬᠢᠨ᠎ᠡ᠂ ᠳᠠᠷᠤᠢ | ᠵᠤᠰᠠᠯᠠᠩ ᠨᠠᠮᠤᠷᠵᠢᠶ᠎ᠠ ᠳᠤ ᠪᠠᠨ ᠮᠠᠯ ᠢᠯᠭᠠᠬᠤ ᠬᠠᠰᠢᠶ᠎ᠠ ᠪᠠᠶᠢᠭᠤᠯᠵᠤ᠂ ᠨᠠᠭᠠᠰᠢ ᠴᠠᠭᠠᠰᠢ ᠠᠷᠪᠢᠨ ᠶᠠᠪᠤᠵᠤ ᠴᠠᠭ ᠬᠦᠴᠦ | ᠵᠠᠷᠤᠴᠠᠭᠤᠯᠬᠤ ᠶᠢ ᠪᠠᠭᠠᠰᠬᠠᠨ᠎ᠠ᠃ ᠡᠭᠦᠨ ᠠᠴᠠ ᠭᠠᠳᠠᠨ᠎ᠠ᠂ ᠪᠡᠯᠴᠢᠭᠡᠷ ᠳᠡᠭᠡᠷ᠎ᠡ ᠪᠠᠨ ᠨᠠᠷᠠᠨ ᠤ ᠡᠨᠧᠷᠭᠢ ᠪᠠᠷ ᠤᠰᠤ | ᠲᠠᠲᠠᠬᠤ ᠬᠤᠳᠳᠤᠭ ᠵᠠᠰᠠᠵᠤ᠂ ᠦᠬᠡᠷ ᠬᠤᠨᠢ ᠪᠠᠨ ᠤᠰᠤᠯᠠᠬᠤ ᠠᠵᠢᠯ ᠢ ᠮᠠᠰᠢᠨᠴᠢᠯᠠᠬᠤ ᠪᠣᠯ ᠬᠠᠮᠤᠭ ᠠᠴᠠ ᠱᠠᠭᠠᠷᠳᠠᠭᠳᠠᠵᠤ | ᠪᠠᠶᠢᠬᠤ ᠵᠦᠢᠯ ᠪᠣᠯᠬᠤᠷ ᠤᠷᠢᠳᠠᠪᠠᠷ ᠡᠨᠡ ᠲᠤᠬᠠᠢ ᠠᠵᠢᠯ ᠢ ᠬᠢᠨ᠎ᠡ᠃ ᠰᠢᠳᠤᠷᠭᠤ ᠠᠬ᠎ᠠ ᠶᠢᠨ ᠶᠠᠷᠢᠭᠰᠠᠨ ᠰᠢᠭ᠂ ᠪᠠᠶᠢᠭᠠᠯᠢ | ᠨᠤᠲᠤᠭ ᠢᠶᠠᠨ ᠬᠠᠮᠠᠭᠠᠯᠠᠬᠤ ᠲᠠᠯ᠎ᠠ ᠪᠠᠷ ᠥᠪᠡᠷ ᠤᠨ ᠪᠡᠶ᠎ᠡ ᠪᠠᠨ ᠴᠢᠩᠭ᠎ᠠ ᠱᠠᠭᠠᠷᠳᠠᠵᠤ᠂ ᠮᠠᠯ ᠪᠡᠯᠴᠢᠭᠡᠷ ᠤᠨ ᠲᠡᠩᠴᠡᠭᠦᠷᠢ | ᠶᠢ ᠪᠠᠲᠤᠯᠠᠬᠤ ᠠᠵᠢᠯ ᠢ ᠰᠠᠶᠢᠨ ᠬᠢᠨ᠎ᠡ᠃ ᠴᠥᠭᠡᠨ ᠮᠠᠯ ᠠᠴᠠ ᠥᠨᠳᠥᠷ ᠦᠷ᠎ᠡ ᠠᠰᠢᠭ ᠭᠦᠷᠳᠡᠭᠦ ᠶᠢ ᠵᠢᠩᠬᠢᠨᠢ ᠰᠠᠶᠢᠨ | ᠪᠡᠶᠡᠯᠡᠭᠦᠯᠬᠦ ᠪᠠᠷ ᠴᠢᠷᠮᠠᠶᠢᠨ᠎ᠠ᠃ | ᠰᠢᠳᠤᠷᠭᠤ᠄ ᠮᠢᠨᠤ ᠬᠤᠪᠢ ᠳᠤ ᠤᠳᠠᠭᠠᠨ ᠵᠢᠯ ᠨᠤᠲᠤᠭ ᠦᠬᠡᠷ ᠢᠶᠠᠨ ᠮᠠᠯᠵᠢᠵᠤ ᠢᠷᠡᠭᠰᠡᠨ ᠮᠠᠯᠴᠢᠨ᠃ ᠭᠡᠬᠦ ᠳᠤ | ᠣᠶᠢᠷ᠎ᠠ ᠶᠢᠨ ᠵᠢᠯ ᠳᠤ ᠮᠠᠯ ᠪᠡᠯᠴᠢᠭᠡᠷ ᠤᠨ ᠲᠡᠩᠴᠡᠭᠦᠷᠢ ᠶᠢ ᠴᠢᠬᠤᠯᠠᠴᠢᠯᠠᠬᠤ ᠦᠭᠡᠢ ᠪᠠᠶᠢᠬᠤ ᠶᠢᠨ ᠠᠷᠭ᠎ᠠ ᠦᠭᠡᠢ | ᠪᠣᠯᠤᠭᠰᠠᠨ ᠢᠶᠠᠷ ᠴᠥᠭᠡᠨ ᠰᠢᠯᠢᠳᠡᠭ ᠮᠠᠯ ᠢᠶᠠᠷ ᠥᠨᠳᠥᠷ ᠦᠷ᠎ᠡ ᠠᠰᠢᠭ ᠲᠤ ᠬᠦᠷᠬᠦ ᠰᠢᠨ᠎ᠡ ᠵᠠᠮ ᠢᠶᠠᠷ ᠵᠠᠮᠨᠠᠬᠤ ᠴᠢᠬᠤᠯᠠᠲᠠᠢ | ᠪᠣᠯᠣᠯ᠎ᠠ᠃ ᠡᠨᠡ ᠲᠤᠬᠠᠢ ᠪᠢ ᠪᠠᠰᠠ ᠬᠡᠳᠦᠨ ᠵᠢᠯ ᠴᠢᠷᠮᠠᠶᠢᠵᠤ ᠢᠷᠡᠭᠰᠡᠨ᠂ ᠭᠡᠪᠡᠴᠦ ᠮᠥᠨ ᠦᠷᠭᠦᠯᠵᠢᠯᠡᠨ ᠰᠤᠷᠤᠯᠴᠠᠬᠤ | ᠴᠢᠬᠤᠯᠠ ᠲᠠᠢ ᠪᠠᠶᠢᠨ᠎ᠠ᠃ ᠲᠡᠶᠢᠮᠦ ᠪᠣᠯᠬᠤᠷ ᠡᠨᠡ ᠤᠳᠠᠭ᠎ᠠ ᠮᠠᠯ ᠤᠨ ᠴᠢᠨᠠᠷ ᠴᠢᠨᠰᠠᠭ᠎ᠠ ᠪᠠᠨ ᠰᠠᠶᠢᠵᠢᠷᠠᠭᠤᠯᠬᠤ ᠭᠡᠵᠦ 30 | ᠴᠡᠪᠡᠷ ᠡᠭᠦᠯᠳᠡᠷ ᠤᠨ ᠰᠢᠮᠧᠨ᠋ᠲ᠋ᠠᠷ ᠪᠢᠷᠠᠭᠤ ᠠᠪᠤᠭᠰᠠᠨ ᠶᠤᠮ᠃ ᠵᠦᠪᠭᠡᠨ ᠪᠤᠳᠤᠭᠠᠳ ᠦᠢᠯᠡᠳᠦᠯᠭᠡᠵᠢᠭᠦᠯᠬᠦ ᠦᠭᠡᠢ ᠪᠣᠯ | ᠨᠤᠲᠤᠭ ᠪᠡᠯᠴᠢᠭᠡᠷ ᠢᠶᠠᠨ ᠬᠠᠶᠢᠷᠠᠯᠠᠨ᠎ᠠ ᠭᠡᠳᠡᠭ ᠦᠭᠡ ᠬᠤᠭᠤᠰᠤᠨ ᠪᠣᠯᠣᠨ᠎ᠠ᠃ | ᠶᠡᠷᠦᠩᠬᠡᠶᠢᠯᠡᠪᠡᠯ᠂ ᠡᠨᠡ ᠭᠤᠷᠪᠠᠨ ᠮᠠᠯᠴᠢᠨ ᠤ ᠬᠥᠭᠵᠢᠭᠰᠡᠨ ᠤᠯᠤᠰ ᠣᠷᠣᠨ ᠤ ᠮᠠᠯ ᠠᠵᠤ ᠠᠬᠤᠢ ᠶᠢᠨ | ᠰᠤᠷᠤᠯᠴᠠᠬᠰᠠᠨ ᠪᠠᠶᠢᠳᠠᠯ ᠠᠴᠠ ᠦᠵᠡᠪᠡᠯ ᠲᠡᠳᠡ ᠪᠤᠰᠤᠳ ᠤᠨ ᠳᠠᠪᠰᠢᠩᠭᠤᠢ ᠵᠦᠢᠯ ᠠᠴᠠ ᠬᠢᠴᠢᠶᠡᠨ ᠰᠤᠷᠤᠯᠴᠠᠬᠤ ᠶᠢᠨ | ᠲᠤᠯᠠᠳᠠ ᠦᠨᠡᠨᠬᠦ ᠰᠡᠳᠬᠢᠯ ᠭᠠᠷᠭᠠᠭᠰᠠᠨ ᠨᠢ ᠶᠠᠷᠢᠶᠠᠨ ᠠᠴᠠ ᠨᠢ ᠮᠡᠳᠡᠭᠳᠡᠵᠦ ᠪᠠᠶᠢᠯ᠎ᠠ᠃ ᠮᠠᠨ ᠤ ᠮᠠᠯᠵᠢᠬᠤ ᠣᠷᠣᠨ ᠳᠤ ᠡᠳᠡ | ᠭᠤᠷᠪᠠ ᠰᠢᠭ ᠳᠠᠪᠰᠢᠩᠭᠤᠢ ᠦᠵᠡᠯ ᠤᠬᠠᠮᠰᠠᠷ ᠲᠠᠢ ᠮᠠᠯᠴᠢᠳ ᠣᠯᠠᠰᠢᠷᠠᠪᠠᠯ ᠮᠠᠨ ᠤ ᠮᠠᠯ ᠠᠵᠤ ᠠᠬᠤᠢ ᠶᠢᠨ ᠬᠥᠭᠵᠢᠯᠲᠡ | ᠰᠢᠨ᠎ᠡ ᠨᠢᠭᠡ ᠱᠠᠲᠤᠨ ᠳᠤ ᠠᠭᠢᠬᠤ ᠨᠢ ᠯᠠᠪᠲᠠᠢ᠃ | | |