6 ᠰᠠᠷ᠎ᠠ ᠶᠢᠨ 14 ᠠᠴᠠ 16 ᠤ ᠡᠳᠦᠷ᠂ 2025 ᠣᠨ ᠤ ᠪᠠᠷᠠᠭᠤᠨ ᠦᠵᠦᠮᠦᠴᠢᠨ ᠬᠤᠰᠢᠭᠤᠨ ᠤ | ᠴᠠᠭᠠᠨ ᠠᠳᠤᠭᠤᠨ ᠤ ᠭᠤᠣᠯ ᠰᠡᠳᠦᠪᠲᠦ ᠭᠡᠷᠡᠯ ᠵᠢᠷᠤᠭ ᠤᠨ ᠨᠠᠭᠠᠳᠤᠮ ᠤᠨ ᠰᠢᠷᠢᠰ ᠠᠵᠢᠯᠯᠠᠭ᠎ᠠ ᠶᠢᠨ ᠨᠢᠭᠡᠳᠦᠭᠡᠷ | ᠬᠤᠭᠤᠴᠠᠭᠠᠨ ᠤ ᠠᠵᠢᠯᠯᠠᠭ᠎ᠠ ᠶᠠᠪᠤᠭᠳᠠᠵᠤ᠂ ᠪᠡᠭᠡᠵᠢᠩ᠂ ᠵᠢᠶᠠᠩᠰᠤ᠂ ᠾᠧᠨᠠᠨ ᠵᠡᠷᠭᠡ ᠭᠠᠵᠠᠷ ᠣᠷᠣᠨ ᠤ 1200 | ᠭᠠᠷᠤᠢ ᠬᠡᠷᠡᠯ ᠵᠢᠷᠤᠭ ᠤᠨ ᠪᠠᠭ᠋ᠠᠳᠠᠳ ᠵᠢᠴᠢ ᠵᠢᠭᠤᠯᠴᠢᠯᠠᠭᠰᠠᠳ ᠣᠷᠣᠯᠴᠠᠪᠠ᠃ | | | | | ᠲᠤᠰ ᠤᠳᠠᠭᠠᠨ ᠤ ᠰᠢᠷᠢᠰ ᠠᠵᠢᠯᠯᠠᠭ᠎ᠠ ᠶᠢ ᠪᠠᠷᠠᠭᠤᠨ ᠦᠵᠦᠮᠦᠴᠢᠨ ᠬᠤᠰᠢᠭᠤᠨ ᠤ ᠬᠡᠷᠡᠯ ᠵᠢᠷᠤᠭᠴᠢᠳ ᠤᠨ | ᠨᠡᠶᠢᠭᠡᠮᠯᠢᠭ᠂ ᠠᠯᠲᠠᠢ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢᠨ ᠬᠢᠵᠠᠭᠠᠷᠲᠤ ᠺᠣᠮᠫᠠᠨᠢ ︵ᠴᠠᠭᠠᠨ | ᠠᠳᠣᠭᠤᠨ ᠤ ᠰᠠᠭᠤᠷᠢᠨ ᠭᠠᠵᠠᠷ︶᠂ ᠴᠠᠭᠠᠨ ᠠᠳᠣᠭᠤᠨ ᠤ ᠰᠣᠶᠣᠯ ᠤᠨ ᠬᠦᠷᠢᠶᠡᠯᠡᠩ ︵ᠬᠤᠨᠳᠣ ᠨᠠᠭᠤᠷ ᠮᠠᠯᠴᠢᠨ | ᠠᠶᠢᠯ ᠤᠨ ᠵᠤᠰᠠᠭᠠᠯ︶᠂ ᠯᠢᠦᠢ ᠶᠧ ᠵᠢᠭᠤᠯᠴᠢᠯᠠᠯ ᠤᠨ ᠬᠢᠵᠠᠭᠠᠷᠲᠤ ᠺᠣᠮᠫᠠᠨᠢ᠂ ᠴᠢᠩ ᠴᠢᠤᠸᠠᠨ ᠨᠡᠭᠦᠳᠡᠯ | ᠮᠠᠯᠵᠢᠯ ᠤᠨ ᠰᠣᠶᠣᠯ ᠢ ᠪᠡᠶᠡᠴᠢᠯᠡᠨ ᠣᠶᠢᠯᠠᠭᠠᠬᠤ ᠭᠠᠵᠠᠷ ᠬᠠᠮᠲᠤᠷᠠᠨ ᠡᠷᠭᠢᠯᠡᠪᠡ᠃ | | | | | | ᠬᠤᠶᠠᠷ ᠡᠳᠦᠷ ᠦᠨᠠᠵᠢᠯᠯᠠᠭᠠ ᠳᠤ᠂ ᠡᠯ᠎ᠠ ᠭᠠᠵᠠᠷ ᠠᠴᠠ ᠭᠦᠷᠦᠯᠴᠡᠨ ᠢᠷᠡᠭᠰᠡᠨ ᠬᠡᠷᠡᠯ ᠵᠢᠷᠤᠭ ᠤᠨ ᠪᠠᠭ᠋ᠠᠳᠠᠳ | ᠨᠢ ᠴᠠᠭᠠᠨ ᠠᠳᠣᠭᠤᠨ ᠤ ᠰᠠᠭᠤᠷᠢᠨ ᠭᠠᠵᠠᠷ᠂ ᠴᠠᠭᠠᠨ ᠠᠳᠣᠭᠤᠨ ᠤ ᠰᠣᠶᠣᠯ ᠤᠨ ᠬᠦᠷᠢᠶᠡᠯᠡᠩ ᠵᠡᠷᠬᠡ | ᠦᠵᠡᠮᠵᠢ ᠶᠢᠨ ᠤᠷᠤᠨ ᠢᠶᠠᠷ ᠭᠦᠷᠴᠦ᠂ ᠴᠠᠭᠠᠨ ᠠᠳᠣᠭᠤᠨ ᠤ ᠭᠤᠣᠯ ᠰᠠᠳᠣᠪᠳᠣ ᠬᠡᠷᠡᠯ ᠵᠢᠷᠤᠭ ᠰᠠᠬᠦᠳᠠᠷᠯᠠᠨ᠂ | ᠪᠠᠷᠠᠭᠤᠨ ᠦᠵᠦᠮᠦᠴᠢᠨ ᠬᠤᠰᠢᠭᠤᠨ ᠤ ᠪᠠᠶᠢᠭᠠᠯᠢ ᠶᠢᠨ ᠦᠩᠬᠡ ᠦᠵᠡᠮᠵᠢ᠂ ᠰᠣᠶᠤᠯ ᠢᠷᠬᠡᠨᠰᠢᠯ ᠤᠨ ᠠᠭᠤᠯᠬᠤᠨ ᠢ | ᠣᠯᠠᠨ ᠬᠠᠷᠠᠭᠠᠰᠤ ᠠᠴᠠ ᠪᠦᠬᠦ ᠲᠠᠯ᠎ᠠ ᠪᠠᠷ ᠬᠠᠷᠠᠭᠤᠯᠵᠠᠢ᠃ | ᠣᠶᠢᠯᠠᠭᠠᠭᠰᠠᠨ ᠢᠶᠠᠷ᠂ ᠲᠣᠰ ᠤᠳᠠᠭᠠᠨ ᠤ ᠰᠢᠷᠢᠰ ᠠᠵᠢᠯᠯᠠᠭ᠎ᠠ ᠨᠢ 7 ᠰᠠᠷ᠎ᠠ ᠶᠢᠨ ᠳᠤᠮᠳᠠᠴᠢ ᠰᠡᠭᠦᠯᠴᠢ | ᠪᠣᠯᠲᠠᠯ᠎ᠠ ᠶᠠᠪᠤᠭᠲᠠᠵᠣ᠂ ᠪᠥᠬᠦ ᠤᠯᠤᠰ ᠤᠨ ᠡᠯ᠎ᠠ ᠭᠠᠵᠠᠷ ᠤᠷᠤᠨ ᠤ ᠵᠢᠭᠤᠯᠴᠢᠯᠠᠭᠰᠠᠳ ᠵᠢᠴᠢ ᠬᠡᠷᠡᠯ ᠵᠢᠷᠤᠭ ᠤᠨ | ᠪᠠᠭ᠋ᠠᠳᠠᠳ ᠲᠤ ᠪᠠᠷᠠᠭᠤᠨ ᠦᠵᠦᠮᠦᠴᠢᠨ ᠬᠤᠰᠢᠭᠤᠨ ᠤ ᠲᠠᠯ᠎ᠠ ᠨᠤᠲᠤᠭ ᠤᠨ ᠰᠦᠷᠯᠢᠭ ᠰᠠᠶᠢᠬᠠᠨ ᠥᠩᠭᠡ ᠦᠵᠡᠮᠵᠢ | ᠂ ᠭᠦᠨ ᠵᠤᠵᠠᠭᠠᠨ ᠰᠣᠶᠣᠯ ᠤᠨ ᠠᠭᠤᠯᠬᠤᠨ ᠢ ᠪᠠᠶᠠᠴᠢᠯᠠᠨ ᠦᠢᠯᠠᠭᠠᠬᠤ ᠲᠠᠪᠴᠠᠩ ᠬᠠᠩᠭᠠᠵᠦ᠂ ᠪᠠᠷᠠᠭᠤᠨ | ᠦᠵᠦᠮᠦᠴᠢᠨ ᠬᠤᠰᠢᠭᠤᠨ ᠤ ᠪᠠᠨ ᠨᠠᠷ᠎ᠡ ᠠᠯᠳᠠᠷᠰᠢᠯ ᠵᠢᠴᠢ ︽ᠳᠤᠮᠳᠠᠳᠤ ᠤᠯᠤᠰ ᠤᠨ ᠴᠠᠭᠠᠨ ᠠᠳᠣᠭᠤᠨ ᠤ | ᠨᠤᠲᠤᠭ︾ ᠤᠨ ᠨᠦᠯᠦᠬᠡᠯᠡᠬᠦ ᠬᠦᠴᠦᠨ ᠢ ᠪᠦᠬᠦ ᠲᠠᠯ᠎ᠠ ᠪᠠᠷ ᠲᠡᠭᠡᠭᠰᠢᠯᠠᠬᠦᠯᠬᠦ ᠪᠤᠯᠤᠨ᠎ᠠ᠃ | |