6 ᠰᠠᠷ᠎ᠠ ᠶᠢᠨ 18 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠪᠦᠦ ᠯᠢᠨ ᠠᠷᠪᠠᠨ | ᠭᠤᠷᠪᠠᠳᠤᠭᠠᠷ ᠬᠤᠭᠤᠴᠠᠭᠠᠨ ᠤ ᠬᠤᠰᠢᠭᠤ ᠨᠠᠮ ᠤᠨ ᠬᠤᠷᠢᠶᠠᠨ ᠤ 120 ᠳ᠋ᠤᠭᠠᠷ ᠤᠳᠠᠭᠠᠨ ᠤ ᠪᠠᠶᠢᠩᠭᠤ ᠶᠢᠨ | ᠬᠤᠷᠢᠶᠠᠨ ᠤ ᠬᠤᠷᠠᠯ ᠢ ᠡᠷᠭᠢᠯᠡᠨ ᠬᠤᠷᠠᠯᠳᠤᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠣᠶᠢᠷ᠎ᠠ ᠶᠢᠨ | ᠬᠤᠭᠤᠴᠠᠭᠠᠨ ᠤ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠠ ᠪᠠᠶᠠᠷ ᠤᠨ ᠵᠠᠬᠢᠳᠠᠯ ᠤᠨ ᠵᠣᠷᠢᠭ | ᠰᠠᠨᠠᠭ᠎ᠠ ᠶᠢ ᠤᠯᠠᠮᠵᠢᠯᠠᠨ᠂ ︽ᠨᠠᠮ ᠵᠠᠰᠠᠭ ᠤᠨ ᠪᠠᠶᠢᠭᠤᠯᠭ᠎ᠠ ᠳᠤ ᠠᠷᠪᠢᠯᠠᠨ ᠭᠠᠮᠨᠠᠬᠤ ᠶᠢ ᠴᠢᠩᠭ᠎ᠠ ᠬᠡᠷᠡᠭᠵᠢᠭᠦᠯᠵᠦ | ᠪᠦᠷᠢᠯᠭᠡᠨ ᠰᠦᠢᠳᠬᠡᠬᠦ ᠶᠢ ᠡᠰᠡᠷᠭᠦᠴᠡᠬᠦ ᠳᠦᠷᠢᠮ︾ ᠵᠢᠴᠢ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶᠠᠨ ᠤ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ᠂ ᠲᠣᠭᠲᠠᠭᠠᠯ ᠠᠴᠠ ᠵᠥᠷᠢᠴᠡᠨ | ᠪᠡᠯᠡᠭ ᠰᠡᠯᠲᠡ ᠪᠠ ᠵᠣᠭᠤᠰ ᠮᠥᠩᠭᠦ ᠬᠤᠷᠢᠶᠠᠬᠤ ᠪᠤᠶᠤ ᠬᠦᠷᠭᠡᠬᠦ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠲᠤᠬᠠᠢ | ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠬᠠᠮᠢᠶ᠎ᠠ ᠪᠦᠬᠦᠢ ᠠᠵᠢᠯ ᠢ | ᠰᠤᠳᠤᠯᠵᠤ ᠬᠢᠨᠠᠨ ᠵᠥᠪᠯᠡᠪᠡ᠃ | ᠬᠤᠷᠠᠯ ᠠᠴᠠ᠂ ᠪᠥᠬᠦ ᠬᠤᠰᠢᠭᠤᠨ ᠤ ᠳᠡᠭᠡᠳᠦ ᠳᠣᠣᠷᠠᠳᠤ ᠱᠠᠲᠤᠨ ᠤ ᠬᠢᠨ ᠰᠢ ᠶᠢᠨ ᠫᠢᠩ ᠶᠡᠷᠦᠩᠬᠡᠢ | ᠱᠦᠵᠢ ᠶᠢᠨ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ | ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ︽ᠠᠷᠪᠠᠨ | ᠲᠠᠪᠤᠳᠤᠭᠠᠷ ᠲᠠᠪᠤᠨ ᠵᠢᠯ︾ ᠤᠨ ᠬᠤᠭᠤᠴᠠᠭᠠᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢ ᠰᠢᠨᠵᠢᠯᠡᠬᠦ | ᠤᠬᠠᠭᠠᠨᠴᠢ ᠪᠠᠷ ᠲᠥᠯᠥᠪᠵᠢᠭᠦᠯᠦᠨ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠬᠤᠭᠤᠴᠠᠭᠠᠨ ᠤ ᠲᠥᠷᠥᠯ | ᠵᠦᠢᠯ ᠢ ᠲᠥᠰᠥᠪᠯᠡᠬᠦ ᠠᠵᠢᠯ ᠢ ᠤᠷᠢᠳᠴᠢᠯᠠᠨ ᠰᠠᠶᠢᠲᠤᠷ ᠬᠢᠵᠦ᠂ ᠴᠢᠨᠠᠷ ᠰᠠᠶᠢᠲᠠᠢ ᠲᠥᠷᠥᠯ ᠵᠦᠢᠯ ᠢᠶᠠᠷ ᠴᠢᠨᠠᠷ | ᠰᠠᠶᠢᠲᠠᠢ ᠬᠥᠭᠵᠢᠯᠲᠡ ᠶᠢ ᠲᠤᠯᠭᠠᠭᠤᠷᠢᠯᠠᠬᠤ ᠬᠡᠷᠡᠭᠲᠡᠢ᠃ ᠰᠢ ᠶᠢᠨ ᠫᠢᠩ ᠶᠡᠷᠦᠩᠬᠡᠢ ᠱᠦᠵᠢ ᠶᠢᠨ ᠣᠶᠤᠨ ᠤ | ᠪᠣᠯᠪᠠᠰᠤᠨ ᠤ ᠪᠠᠶᠢᠭᠤᠯᠤᠯᠲᠠ ᠶᠢᠨ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ | ᠰᠤᠷᠤᠯᠴᠠᠨ ᠲᠤᠤᠱᠯᠠᠭᠤᠯᠵᠤ᠂ ᠪᠣᠯᠪᠠᠰᠤᠨ ᠢ ᠬᠥᠭᠵᠢᠭᠦᠯᠬᠦ᠂ ᠪᠣᠯᠪᠠᠰᠤᠨ ᠢ ᠦᠢᠯᠡᠳᠦᠯᠭᠡᠵᠢᠭᠦᠯᠬᠦ᠂ ᠪᠣᠯᠪᠠᠰᠤᠨ ᠢ | ᠡᠭᠦᠳᠦᠨ ᠪᠠᠶᠢᠭᠤᠯᠬᠤ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠨᠠᠮ ᠤᠨ ᠰᠢᠨ᠎ᠡ ᠶᠢ ᠡᠭᠦᠳᠬᠦ ᠤᠨᠤᠯ ᠢᠶᠠᠷ | ᠰᠡᠳᠬᠢᠯ ᠢ ᠨᠢᠭᠲᠠᠷᠠᠭᠤᠯᠤᠨ ᠰᠦᠭ ᠰᠦᠨᠡᠰᠦ ᠶᠢ ᠱᠤᠭᠤᠬᠤ ᠶᠢ ᠴᠥᠬᠦᠷᠡᠰᠢ ᠦᠭᠡᠢ ᠪᠠᠷᠢᠮᠲᠠᠯᠠᠵᠤ᠂ ᠰᠢ ᠶᠢᠨ ᠫᠢᠩ | ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ | ᠰᠠᠶᠢᠲᠤᠷ ᠰᠤᠷᠤᠯᠴᠠᠨ ᠣᠶᠢᠯᠠᠭᠠᠵᠤ᠂ ᠪᠦᠬᠦ ᠨᠡᠶᠢᠭᠡᠮ ᠳᠤ ᠬᠦᠴᠦᠷᠬᠡᠭ ᠶᠡᠭᠡ ᠦᠷᠳᠡᠭ ᠤᠨ ᠬᠥᠲᠥᠯᠥᠨ | ᠵᠢᠯᠤᠭᠤᠳᠬᠤ ᠬᠦᠴᠦᠨ᠂ ᠰᠣᠶᠣᠯ ᠤᠨ ᠨᠢᠭᠲᠠᠷᠠᠯ ᠤᠨ ᠬᠦᠴᠦᠨ᠂ ᠤᠶᠤᠨ ᠰᠠᠨᠠᠭᠠᠨ ᠤ ᠠᠬᠢᠭᠤᠯᠬᠤ ᠢ ᠬᠦᠴᠦᠨ | ᠬᠠᠩᠭᠠᠬᠤ ᠪᠠᠷ ᠴᠢᠷᠮᠠᠶᠢᠬᠤ ᠬᠡᠷᠡᠭᠲᠡᠢ᠃ ᠰᠢ ᠶᠢᠨ ᠫᠢᠩ ᠶᠡᠷᠦᠩᠬᠡᠢ ᠱᠦᠵᠢ ᠶᠢᠨ ᠾᠧᠨᠠᠨ ᠮᠤᠵᠢ ᠳᠤ ᠠᠵᠢᠯ | ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ | ᠦᠢᠯᠡᠳᠬᠦ ᠦᠢᠯᠡᠰ ᠤᠨ ᠬᠡᠯᠬᠢᠶ᠎ᠡ ᠶᠢ ᠴᠢᠩᠭᠠᠳᠬᠠᠨ ᠬᠥᠭᠵᠢᠭᠦᠯᠵᠦ᠂ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ | ᠤᠨ ᠬᠡᠯᠬᠢᠶ᠎ᠡ ᠶᠢ ᠤᠷᠲᠤᠳᠬᠠᠬᠤ᠂ ᠤᠯᠠᠮᠵᠢᠯᠠᠯᠲᠤ ᠠᠵᠤ ᠦᠢᠯᠡᠰ ᠤᠨ ᠬᠡᠯᠬᠢᠶ᠎ᠡ ᠶᠢ ᠨᠥᠬᠦᠪᠦᠷᠢᠯᠡᠨ | ᠳᠡᠭᠡᠭᠰᠢᠯᠡᠭᠦᠯᠬᠦ ᠶᠢ ᠠᠬᠢᠭᠤᠯᠵᠤ᠂ ᠨᠡᠶᠢᠭᠡᠮ ᠤᠨ ᠵᠠᠰᠠᠯᠲᠠ ᠶᠢᠨ ᠲᠦᠪᠰᠢᠨ ᠢ ᠳᠠᠰᠤᠷᠠᠯᠳᠠ ᠦᠭᠡᠢ ᠳᠡᠭᠡᠭᠰᠢᠯᠡᠭᠦᠯᠦᠨ | ᠂ ᠦᠨᠳᠦᠰᠦᠨ ᠱᠠᠲᠤᠨ ᠤ ᠵᠠᠰᠠᠯᠲᠠ ᠶᠢᠨ ᠰᠢᠰᠲ᠋ᠧᠮ ᠢ ᠪᠦᠷᠢᠨᠰᠢᠭᠦᠯᠵᠦ᠂ ᠵᠥᠷᠢᠴᠡᠯ ᠵᠠᠭᠤᠷᠠᠯᠳᠤᠭᠠᠨ ᠢ ᠤᠯᠠᠨ ᠡᠰᠢ | ᠠᠴᠠ ᠰᠢᠢᠳᠪᠦᠷᠢᠯᠡᠬᠦ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠢ ᠭᠡᠵᠦ ᠱᠠᠭᠠᠷᠳᠠᠪᠠ᠃ | ᠬᠤᠷᠠᠯ ᠠᠴᠠ᠂ ᠪᠦᠬᠦ ᠬᠤᠰᠢᠭᠤ ᠪᠠᠷ ᠢᠶᠠᠨ ᠰᠢ ᠶᠢᠨ ᠫᠢᠩ ᠶᠡᠷᠦᠩᠬᠡᠢ ᠱᠦᠵᠢ ᠶᠢᠨ ᠪᠦᠬᠦ ᠤᠯᠤᠰ ᠤᠨ | ᠭᠤᠴᠢᠨ ᠲᠠᠪᠤᠳᠠᠬᠢ ᠵᠡᠮᠳᠡᠭᠴᠦᠳ ᠢ ᠲᠤᠰᠠᠯᠠᠬᠤ ᠡᠳᠦᠷ ᠬᠦᠷᠴᠦ ᠢᠷᠡᠬᠦ ᠲᠠᠰᠢᠷᠠᠮ ᠳᠤ ᠭᠠᠷᠭᠠᠭᠰᠠᠨ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠨᠠᠮ ᠤᠨ ᠬᠤᠷᠢᠶᠠᠨ ᠠᠴᠠ | ᠤᠳᠤᠷᠢᠳᠴᠤ ᠵᠠᠰᠠᠭ ᠤᠨ ᠣᠷᠳᠣᠨ ᠬᠠᠷᠢᠭᠤᠴᠠᠬᠤ ᠶᠢ ᠪᠠᠷᠢᠮᠲᠠᠯᠠᠨ᠂ ᠵᠡᠮᠳᠡᠭᠴᠦᠳ ᠤᠨ ᠠᠵᠢᠯ ᠢ ᠴᠢᠩᠭ᠎ᠠ | ᠠᠳᠬᠤᠵᠤ᠂ ᠵᠡᠮᠳᠡᠭᠴᠦᠳ ᠤᠨ ᠬᠦᠴᠢᠷ ᠠᠰᠠᠭᠤᠳᠠᠯ ᠢ ᠰᠢᠢᠳᠪᠦᠷᠢᠯᠡᠨ ᠥᠭᠴᠦ᠂ ᠵᠡᠮᠳᠡᠭᠴᠦᠳ ᠢ ᠣᠶᠢᠯᠠᠭᠠᠬᠤ᠂ | ᠬᠦᠨᠳᠦᠳᠬᠡᠬᠦ᠂ ᠬᠠᠯᠠᠮᠵᠢᠯᠠᠨ ᠬᠠᠶᠢᠷᠠᠯᠠᠬᠤ᠂ ᠬᠠᠪᠰᠤᠷᠬᠤ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ | ᠢᠳᠡᠪᠬᠢᠲᠡᠢ ᠪᠠᠷ ᠪᠤᠢ ᠪᠣᠯᠭᠠᠬᠤ ᠬᠡᠷᠡᠭᠲᠡᠢ᠃ ᠰᠢ ᠶᠢᠨ ᠫᠢᠩ ᠶᠡᠷᠦᠩᠬᠡᠢ ᠱᠦᠵᠢ ᠶᠢᠨ ᠳᠤᠮᠳᠠᠳᠤ ᠤᠯᠤᠰ ᠤᠨ | ᠪᠠᠭᠠᠴᠤᠳ ᠤᠨ ᠬᠤᠰᠢᠭᠤᠴᠢ ᠠᠩᠭᠢ ᠶᠢᠨ ᠶᠢᠰᠦᠳᠦᠭᠡᠷ ᠤᠳᠠᠭᠠᠨ ᠤ ᠪᠦᠬᠦ ᠤᠯᠤᠰ ᠤᠨ ᠲᠥᠯᠥᠭᠡᠯᠡᠭᠴᠢᠳ ᠤᠨ | ᠶᠡᠭᠡ ᠬᠤᠷᠠᠯ ᠳᠤ ᠢᠯᠡᠭᠡᠭᠰᠡᠨ ᠪᠠᠶᠠᠷ ᠤᠨ ᠵᠠᠬᠢᠳᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ | ᠲᠤᠤᠱᠯᠠᠭᠤᠯᠵᠤ᠂ ᠦᠵᠡᠯ ᠰᠠᠨᠠᠭ᠎ᠠ ᠤᠯᠤᠰ ᠲᠦᠷᠦ ᠪᠠᠷ ᠬᠥᠲᠥᠯᠥᠨ ᠳᠠᠭᠠᠭᠤᠯᠬᠤ᠂ ᠰᠣᠶᠣᠯ ᠪᠡᠶ᠎ᠡ ᠶᠢᠨ ᠲᠠᠮᠢᠷ ᠤᠨ | ᠰᠢᠨ᠎ᠡ ᠶᠢ ᠡᠭᠦᠳᠬᠦ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ᠂ ᠶᠣᠰᠣ ᠰᠤᠷᠲᠠᠬᠤᠨ ᠤ ᠬᠥᠮᠦᠵᠢᠯ᠂ ᠭᠤᠸ᠎ᠠ | ᠰᠠᠶᠢᠬᠠᠨ ᠤ ᠬᠥᠮᠦᠵᠢᠯ ᠵᠡᠷᠭᠡ ᠶᠢ ᠴᠢᠩᠭᠠᠳᠬᠠᠨ᠂ ᠥᠷᠭᠡᠨ ᠤᠯᠠᠨ ᠪᠠᠭᠠᠴᠤᠳ ᠤᠨ ᠬᠤᠰᠢᠭᠤᠴᠢ ᠠᠩᠭᠢ ᠶᠢᠨ | ᠭᠡᠰᠢᠭᠦᠳ ᠤᠨ ᠨᠠᠮ ᠢᠶᠠᠨ ᠬᠠᠶᠢᠷᠠᠯᠠᠵᠤ ᠤᠯᠤᠰ ᠢᠶᠠᠨ ᠬᠠᠶᠢᠷᠠᠯᠠᠨ᠂ ᠴᠢᠷᠮᠠᠶᠢᠨ ᠰᠤᠷᠤᠯᠴᠠᠵᠤ᠂ ᠪᠦᠬᠦ ᠲᠠᠯ᠎ᠠ ᠪᠠᠷ | ᠬᠥᠭᠵᠢᠭᠰᠡᠨ ᠰᠢᠨ᠎ᠡ ᠴᠠᠭ ᠦᠶ᠎ᠡ ᠶᠢᠨ ᠰᠠᠶᠢᠨ ᠪᠠᠭᠠᠴᠤᠳ ᠪᠣᠯᠬᠤ ᠪᠠᠷ ᠴᠢᠷᠮᠠᠶᠢᠬᠤ ᠶᠢ ᠬᠥᠮᠥᠵᠢᠭᠦᠯᠦᠨ | ᠳᠠᠭᠠᠭᠤᠯᠵᠤ ᠬᠡᠷᠡᠭᠲᠡᠢ᠃ ᠶᠡᠷᠦᠩᠬᠡᠢ ᠱᠦᠵᠢ ᠶᠢᠨ ᠳᠤᠮᠳᠠᠳᠤ ᠤᠯᠤᠰ ᠤᠨ ᠬᠤᠷᠢᠳᠤᠭᠠᠷ ᠬᠤᠭᠤᠴᠠᠭᠠᠨ ᠤ ᠪᠠᠷᠠᠭᠤᠨ | ᠣᠷᠣᠨ ᠤ ᠤᠯᠠᠨ ᠤᠯᠤᠰ ᠤᠨ ᠦᠵᠡᠰᠬᠦᠯᠡᠩ ᠤᠨ ᠴᠤᠭᠯᠠᠭᠠᠨ ᠳᠤ ᠢᠯᠡᠭᠡᠭᠰᠡᠨ ᠪᠠᠶᠠᠷ ᠤᠨ ᠵᠠᠬᠢᠳᠠᠯ ᠤᠨ ᠵᠣᠷᠢᠭ | ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠲᠤᠰ ᠪᠡᠶ᠎ᠡ ᠶᠢᠨ ᠳᠠᠪᠠᠭᠤᠯᠢᠭ ᠢᠶᠠᠨ ᠪᠠᠳᠠᠷᠠᠭᠤᠯᠵᠤ᠂ | ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠨ ᠠᠵᠢᠯ ᠶᠠᠪᠤᠳᠠᠯ ᠬᠢᠵᠦ᠂ ᠪᠡᠭᠡᠵᠢᠩ᠂ ᠲᠢᠶᠠᠨᠵᠢᠨ᠂ ᠾᠧᠪᠧᠢ ᠵᠢᠴᠢ | ᠵᠡᠭᠦᠨ ᠬᠤᠶᠢᠲᠤ ᠶᠢᠨ ᠭᠤᠷᠪᠠᠨ ᠮᠤᠵᠢ ᠯᠦᠭᠡ ᠶᠢᠨ ᠠᠵᠤ ᠠᠬᠤᠢ ᠠᠷᠠᠯᠵᠢᠶᠠᠨ ᠤ ᠬᠠᠮᠲᠤᠷᠠᠯᠴᠠᠭ᠎ᠠ ᠪᠣᠯᠣᠨ ᠰᠣᠶᠣᠯ | ᠢᠷᠭᠡᠨᠰᠢᠯ ᠤᠨ ᠰᠣᠯᠢᠯᠴᠠᠭ᠎ᠠ ᠪᠠᠨ ᠦᠷᠭᠦᠯᠵᠢᠯᠡᠨ ᠭᠦᠨᠵᠡᠭᠡᠶᠢᠷᠡᠭᠦᠯᠵᠦ᠂ ᠨᠡᠩ ᠶᠡᠭᠡ ᠡᠷᠴᠢᠮ ᠢᠶᠠᠷ ᠵᠠᠮ ᠢ | ᠥᠷᠭᠡᠳᠬᠡᠨ᠂ ᠵᠠᠩᠭᠢᠯᠠᠭ᠎ᠠ ᠶᠢ ᠴᠢᠩᠭᠠᠳᠬᠠᠵᠤ᠂ ᠲᠣᠣᠷ ᠢ ᠰᠢᠯᠢᠳᠡᠭᠵᠢᠭᠦᠯᠦᠨ᠂ ᠲᠠᠪᠴᠠᠩ ᠢ ᠪᠠᠶᠢᠭᠤᠯᠵᠤ᠂ ᠠᠵᠤ | ᠦᠢᠯᠡᠰ ᠢ ᠨᠢᠭᠲᠠᠷᠠᠭᠤᠯᠤᠨ᠂ ᠨᠡᠭᠡᠭᠡᠯᠲᠡᠲᠤ ᠬᠡᠯᠪᠡᠷᠢ ᠶᠢᠨ ᠠᠵᠤ ᠠᠬᠤᠢ ᠶᠢᠨ ᠲᠦᠪᠰᠢᠨ ᠢ ᠲᠠᠰᠤᠷᠠᠯᠲᠠ ᠦᠭᠡᠢ | ᠳᠡᠭᠡᠭᠰᠢᠯᠡᠭᠦᠯᠬᠦ ᠬᠡᠷᠡᠭᠲᠡᠢ᠃ ᠰᠢ ᠶᠢᠨ ᠫᠢᠩ ᠶᠡᠷᠦᠩᠬᠡᠢ ᠱᠦᠵᠢ ᠶᠢᠨ 2025 ᠣᠨ ᠤ ᠱᠠᠩᠬᠠᠢ ᠶᠢᠨ | ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠶᠠᠳᠠᠭᠤ ᠬᠦᠴᠢᠷᠳᠡᠯᠲᠡᠢ ᠬᠥᠮᠥᠨ ᠠᠮᠠ ᠶᠢ ᠪᠠᠭᠠᠰᠬᠠᠬᠤ ᠪᠠ | ᠦᠷᠭᠦᠯᠵᠢᠯᠡᠬᠦᠶᠢᠴᠡ ᠬᠥᠭᠵᠢᠯᠲᠡ ᠶᠢᠨ ᠶᠠᠷᠢᠶᠠᠨ ᠤ ᠲᠠᠪᠴᠠᠩ ᠳᠤ ᠢᠯᠡᠭᠡᠭᠰᠡᠨ ᠪᠠᠶᠠᠷ ᠤᠨ ᠵᠠᠬᠢᠳᠠᠯ ᠤᠨ ᠵᠣᠷᠢᠭ | ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ | ᠤᠷᠳᠤ ᠬᠤᠭᠤᠴᠠᠭ᠎ᠠ ᠪᠠᠷ ᠪᠠᠬᠢᠵᠢᠭᠦᠯᠦᠨ ᠥᠷᠭᠡᠳᠬᠡᠵᠦ᠂ ᠲᠠᠬᠢᠨ ᠶᠠᠳᠠᠭᠤᠷᠠᠬᠤ ᠪᠣᠯᠣᠮᠵᠢᠲᠠᠢ ᠬᠦᠮᠦᠰ ᠢ | ᠬᠥᠳᠡᠯᠦᠩᠭᠦᠢ ᠪᠠᠷ ᠮᠥᠷᠳᠡᠨ ᠬᠢᠨᠠᠨ ᠬᠡᠮᠵᠢᠬᠦ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠳᠠᠬᠢᠨ ᠶᠠᠳᠠᠭᠤᠷᠠᠬᠤ ᠶᠢ | ᠰᠡᠷᠭᠡᠶᠢᠯᠡᠬᠦ ᠬᠡᠪᠴᠢᠶᠡᠵᠢᠭᠰᠡᠨ ᠴᠢᠨᠠᠷᠲᠠᠢ ᠬᠤᠷᠢᠭ᠎ᠠ ᠱᠤᠭᠤᠮ ᠢ ᠪᠠᠲᠤᠳᠬᠠᠬᠤ ᠬᠡᠷᠡᠭᠲᠡᠢ ᠭᠡᠵᠦ ᠱᠠᠭᠠᠷᠳᠠᠪᠠ᠃ | ᠬᠤᠷᠠᠯ ᠠᠴᠠ᠂ ᠡᠯ᠎ᠡ ᠱᠠᠲᠤᠨ ᠤ ᠤᠳᠤᠷᠢᠳᠬᠤ ᠺᠠᠳ᠋ᠷ ᠤᠯᠤᠰ ᠲᠥᠷᠥ ᠶᠢᠨ ᠵᠣᠭᠰᠣᠴᠠ ᠪᠠᠨ | ᠳᠡᠭᠡᠭᠰᠢᠯᠡᠭᠦᠯᠵᠦ᠂ ᠪᠡᠶ᠎ᠡ ᠪᠠᠷ ᠢᠶᠠᠨ ᠬᠡᠪ ᠳᠦᠷᠢᠮ ᠦᠵᠡᠭᠦᠯᠵᠦ᠂ ᠲᠣᠭᠲᠠᠭᠠᠯ ᠠᠴᠠ ᠵᠥᠷᠢᠴᠡᠨ ᠢᠳᠡᠵᠦ | ᠤᠤᠭᠤᠭᠰᠠᠨ ᠳᠣᠪᠣᠶᠢᠮ᠎ᠠ ᠬᠡᠷᠡᠭ ᠤᠨ ᠵᠢᠱᠢᠶ᠎ᠡ ᠠᠴᠠ ᠭᠦᠨᠵᠡᠭᠡᠢ ᠰᠤᠷᠭᠠᠮᠵᠢ ᠠᠪᠴᠤ᠂ ᠲᠣᠭᠲᠠᠭᠠᠯ ᠠᠴᠠ | ᠵᠥᠷᠢᠴᠡᠨ ᠢᠳᠡᠵᠦ ᠤᠤᠭᠤᠬᠤ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠴᠢᠩᠭ᠎ᠠ ᠠᠳᠬᠤᠵᠤ᠂ ᠪᠥᠬᠦ | ᠬᠤᠰᠢᠭᠤᠨ ᠤ ᠨᠠᠮ ᠤᠨ ᠭᠡᠰᠢᠭᠦᠨ᠂ ᠺᠠᠳ᠋ᠷᠴᠤᠳ ᠤᠨ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠢ ᠣᠨᠣᠪᠴᠢᠲᠠᠶ | ᠡᠵᠡᠮᠰᠢᠬᠦ ᠶᠢ ᠬᠥᠲᠥᠯᠥᠨ ᠵᠢᠯᠤᠭᠤᠳᠴᠤ᠂ ︽ᠪᠠᠭ᠎ᠠ ᠶᠠᠪᠤᠳᠠᠯ ᠤᠨ ᠣᠨᠣᠯ︾ ︽ᠬᠥᠭᠵᠢᠯᠲᠡ ᠶᠢ ᠨᠥᠯᠥᠭᠡᠯᠡᠬᠦ | ᠣᠨᠣᠯ︾ ︽ᠠᠵᠢᠯ ᠲᠥᠷᠥᠯ ᠤᠨ ᠣᠨᠴᠠᠭᠠᠶ ᠣᠨᠣᠯ︾ ᠵᠡᠷᠭᠡ ᠪᠤᠷᠤᠭᠤ ᠦᠵᠡᠯ ᠰᠠᠨᠠᠭ᠎ᠠ ᠶᠢ ᠡᠷᠡᠰ ᠠᠷᠢᠯᠭᠠᠵᠤ᠂ | ᠬᠤᠷᠢᠭ᠎ᠠ ᠱᠤᠭᠤᠮ ᠢ ᠴᠢᠩᠭ᠎ᠠ ᠰᠠᠬᠢᠬᠤ ᠬᠡᠷᠡᠭᠲᠡᠢ ᠭᠡᠵᠦ ᠱᠠᠭᠠᠷᠳᠠᠪᠠ᠃ | ᠬᠤᠷᠠᠯ ᠳᠤ ᠳᠡᠭᠡᠷ᠎ᠡ ᠬᠠᠭᠠᠰ ᠵᠢᠯ ᠤᠨ ᠪᠦᠬᠦ ᠬᠤᠰᠢᠭᠤᠨ ᠤ ᠠᠵᠤ ᠠᠬᠤᠢ ᠶᠢᠨ ᠠᠵᠢᠯᠯᠠᠭ᠎ᠠ ᠵᠢᠴᠢ ᠭᠤᠣᠯ | ᠭᠦᠢᠴᠡᠳᠬᠡᠬᠦ ᠲᠤᠭ᠎ᠠ ᠶᠢ ᠪᠡᠶᠡᠯᠡᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠳᠡᠭᠡᠷ᠎ᠡ ᠬᠠᠭᠠᠰ | ᠵᠢᠯ ᠤᠨ ᠠᠵᠢᠯ ᠢᠶᠠᠨ ᠨᠠᠷᠢᠨ ᠬᠢᠨᠠᠮᠠᠭᠠᠢ ᠡᠷᠭᠢᠴᠡᠭᠦᠯᠦᠨ ᠳ᠋ᠦᠩᠨᠡᠵᠦ᠂ ᠣᠳᠣᠬᠠᠨ ᠤ ᠪᠠᠶᠢᠳᠠᠯ ᠢ ᠲᠣᠳᠣᠷᠬᠠᠢ ᠲᠠᠨᠢᠨ᠂ | ᠬᠦᠷᠦᠯᠴᠡᠬᠦ ᠦᠭᠡᠢ ᠲᠠᠯ᠎ᠠ ᠪᠠᠨ ᠪᠠᠶᠢᠴᠠᠭᠠᠨ ᠦᠵᠡᠵᠦ᠂ ᠠᠵᠤ ᠠᠬᠤᠢ ᠶᠢᠨ ᠠᠵᠢᠯ ᠢ ᠠᠳᠬᠤᠬᠤ ᠰᠡᠳᠬᠢᠴᠡ | ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ ᠰᠢᠯᠢᠳᠡᠭᠵᠢᠭᠦᠯᠵᠦ᠂ ᠠᠵᠤ ᠠᠬᠤᠢ ᠶᠢᠨ ᠪᠠᠶᠢᠳᠠᠯ ᠢ | ᠰᠢᠨᠵᠢᠯᠡᠬᠦ ᠤᠬᠠᠭᠠᠨᠴᠢ ᠪᠠᠷ ᠵᠠᠳᠠᠯᠤᠨ ᠡᠵᠡᠮᠳᠡᠵᠦ᠂ ᠦᠷᠭᠦᠯᠵᠢᠯᠡᠨ ᠬᠦᠴᠢᠷ ᠢ ᠰᠥᠷᠦᠨ ᠤᠷᠤᠭᠰᠢᠯᠠᠵᠤ᠂ ᠠᠵᠤ | ᠠᠬᠤᠢ ᠶᠢᠨ ᠲᠣᠭᠲᠠᠭᠤᠨ ᠢᠶᠠᠷ ᠰᠠᠶᠢᠵᠢᠷᠠᠬᠤ ᠬᠠᠨᠳᠤᠰᠢ ᠶᠢ ᠤᠯᠠᠮ ᠨᠢᠭᠡ ᠠᠯᠬᠤᠮ ᠪᠠᠬᠢᠵᠢᠭᠦᠯᠵᠦ᠂ ᠠᠵᠤ ᠠᠬᠤᠢ | ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠬᠦᠴᠦᠲᠡᠢ ᠠᠬᠢᠭᠤᠯᠤᠨ᠂ ᠳᠡᠭᠡᠷ᠎ᠡ ᠬᠠᠭᠠᠰ ᠵᠢᠯ ᠤᠨ ︽ᠬᠤᠶᠠᠷ | ᠵᠦᠢᠯ ᠢ ᠬᠠᠭᠠᠰ ᠠᠴᠠ ᠳᠠᠪᠠᠭᠤᠯᠬᠤ︾ ᠬᠠᠷᠠᠯᠲᠠ ᠡᠭᠦᠷᠭᠡ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ ᠭᠡᠵᠦ | ᠴᠢᠬᠤᠯᠠᠴᠢᠯᠠᠪᠠ᠃ | ᠬᠤᠷᠠᠯ ᠳᠤ ᠪᠠᠰᠠ ᠪᠤᠰᠤᠳ ᠵᠦᠢᠯ ᠢ ᠰᠤᠳᠤᠯᠵᠠᠢ᠃ | | |