ᠪᠠᠷᠠᠭᠤᠨ ᠦᠵᠦᠮᠦᠴᠢᠨ ᠬᠤᠰᠢᠭᠤᠨ ᠤ ᠪᠠᠶᠠᠠᠬᠤᠸᠠ ᠪᠠᠯᠭᠠᠰᠤᠨ ᠤ ᠪᠠᠶᠠᠠᠬᠦ᠋ᠪᠡᠭᠡ ᠭᠠᠴᠠᠭ᠎ᠠ ᠨᠠᠮ ᠤᠨ | ᠪᠠᠶᠢᠭᠤᠯᠤᠯᠳᠠ ᠪᠠᠷ ᠤᠳᠤᠷᠢᠳᠤᠨ ᠲᠠᠭᠠᠭᠤᠯᠵᠤ᠂ ᠬᠠᠮᠲᠤ ᠶᠢᠨ ᠠᠵᠤ ᠠᠬᠤᠢ ᠪᠠᠨ ᠪᠤᠵᠠᠭᠠᠶᠢᠷᠠᠭᠤᠯᠤᠨ | ᠬᠡᠪᠴᠢᠶᠡᠵᠢᠭᠰᠡᠨ ᠲᠡᠵᠢᠭᠡᠨ ᠦᠰᠬᠡᠬᠦ ᠰᠠᠭᠤᠷᠢᠨ ᠭᠠᠵᠠᠷ ᠪᠠᠶᠢᠭᠤᠯᠵᠤ᠂ ᠨᠠᠶᠢᠳᠠᠨ ᠲᠡᠵᠢᠭᠡᠬᠦ ᠬᠡᠯᠪᠡᠷᠢ ᠪᠠᠷ | ᠡᠭᠦᠯᠳᠡᠷ ᠤᠨ ᠦᠬᠡᠷ ᠪᠤᠷᠳᠤᠨ ᠲᠡᠵᠢᠭᠡᠵᠦ ᠪᠡᠯᠴᠢᠭᠡᠷ ᠤᠨ ᠲᠠᠷᠤᠭᠠᠰᠤ ᠶᠢ ᠬᠦᠩᠭᠡᠯᠡᠵᠦ ᠪᠠᠶᠢᠨ᠎ᠠ᠃ | ᠪᠠᠶᠠᠠᠬᠦ᠋ᠪᠡᠭᠡ ᠭᠠᠴᠠᠭ᠎ᠠ ᠨᠢ ᠬᠠᠮᠳᠤ ᠶᠢᠨ 15600 ᠮᠦ ᠨᠤᠳᠤᠭ ᠪᠡᠯᠴᠢᠭᠡᠷ ᠲᠠᠢ ᠪᠠᠶᠢᠵᠤ᠂ 2020 ᠣᠨ | ᠠᠴᠠ ᠡᠬᠢᠯᠡᠨ ᠬᠠᠮᠳᠤ ᠶᠢᠨ ᠠᠵᠤ ᠠᠬᠤᠢ ᠪᠠᠨ ᠲᠦᠰᠦᠪᠯᠡᠨ ᠬᠦᠭᠵᠢᠬᠦᠯᠵᠦ᠂ ᠬᠤᠪᠢᠴᠠᠭᠠᠳᠤ ᠠᠵᠤ ᠠᠬᠤᠢ ᠶᠢᠨ | ᠬᠤᠷᠰᠢᠶᠠᠵᠢᠯ ᠢᠶᠠᠨ ᠪᠠᠶᠢᠭᠤᠯᠬᠤ ᠶᠢᠨ ᠬᠠᠮᠳᠤ᠂ ᠵᠠᠰᠠᠭ ᠤᠨ ᠤᠷᠳᠤᠨ ᠤ ᠬᠦᠳᠡᠭᠡ ᠲᠤᠰᠬᠤᠨ ᠢ ᠬᠦᠭᠵᠢᠬᠦᠯᠦᠨ | ᠮᠠᠨᠳᠤᠭᠤᠯᠬᠤ ᠲᠦᠰᠦᠯ ᠤᠨ ᠲᠡᠮᠵᠢᠯᠭᠡ ᠪᠠᠷ ᠬᠠᠮᠳᠤ ᠶᠢᠨ ᠠᠵᠤ ᠠᠬᠤᠢ ᠶᠢᠨ ᠲᠠᠪᠠᠭᠤᠯᠢᠭ ᠢᠶᠠᠨ ᠠᠰᠢᠭᠯᠠᠨ | ᠡᠭᠦᠯᠳᠡᠷ ᠤᠨ ᠦᠬᠡᠷ ᠲᠡᠵᠢᠭᠡᠨ ᠦᠰᠬᠡᠬᠦ ᠰᠠᠭᠤᠷᠢᠨ ᠭᠠᠵᠠᠷ ᠪᠠᠶᠢᠭᠤᠯᠪᠠ᠃ ᠡᠳᠦᠭᠡ ᠲᠤᠰ ᠭᠠᠴᠠᠭᠠᠨ ᠤ | ᠬᠤᠪᠢᠴᠠᠭᠠᠳᠤ ᠠᠵᠤ ᠠᠬᠤᠢ ᠶᠢᠨ ᠬᠤᠷᠰᠢᠶᠠᠵᠢᠯ ᠳᠤ ᠦᠬᠡᠷ ᠪᠤᠷᠳᠤᠬᠤ ᠫᠧᠩ᠂ ᠪᠤᠷᠳᠤᠭᠠᠨ ᠬᠦᠮᠦᠷᠭᠡ᠂ ᠵᠤᠭᠤᠷᠢ᠂ | ᠬᠢᠵᠢᠭ ᠰᠡᠷᠭᠡᠶᠢᠯᠡᠬᠦ ᠲᠠᠰᠤᠭ ᠪᠤᠯᠤᠨ ᠮᠠᠰᠢᠨ ᠲᠠᠷᠺᠲ᠋ᠤᠷ ᠢ ᠪᠠᠭᠳᠠᠭᠠᠭᠰᠠᠨ ᠢᠵᠢ ᠪᠦᠷᠢᠨ ᠪᠡᠯᠡᠳᠬᠡᠯ | ᠲᠦᠭᠦᠭᠡᠷᠦᠮᠵᠢ ᠲᠠᠢ ᠪᠤᠯᠵᠤ᠂ ᠦᠬᠡᠷ ᠲᠦᠪᠯᠡᠷᠡᠭᠦᠯᠦᠨ ᠪᠤᠷᠳᠤᠬᠤ᠂ ᠡᠪᠡᠰᠦ ᠪᠤᠷᠳᠤᠭ᠎ᠠ ᠬᠠᠳᠠᠭᠠᠯᠠᠨ ᠨᠦᠭᠡᠴᠡᠯᠡᠬᠦ᠂ | ᠭᠡᠭᠡᠯᠳᠦᠭᠦᠯᠭᠡ᠂ ᠬᠢᠵᠢᠭ ᠭᠡᠮ ᠤᠨ ᠰᠡᠷᠭᠡᠶᠢᠯᠡᠯᠳᠡ ᠶᠢᠨ ᠦᠢᠯᠡᠴᠢᠯᠡᠭᠡ ᠬᠠᠩᠭᠠᠬᠤ ᠪᠦᠷᠢᠨ ᠴᠢᠳᠠᠮᠵᠢ ᠲᠠᠢ ᠪᠤᠯᠪᠠ᠃ | | ᠪᠠᠶᠠᠠᠬᠦ᠋ᠪᠡᠭᠡ ᠭᠠᠴᠠᠭ᠎ᠠ ᠬᠠᠮᠳᠤ ᠶᠢᠨ ᠠᠵᠤ ᠠᠬᠤᠢ ᠶᠢᠨ ᠰᠠᠭᠤᠷᠢᠨ ᠭᠠᠵᠠᠷ ᠲᠠᠭᠠᠨ ᠰᠢᠮᠧᠨ᠋ᠲᠷ ᠡᠭᠦᠯᠳᠡᠷ ᠤᠨ | 60 ᠲᠤᠯᠤᠭᠠᠢ ᠡᠬᠡ ᠮᠠᠯ ᠮᠠᠯᠵᠢᠵᠤ ᠤᠳᠤ 45 ᠦᠨᠢᠶ᠎ᠡ ᠲᠤᠭᠤᠯᠯᠠᠭᠠᠳ ᠪᠠᠶᠢᠨ᠎ᠠ᠃ ᠡᠨᠡ ᠵᠢᠯ ᠲᠤᠰ ᠰᠠᠭᠤᠷᠢᠨ | ᠭᠠᠵᠠᠷ ᠨᠢ ᠡᠵᠡᠩᠨᠡᠯᠳᠡ ᠶᠢᠨ ᠬᠦᠷᠢᠶ᠎ᠡ ᠬᠡᠪᠴᠢᠶ᠎ᠡ ᠪᠠᠨ ᠦᠷᠭᠡᠳᠬᠡᠨ ᠨᠠᠶᠢᠳᠠᠨ ᠲᠡᠵᠢᠭᠡᠬᠦ ᠠᠵᠤ ᠦᠢᠯᠡᠰ | ᠬᠠᠪᠰᠤᠷᠭᠠᠨ ᠡᠷᠬᠢᠯᠡᠵᠦ᠂ ᠤᠶᠢᠷ᠎ᠠ ᠬᠠᠪᠢ ᠶᠢᠨ ᠠᠷᠪᠠᠭᠠᠳ ᠡᠷᠦᠬᠡ ᠶᠢᠨ 120 ᠭᠠᠷᠤᠢ ᠦᠬᠡᠷ ᠢ ᠲᠦᠪᠯᠡᠷᠡᠭᠦᠯᠦᠨ | ᠪᠤᠷᠳᠤᠨ ᠲᠡᠵᠢᠭᠡᠵᠦ ᠪᠠᠶᠢᠨ᠎ᠠ᠃ ᠡᠶᠢᠨᠬᠦ ᠲᠤᠰ ᠭᠠᠴᠠᠭ᠎ᠠ ᠤᠯᠠᠨ ᠲᠠᠯ᠎ᠠ ᠶᠢᠨ ᠠᠷᠭ᠎ᠠ ᠬᠡᠮᠵᠢᠶ᠎ᠡ ᠠᠪᠴᠤ ᠬᠠᠮᠳᠤ ᠶᠢᠨ | ᠠᠵᠤ ᠠᠬᠤᠢ ᠪᠠᠨ ᠬᠦᠭᠵᠢᠬᠦᠯᠦᠭᠰᠡᠨ ᠢᠶᠠᠷ ᠮᠠᠯᠵᠢᠬᠤ ᠦᠢᠯᠡᠳᠪᠦᠷᠢᠯᠡᠯ ᠤᠨ ᠦᠷ᠎ᠡ ᠠᠰᠢᠭ ᠢ ᠲᠡᠭᠡᠭᠰᠢᠯᠡᠬᠦᠯᠦᠨ | ᠪᠡᠯᠴᠢᠭᠡᠷ ᠤᠨ ᠲᠠᠷᠤᠭᠠᠰᠤ ᠶᠢ ᠬᠦᠩᠭᠡᠯᠡᠬᠦ ᠳᠤ ᠠᠰᠢᠠᠠᠳᠠᠢ ᠨᠦᠬᠦᠴᠡᠯ ᠢ ᠬᠠᠩᠭᠠᠪᠠ᠃ ᠲᠤᠰ ᠭᠠᠴᠠᠭᠠᠨ ᠤ ᠮᠠᠯᠴᠢᠨ | ᠤᠶᠤᠨᠪᠢᠯᠢᠭ᠌ ᠡᠨᠡ ᠬᠠᠪᠤᠷ 24 ᠪᠢᠷᠠᠭᠤ ᠪᠠᠨ ᠭᠠᠴᠠᠭᠠᠨ ᠤ ᠪᠠᠨ ᠨᠠᠶᠢᠳᠠᠨ ᠲᠡᠵᠢᠭᠡᠬᠦ ᠭᠠᠵᠠᠷ ᠲᠤ ᠲᠡᠵᠢᠭᠡᠯᠭᠡᠵᠦ᠂ | ᠪᠡᠯᠴᠢᠭᠡᠷ ᠤᠨ ᠲᠠᠷᠤᠭᠠᠰᠤ ᠪᠠᠨ ᠬᠦᠩᠭᠡᠯᠡᠨ ᠦᠬᠡᠷ ᠢᠶᠠᠨ ᠦᠨ᠎ᠡ ᠳᠤ ᠬᠦᠷᠭᠡᠬᠦ ᠠᠷᠭ᠎ᠠ ᠬᠠᠶᠢᠨ ᠰᠦᠪᠡᠭᠴᠢᠯᠡᠵᠦ | ᠪᠠᠶᠢᠭ᠎ᠠ ᠠᠵᠢ᠃ | ᠪᠠᠶᠠᠠᠬᠦ᠋ᠪᠡᠭᠡ ᠭᠠᠴᠠᠭ᠎ᠠ ᠬᠠᠮᠳᠤ ᠶᠢᠨ ᠠᠵᠤ ᠠᠬᠤᠢ ᠶᠢᠨ ᠰᠠᠭᠤᠷᠢ ᠪᠡᠯᠡᠳᠬᠡᠯ ᠢᠶᠠᠨ ᠲᠡᠭᠦᠯᠳᠡᠷᠵᠢᠬᠦᠯᠵᠦ᠂ | ᠬᠠᠮᠳᠤ ᠶᠢᠨ ᠠᠵᠤ ᠠᠬᠤᠢ ᠶᠢᠨ ᠲᠤᠭᠳᠠᠮᠠᠯ ᠤᠷᠤᠯᠭ᠎ᠠ ᠲᠠᠢ ᠪᠤᠯᠤᠭᠰᠠᠨ ᠢᠶᠠᠷ ᠭᠠᠴᠠᠭᠠᠨ ᠤ ᠮᠠᠯ ᠠᠵᠤ ᠠᠬᠤᠢ ᠶᠢᠨ | ᠬᠦᠭᠵᠢᠯᠳᠡ ᠪᠠ ᠠᠷᠠᠳ ᠤᠨ ᠠᠮᠢᠳᠤᠷᠠᠯ ᠳᠤ ᠶᠡᠬᠡᠬᠡᠨ ᠲᠤᠰᠠ ᠲᠡᠮᠵᠢᠯᠭᠡ ᠪᠤᠯᠪᠠ᠃ ᠲᠤᠰ ᠭᠠᠴᠠᠭᠠᠨ ᠤ ᠨᠢᠳᠤᠨᠤᠨ | ᠤ ᠬᠠᠮᠳᠤ ᠶᠢᠨ ᠠᠵᠤ ᠠᠬᠤᠢ ᠶᠢᠨ ᠪᠦᠬᠦ ᠤᠷᠤᠯᠭ᠎ᠠ 29 ᠲᠦᠮᠡᠨ ᠲᠦᠭᠦᠷᠢᠭ ᠲᠤ ᠬᠦᠷᠴᠦ᠂ ᠡᠳᠦᠭᠡ ᠬᠠᠮᠳᠤ ᠶᠢᠨ | ᠰᠦᠷᠦᠭ ᠢᠶᠠᠨ ᠦᠰᠬᠡᠨ ᠮᠠᠯᠵᠢᠬᠤ᠂ ᠨᠠᠶᠢᠳᠠᠨ ᠲᠡᠵᠢᠭᠡᠬᠦ᠂ ᠮᠠᠯᠵᠢᠬᠤ ᠦᠢᠯᠡᠳᠪᠦᠷᠢᠯᠡᠯ ᠤᠨ ᠪᠤᠰᠤᠳ ᠲᠠᠯ᠎ᠠ ᠶᠢᠨ | ᠦᠢᠯᠡᠴᠢᠯᠡᠭᠡ ᠬᠢᠬᠦ ᠠᠴᠠ ᠭᠠᠳᠠᠨ᠎ᠠ᠂ ᠭᠠᠴᠠᠭᠠᠨ ᠤ ᠪᠠᠨ ᠮᠠᠯᠴᠢᠳ ᠤᠨ ᠨᠠᠰᠤᠵᠢᠯ ᠤᠨ ᠲᠠᠭᠠᠳᠬᠠᠯ ᠤᠨ ᠮᠦᠩᠭᠦ ᠶᠢ | ᠨᠢᠭᠡᠳᠦᠯᠳᠡᠢ ᠤᠷᠤᠯᠠᠨ ᠲᠤᠰᠢᠶᠠᠬᠤ ᠵᠡᠷᠭᠡ ᠪᠠᠷ ᠮᠠᠯᠴᠢᠨ ᠲᠦᠮᠡᠨ ᠳᠡᠭᠡᠨ ᠦᠢᠯᠡᠴᠢᠯᠡᠵᠦ ᠪᠠᠶᠢᠨ᠎ᠠ᠃ | | | | | |