| 7 ᠪᠦᠯᠦᠭ ᠲᠤᠭ᠎ᠠ ᠪᠠᠷ 5 ᠳ᠋ᠤᠭᠠᠷ ᠰᠠᠷ᠎ᠠ ᠳᠠᠬᠢ ᠳᠤᠮᠳᠠᠳᠤ ᠤᠯᠤᠰ ᠤᠨ ᠠᠵᠤ ᠠᠬᠤᠢ ᠶᠢᠨ ᠪᠠᠶᠢᠳᠠᠯ ᠢ | ᠠᠵᠢᠭᠯᠠᠬᠤᠢ | | | 6 ᠳ᠋ᠤᠭᠠᠷ ᠰᠠᠷ᠎ᠠ ᠶᠢᠨ 16 ᠤ ᠡᠳᠦᠷ᠂ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ 2025 ᠣᠨ ᠤ 5 | ᠳ᠋ᠤᠭᠠᠷ ᠰᠠᠷ᠎ᠠ ᠶᠢᠨ ᠤᠯᠤᠰ ᠠᠷᠠᠳ ᠤᠨ ᠠᠵᠤ ᠠᠬᠤᠢ ᠶᠢᠨ ᠠᠵᠢᠯᠯᠠᠭᠠᠨ ᠤ ᠪᠠᠶᠢᠳᠠᠯ ᠢ ᠨᠡᠶᠢᠲᠡᠯᠡᠪᠡ᠃ ᠲᠤᠭ᠎ᠠ ᠳᠤ | ᠢᠯᠡᠷᠡᠭᠦᠯᠦᠭᠰᠡᠨ ᠢᠶᠠᠷ᠂ 5 ᠳ᠋ᠤᠭᠠᠷ ᠰᠠᠷ᠎ᠠ ᠳᠠᠬᠢ ᠤᠯᠤᠰ ᠠᠷᠠᠳ ᠤᠨ ᠠᠵᠤ ᠠᠬᠤᠢ ᠳᠠᠷᠤᠯᠲᠠ ᠶᠢ ᠲᠤᠯᠵᠤ | ᠲᠣᠭᠲᠠᠭᠤᠨ ᠢᠶᠠᠷ ᠠᠵᠢᠯᠯᠠᠨ᠂ ᠦᠢᠯᠡᠳᠪᠦᠷᠢᠯᠡᠯ ᠤᠨ ᠬᠡᠷᠡᠭᠴᠡᠭᠡ ᠲᠣᠭᠲᠠᠭᠤᠨ ᠢᠶᠠᠷ ᠨᠡᠮᠡᠭᠳᠡᠵᠦ᠂ ᠠᠵᠢᠯ ᠣᠯᠭᠤᠯᠲᠠ ᠶᠢᠨ | ᠪᠠᠶᠢᠳᠠᠯ ᠶᠡᠷᠦᠩᠬᠡᠢ ᠳᠤ ᠪᠠᠨ ᠲᠣᠭᠲᠠᠭᠤᠨ ᠪᠠᠶᠢᠵᠤ᠂ ᠰᠢᠨ᠎ᠡ ᠬᠥᠳᠡᠯᠭᠡᠭᠴᠢ ᠡᠨᠧᠷᠭᠢ ᠨᠡᠮᠡᠭᠳᠡᠨ ᠴᠢᠩᠭᠠᠷᠠᠵᠤ᠂ ᠴᠢᠨᠠᠷ ᠰᠠᠶᠢᠲᠠᠢ | ᠬᠥᠭᠵᠢᠯᠲᠡ ᠰᠢᠯᠢᠳᠡᠭᠵᠢᠨ ᠰᠢᠨᠡᠳᠪᠡ᠃ | ᠠᠵᠤ ᠦᠢᠯᠡᠳᠪᠦᠷᠢ ᠶᠢᠨ ᠦᠢᠯᠡᠳᠪᠦᠷᠢᠯᠡᠯ ᠲᠣᠭᠲᠠᠭᠤᠨ ᠢᠶᠠᠷ ᠨᠡᠮᠡᠭᠳᠡᠵᠦ᠂ ᠲᠣᠨᠤᠭ ᠲᠥᠬᠦᠭᠡᠷᠦᠮᠵᠢ ᠦᠢᠯᠡᠳᠬᠦ | ᠦᠢᠯᠡᠰ ᠪᠠ ᠳᠡᠭᠡᠳᠦ ᠮᠡᠷᠭᠡᠵᠢᠯ ᠤᠨ ᠦᠢᠯᠡᠳᠬᠦ ᠦᠢᠯᠡᠰ ᠤᠨ ᠨᠡᠮᠡᠭᠳᠡᠯ ᠨᠡᠯᠢᠶᠡᠳ ᠲᠦᠷᠭᠡᠨ ᠪᠠᠶᠢᠨ᠎ᠠ | 5 ᠳ᠋ᠤᠭᠠᠷ ᠰᠠᠷ᠎ᠠ ᠳᠤ᠂ ᠪᠥᠬᠦ ᠤᠯᠤᠰ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ | ᠥᠷᠲᠡᠭ ᠠᠳᠠᠯᠢ ᠬᠤᠭᠤᠴᠠᠭᠠᠨ ᠤ ᠬᠢ ᠠᠴᠠ 5.8% ᠪᠠᠷ ᠨᠡᠮᠡᠭᠳᠡᠵᠦ᠂ ᠬᠠᠷᠢᠴᠠᠭᠤᠯᠤᠭᠰᠠᠨ ᠢᠶᠠᠷ 0.61% ᠪᠠᠷ | ᠨᠡᠮᠡᠭᠳᠡᠪᠡ | ᠭᠤᠷᠪᠠᠨ ᠶᠡᠭᠡ ᠲᠦᠷᠦᠯ ᠢᠶᠠᠷ ᠠᠩᠭᠢᠯᠠᠨ ᠦᠵᠡᠪᠡᠯ | ᠠᠭᠤᠷᠬᠠᠢ ᠮᠠᠯᠲᠠᠬᠤ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 5.7% ᠪᠠᠷ ᠨᠡᠮᠡᠭᠳᠡᠪᠡ | ᠦᠢᠯᠡᠳᠬᠦ ᠦᠢᠯᠡᠰ 6.2% ᠢᠶᠠᠷ ᠨᠡᠮᠡᠭᠳᠡᠪᠡ | ᠴᠠᠬᠢᠯᠭᠠᠨ ᠬᠦᠴᠦᠨ᠂ ᠢᠯᠴᠢ ᠶᠢᠨ ᠬᠦᠴᠦᠨ᠂ ᠰᠢᠲᠠᠮᠠᠬᠠᠢ ᠬᠡᠢ ᠵᠢᠴᠢ ᠤᠰᠤᠨ ᠤ ᠦᠢᠯᠡᠳᠪᠦᠷᠢᠯᠡᠯ ᠪᠠ | ᠬᠠᠩᠭᠠᠯᠭ᠎ᠠ ᠶᠢᠨ ᠦᠢᠯᠡᠰ 2.2% ᠢᠶᠠᠷ ᠨᠡᠮᠡᠭᠳᠡᠪᠡ | ᠲᠣᠨᠤᠭ ᠲᠥᠬᠦᠭᠡᠷᠦᠮᠵᠢ ᠦᠢᠯᠡᠳᠬᠦ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 9. | 0% ᠢᠶᠠᠷ ᠨᠡᠮᠡᠭᠳᠡᠵᠦ᠂ ᠳᠡᠭᠡᠳᠦ ᠮᠡᠷᠭᠡᠵᠢᠯ ᠤᠨ ᠦᠢᠯᠡᠳᠬᠦ ᠦᠢᠯᠡᠰ ᠤᠨ ᠨᠡᠮᠡᠭᠳᠡᠯ ᠥᠷᠲᠡᠭ 8.6% ᠪᠠᠷ ᠨᠡᠮᠡᠭᠳᠡᠨ᠂ ᠪᠥᠬᠦ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠴᠠ ᠲᠣᠰ ᠲᠣᠰ 3.2 ᠪᠠ 2.8 ᠵᠠᠭᠤᠨ ᠤ | ᠴᠡᠭ ᠲᠦᠷᠭᠡᠨ ᠪᠠᠶᠢᠪᠠ | 1 - 5 ᠳ᠋ᠤᠭᠠᠷ ᠰᠠᠷ᠎ᠠ ᠳᠤ᠂ ᠪᠥᠬᠦ ᠤᠯᠤᠰ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ | ᠥᠷᠲᠡᠭ ᠠᠳᠠᠯᠢ ᠬᠤᠭᠤᠴᠠᠭᠠᠨ ᠤ ᠬᠢ ᠠᠴᠠ 6.3% ᠪᠠᠷ ᠨᠡᠮᠡᠭᠳᠡᠪᠡ | 5 ᠳ᠋ᠤᠭᠠᠷ ᠰᠠᠷ᠎ᠠ ᠳᠤ᠂ ᠦᠢᠯᠡᠳᠬᠦ ᠦᠢᠯᠡᠰ ᠤᠨ ᠬᠤᠳᠠᠯᠳᠤᠨ ᠠᠪᠬᠤ ᠳᠠᠭᠠᠭᠠᠮᠠᠯ ᠤᠨ ᠵᠢᠭᠠᠯᠲᠠ ᠲᠤᠭ᠎ᠠ 49.5% | ᠪᠠᠶᠢᠵᠤ᠂ ᠲᠦᠷᠦᠭᠦᠸ ᠰᠠᠷ᠎ᠠ ᠶᠢᠨ ᠬᠢ ᠠᠴᠠ 0.5 ᠵᠠᠭᠤᠨ ᠤ ᠴᠡᠭ ᠳᠡᠭᠡᠭᠰᠢᠯᠡᠪᠡ︔ ᠠᠵᠤ ᠠᠬᠤᠶᠢᠯᠠᠯ ᠤᠨ ᠦᠢᠯᠡᠳᠪᠦᠷᠢᠯᠡᠯ | ᠡᠵᠡᠩᠨᠡᠯᠲᠡ ᠶᠢᠨ ᠠᠵᠢᠯᠯᠠᠭᠠᠨ ᠤ ᠵᠢᠱᠢᠭᠰᠡᠨ ᠵᠢᠭᠠᠯᠲᠠ ᠲᠤᠭ᠎ᠠ 52.5% ᠪᠠᠶᠢᠵᠤ᠂ 0.4 ᠵᠠᠭᠤᠨ ᠤ ᠴᠡᠭ ᠳᠡᠭᠡᠭᠰᠢᠯᠡᠪᠡ | ᠦᠢᠯᠡᠴᠢᠯᠡᠭᠡᠨ ᠤ ᠦᠢᠯᠡᠰ ᠤᠨ ᠨᠡᠮᠡᠭᠳᠡᠯ ᠲᠦᠷᠭᠡᠳᠴᠦ ᠣᠲᠣ ᠦᠶ᠎ᠡ ᠶᠢᠨ ᠦᠢᠯᠡᠴᠢᠯᠡᠭᠡᠨ ᠤ ᠦᠢᠯᠡᠰ ᠤᠨ | ᠨᠡᠮᠡᠭᠳᠡᠯ ᠤᠨ ᠬᠠᠨᠳᠤᠰᠢ ᠰᠠᠶᠢᠨ ᠪᠠᠶᠢᠨ᠎ᠠ | 5 ᠳ᠋ᠤᠭᠠᠷ ᠰᠠᠷ᠎ᠠ ᠳᠤ᠂ ᠪᠥᠬᠦ ᠤᠯᠤᠰ ᠤᠨ ᠦᠢᠯᠡᠴᠢᠯᠡᠭᠡᠨ ᠤ ᠦᠢᠯᠡᠰ ᠤᠨ ᠦᠢᠯᠡᠳᠪᠦᠷᠢᠯᠡᠯ ᠤᠨ ᠵᠢᠭᠠᠯᠲᠠ ᠲᠤᠭ᠎ᠠ | ᠠᠳᠠᠯᠢ ᠬᠤᠭᠤᠴᠠᠭᠠᠨ ᠤ ᠬᠢ ᠠᠴᠠ 6.2% ᠢᠶᠠᠷ ᠨᠡᠮᠡᠭᠳᠡᠵᠦ᠂ ᠲᠦᠷᠦᠭᠦᠸ ᠰᠠᠷ᠎ᠠ ᠶᠢᠨ ᠬᠢ ᠠᠴᠠ 0.2 ᠵᠠᠭᠤᠨ ᠤ ᠴᠡᠭ | ᠲᠦᠷᠭᠡᠳᠪᠡ | ᠠᠵᠢᠯ ᠲᠥᠷᠥᠯ ᠢᠶᠠᠷ ᠠᠩᠭᠢᠯᠠᠨ ᠦᠵᠡᠪᠡᠯ᠂ ᠮᠡᠳᠡᠭᠡ ᠵᠠᠩᠭᠢ ᠶᠢᠨ ᠳᠠᠮᠵᠢᠭᠤᠯᠭ᠎ᠠ᠂ ᠵᠥᠭᠡᠯᠡᠨ ᠬᠡᠷᠡᠭᠰᠡᠯ ᠪᠠ ᠮᠡᠳᠡᠭᠡ | ᠵᠠᠩᠭᠢ ᠶᠢᠨ ᠮᠡᠷᠭᠡᠵᠢᠯ ᠤᠨ ᠦᠢᠯᠡᠴᠢᠯᠡᠭᠡᠨ ᠤ ᠦᠢᠯᠡᠰ᠂ ᠲᠦᠷᠢᠶᠡᠰᠦᠯᠡᠯ ᠪᠠ ᠬᠤᠳᠠᠯᠳᠤᠭᠠᠨ ᠤ ᠶᠠᠪᠤᠳᠠᠯ ᠤᠨ | ᠦᠢᠯᠡᠴᠢᠯᠡᠭᠡᠨ ᠤ ᠦᠢᠯᠡᠰ᠂ ᠪᠥᠭᠡᠮ ᠢᠶᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ ᠦᠢᠯᠡᠰ ᠤᠨ ᠦᠢᠯᠡᠳᠪᠦᠷᠢᠯᠡᠯ ᠤᠨ | ᠵᠢᠭᠠᠯᠲᠠ ᠲᠤᠭ᠎ᠠ ᠠᠳᠠᠯᠢ ᠬᠤᠭᠤᠴᠠᠭᠠᠨ ᠤ ᠬᠢ ᠠᠴᠠ ᠲᠣᠰ ᠲᠣᠰ 11.2%᠂ 8.9%᠂ 8.4% ᠪᠠᠷ ᠨᠡᠮᠡᠭᠳᠡᠵᠦ᠂ ᠲᠣᠰ | ᠲᠣᠰ ᠦᠢᠯᠡᠴᠢᠯᠡᠭᠡᠨ ᠤ ᠦᠢᠯᠡᠰ ᠤᠨ ᠦᠢᠯᠡᠳᠪᠦᠷᠢᠯᠡᠯ ᠤᠨ ᠵᠢᠭᠠᠯᠲᠠ ᠲᠤᠭ᠎ᠠ ᠠᠴᠠ 5.0᠂ 2.7᠂ 2.2 ᠵᠠᠭᠤᠨ ᠤ ᠴᠡᠭ | ᠲᠦᠷᠭᠡᠨ ᠪᠠᠶᠢᠪᠠ | 1 - 5 ᠳ᠋ᠤᠭᠠᠷ ᠰᠠᠷ᠎ᠠ ᠳᠤ᠂ ᠪᠥᠬᠦ ᠤᠯᠤᠰ ᠤᠨ ᠦᠢᠯᠡᠴᠢᠯᠡᠭᠡᠨ ᠤ ᠦᠢᠯᠡᠰ ᠤᠨ ᠦᠢᠯᠡᠳᠪᠦᠷᠢᠯᠡᠯ ᠤᠨ ᠵᠢᠭᠠᠯᠲᠠ | ᠲᠤᠭ᠎ᠠ ᠠᠳᠠᠯᠢ ᠬᠤᠭᠤᠴᠠᠭᠠᠨ ᠤ ᠬᠢ ᠠᠴᠠ 5.9% ᠪᠠᠷ ᠨᠡᠮᠡᠭᠳᠡᠪᠡ | 5 ᠳ᠋ᠤᠭᠠᠷ ᠰᠠᠷ᠎ᠠ ᠳᠤ᠂ ᠦᠢᠯᠡᠴᠢᠯᠡᠭᠡᠨ ᠤ ᠦᠢᠯᠡᠰ ᠤᠨ ᠬᠤᠳᠠᠯᠳᠤᠭᠠᠨ ᠤ ᠶᠠᠪᠤᠳᠠᠯ ᠤᠨ ᠠᠵᠢᠯᠯᠠᠭ᠎ᠠ ᠶᠢᠨ ᠵᠢᠭᠠᠯᠲᠠ | ᠲᠤᠭ᠎ᠠ 50.2% ᠪᠠᠶᠢᠵᠤ᠂ ᠲᠦᠷᠦᠭᠦᠸ ᠰᠠᠷ᠎ᠠ ᠶᠢᠨ ᠬᠢ ᠠᠴᠠ 0.1 ᠵᠠᠭᠤᠨ ᠤ ᠴᠡᠭ ᠳᠡᠭᠡᠭᠰᠢᠯᠡᠪᠡ︔ ᠦᠢᠯᠡᠴᠢᠯᠡᠭᠡᠨ ᠤ | ᠦᠢᠯᠡᠰ ᠤᠨ ᠲᠤᠬᠠᠶᠢᠯᠠᠭᠰᠠᠨ ᠠᠵᠢᠯ ᠤᠨ ᠠᠵᠢᠯᠯᠠᠭ᠎ᠠ ᠶᠢᠨ ᠵᠢᠱᠢᠭᠰᠡᠨ ᠵᠢᠭᠠᠯᠲᠠ ᠲᠤᠭ᠎ᠠ 56.5% ᠪᠠᠶᠢᠵᠤ᠂ 0.1 | ᠵᠠᠭᠤᠨ ᠤ ᠴᠡᠭ ᠳᠡᠭᠡᠭᠰᠢᠯᠡᠪᠡ | ᠵᠠᠬ᠎ᠠ ᠳᠡᠯᠭᠡᠭᠦᠷ ᠤᠨ ᠪᠣᠷᠤᠯᠠᠭᠤᠯᠭ᠎ᠠ ᠢᠯᠡᠳᠲᠡ ᠳᠡᠭᠡᠭᠰᠢᠯᠡᠵᠦ ᠬᠠᠭᠤᠴᠢᠨ ᠢᠶᠠᠷ ᠰᠢᠨ᠎ᠡ ᠶᠢ ᠰᠣᠯᠢᠬᠤ ᠬᠠᠮᠢᠶ᠎ᠠ | ᠪᠦᠬᠦᠢ ᠲᠠᠸᠠᠷ ᠲᠦᠷᠭᠡᠨ ᠢᠶᠠᠷ ᠨᠡᠮᠡᠭᠳᠡᠪᠡ | 5 ᠳ᠋ᠤᠭᠠᠷ ᠰᠠᠷ᠎ᠠ ᠳᠤ᠂ ᠨᠡᠶᠢᠭᠡᠮ ᠤᠨ ᠬᠡᠷᠡᠭᠯᠡᠭᠡ ᠶᠢᠨ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ | 41326 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.4% ᠪᠠᠷ ᠨᠡᠮᠡᠭᠳᠡᠨ᠂ | ᠲᠦᠷᠦᠭᠦᠸ ᠰᠠᠷ᠎ᠠ ᠶᠢᠨ ᠬᠢ ᠠᠴᠠ 1.3 ᠵᠠᠭᠤᠨ ᠤ ᠴᠡᠭ ᠲᠦᠷᠭᠡᠳᠪᠡ︔ ᠬᠠᠷᠢᠴᠠᠭᠤᠯᠤᠭᠰᠠᠨ ᠢᠶᠠᠷ 0.93% ᠪᠠᠷ | ᠨᠡᠮᠡᠭᠳᠡᠪᠡ | ᠬᠡᠷᠡᠭᠯᠡᠭᠡ ᠶᠢᠨ ᠵᠦᠢᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠲᠥᠷᠥ ᠶᠢᠨ ᠪᠣᠳᠣᠯᠭ᠎ᠠ ᠦᠷᠭᠦᠯᠵᠢᠯᠡᠨ ᠢᠯᠡᠳᠲᠡ | ᠦᠷ᠎ᠡ ᠪᠦᠲᠦᠮᠵᠢ ᠭᠠᠷᠭᠠᠵᠤ᠂ ᠬᠢᠵᠠᠭᠠᠷᠯᠠᠬᠤ ᠬᠡᠪᠴᠢᠶᠡᠨ ᠠᠴᠠ ᠳᠠᠪᠠᠭᠰᠠᠨ ᠨᠢᠭᠡᠴᠢ ᠭᠡᠷ ᠤᠨ ᠴᠠᠬᠢᠯᠭᠠᠨ ᠬᠡᠷᠡᠭᠰᠡᠯ ᠪᠠ ᠲᠠᠭᠤ | ᠳᠦᠷᠰᠦ ᠰᠢᠩᠭᠡᠭᠡᠯᠲᠡ ᠶᠢᠨ ᠪᠠᠭᠠᠵᠢ ᠬᠡᠷᠡᠭᠰᠡᠯ ᠤᠨ ᠲᠥᠷᠥᠯ᠂ ᠴᠢᠮᠡᠭᠡ ᠬᠤᠯᠪᠣᠭᠠᠨ ᠤ ᠪᠠᠭᠠᠵᠢ ᠬᠡᠷᠡᠭᠰᠡᠯ ᠤᠨ ᠲᠥᠷᠥᠯ᠂ | ᠰᠣᠶᠣᠯ ᠠᠯᠪᠠᠨ ᠬᠡᠷᠡᠭᠯᠡᠭᠡᠨ ᠤ ᠬᠡᠷᠡᠭᠰᠡᠯ ᠤᠨ ᠲᠥᠷᠥᠯ᠂ ᠭᠡᠷ ᠤᠨ ᠬᠡᠷᠡᠭᠰᠡᠯ ᠤᠨ ᠲᠥᠷᠥᠯ ᠤᠨ ᠲᠠᠸᠠᠷ ᠤᠨ ᠵᠢᠵᠢᠭᠯᠡᠨ | ᠬᠤᠳᠠᠯᠳᠤᠭᠰᠠᠨ ᠲᠤᠭ᠎ᠠ ᠲᠣᠰ ᠲᠣᠰ 53.0%᠂ 33.0%᠂ 30.5%᠂ 25.6% ᠪᠠᠷ ᠨᠡᠮᠡᠭᠳᠡᠪᠡ | 1 - 5 ᠳ᠋ᠤᠭᠠᠷ ᠰᠠᠷ᠎ᠠ ᠳᠤ᠂ ᠨᠡᠶᠢᠭᠡᠮ ᠤᠨ ᠬᠡᠷᠡᠭᠯᠡᠭᠡ ᠶᠢᠨ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ | 203171 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.0% ᠢᠶᠠᠷ ᠨᠡᠮᠡᠭᠳᠡᠪᠡ | ᠪᠥᠬᠦ ᠤᠯᠤᠰ ᠤᠨ ᠰᠦᠯᠵᠢᠶ᠎ᠡ ᠪᠠᠷ ᠵᠢᠵᠢᠭᠯᠡᠨ ᠬᠤᠳᠠᠯᠳᠤᠭᠰᠠᠨ ᠲᠤᠭ᠎ᠠ 60402 ᠳ᠋ᠦᠩᠰᠢᠭᠤᠷ ᠲᠥᠭᠦᠷᠢᠭ ᠲᠤ | ᠬᠦᠷᠴᠦ᠂ ᠠᠳᠠᠯᠢ ᠬᠤᠭᠤᠴᠠᠭᠠᠨ ᠤ ᠬᠢ ᠠᠴᠠ 8.5% ᠪᠠᠷ ᠨᠡᠮᠡᠭᠳᠡᠪᠡ | ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠦᠷᠭᠦᠯᠵᠢᠯᠡᠨ ᠥᠷᠭᠡᠳᠴᠦ ᠦᠢᠯᠡᠳᠬᠦ ᠦᠢᠯᠡᠰ ᠤᠨ ᠪᠡᠯᠡ | ᠣᠷᠣᠭᠤᠯᠤᠯᠲᠠ ᠨᠡᠯᠢᠶᠡᠳ ᠲᠦᠷᠭᠡᠨ ᠨᠡᠮᠡᠭᠳᠡᠪᠡ | 1 - 5 ᠳ᠋ᠤᠭᠠᠷ ᠰᠠᠷ᠎ᠠ ᠳᠤ᠂ ᠪᠥᠬᠦ ᠤᠯᠤᠰ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ︵ᠲᠠᠷᠢᠶᠠᠴᠢᠨ | ᠡᠷᠦᠬᠡ ᠪᠠᠭᠲᠠᠬᠤ ᠦᠭᠡᠢ︶ 191947 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3. | 7% ᠪᠠᠷ ᠨᠡᠮᠡᠭᠳᠡᠪᠡ︔ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠨ ᠬᠥᠭᠵᠢᠭᠦᠯᠦᠯᠲᠡ ᠶᠢᠨ ᠪᠡᠯᠡ ᠣᠷᠣᠭᠤᠯᠤᠯᠲᠠ ᠶᠢ | ᠬᠠᠰᠤᠪᠠᠯ᠂ ᠪᠥᠬᠦ ᠤᠯᠤᠰ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ 7.7% ᠪᠠᠷ ᠨᠡᠮᠡᠭᠳᠡᠪᠡ | ᠬᠦᠷᠢᠶ᠎ᠡ ᠴᠠᠷᠠᠭ᠎ᠠ ᠪᠠᠷ ᠠᠩᠭᠢᠯᠠᠨ ᠦᠵᠡᠪᠡᠯ | ᠰᠠᠭᠤᠷᠢ ᠪᠡᠯᠡᠳᠬᠡᠮᠵᠢ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 5.6% ᠪᠠᠷ ᠨᠡᠮᠡᠭᠳᠡᠪᠡ | ᠦᠢᠯᠡᠳᠬᠦ ᠦᠢᠯᠡᠰ ᠤᠨ ᠪᠡᠯᠡ ᠣᠷᠣᠭᠤᠯᠤᠯᠲᠠ 8.5% ᠪᠠᠷ ᠨᠡᠮᠡᠭᠳᠡᠪᠡ | ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠨ ᠬᠥᠭᠵᠢᠭᠦᠯᠦᠯᠲᠡ ᠶᠢᠨ ᠪᠡᠯᠡ ᠣᠷᠣᠭᠤᠯᠤᠯᠲᠠ 10.7% ᠪᠠᠷ | ᠪᠠᠭᠤᠷᠠᠪᠠ | ᠠᠷᠠᠳ ᠤᠨ ᠳᠤᠮᠳᠠᠬᠢ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠲᠠᠢ ᠪᠠᠨ ᠲᠡᠩᠴᠡᠵᠦ᠂ ᠭᠡᠷ ᠪᠠᠶᠢᠰᠢᠩ | ᠭᠠᠵᠠᠷ ᠬᠥᠷᠥᠩᠭᠡ ᠶᠢᠨ ᠨᠡᠭᠡᠭᠡᠨ ᠬᠥᠭᠵᠢᠭᠦᠯᠦᠯᠲᠡ ᠶᠢᠨ ᠪᠡᠯᠡ ᠣᠷᠣᠭᠤᠯᠤᠯᠲᠠ ᠶᠢ ᠬᠠᠰᠤᠪᠠᠯ᠂ ᠠᠷᠠᠳ ᠤᠨ ᠳᠤᠮᠳᠠᠬᠢ ᠪᠡᠯᠡ | ᠣᠷᠣᠭᠤᠯᠤᠯᠲᠠ 5.8% ᠪᠠᠷ ᠨᠡᠮᠡᠭᠳᠡᠪᠡ | 5 ᠳ᠋ᠤᠭᠠᠷ ᠰᠠᠷ᠎ᠠ ᠳᠤ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ︵ᠲᠠᠷᠢᠶᠠᠴᠢᠨ ᠡᠷᠦᠬᠡ ᠪᠠᠭᠲᠠᠬᠤ ᠦᠭᠡᠢ︶ | ᠬᠠᠷᠢᠴᠠᠭᠤᠯᠤᠭᠰᠠᠨ ᠢᠶᠠᠷ 0.05% ᠪᠠᠷ ᠨᠡᠮᠡᠭᠳᠡᠪᠡ | ᠪᠠᠷᠠᠭ᠎ᠠ ᠶᠢ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠬᠡᠮᠵᠢᠶ᠎ᠡ ᠦᠷᠭᠦᠯᠵᠢᠯᠡᠨ ᠨᠡᠮᠡᠭᠳᠡᠵᠦ | ᠠᠷᠠᠯᠵᠢᠶᠠᠨ ᠤ ᠪᠦᠲᠦᠴᠡ ᠦᠷᠭᠦᠯᠵᠢᠯᠡᠨ ᠰᠢᠯᠢᠳᠡᠭᠵᠢᠪᠡ | 5 ᠳ᠋ᠤᠭᠠᠷ ᠰᠠᠷ᠎ᠠ ᠳᠤ᠂ ᠪᠠᠷᠠᠭ᠎ᠠ ᠶᠢ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠪᠦᠬᠦ ᠲᠤᠭ᠎ᠠ | 38098 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 2.7% ᠪᠠᠷ ᠨᠡᠮᠡᠭᠳᠡᠪᠡ | 1 - 5 ᠳ᠋ᠤᠭᠠᠷ ᠰᠠᠷ᠎ᠠ ᠳᠤ᠂ ᠪᠠᠷᠠᠭ᠎ᠠ ᠶᠢ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠪᠥᠬᠦ | ᠲᠤᠭ᠎ᠠ 179449 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 2.5% ᠪᠠᠷ ᠨᠡᠮᠡᠭᠳᠡᠪᠡ | | ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ | ᠬᠡᠮᠵᠢᠶ᠎ᠡ 7.0% ᠢᠶᠠᠷ ᠨᠡᠮᠡᠭᠳᠡᠵᠦ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠪᠥᠬᠦ ᠲᠣᠭᠠᠨ ᠳᠤ | ᠡᠵᠡᠯᠡᠬᠦ ᠬᠤᠪᠢ ᠶᠢᠨ ᠵᠢᠩ ᠨᠢ 57.1% ᠪᠠᠶᠢᠵᠤ᠂ ᠲᠦᠷᠦᠭᠦᠸ ᠵᠢᠯ ᠤᠨ ᠠᠳᠠᠯᠢ ᠬᠤᠭᠤᠴᠠᠭᠠᠨ ᠤ ᠬᠢ ᠠᠴᠠ 2.4 | ᠵᠠᠭᠤᠨ ᠤ ᠴᠡᠭ ᠳᠡᠭᠡᠭᠰᠢᠯᠡᠪᠡ | ᠠᠵᠢᠯ ᠣᠯᠭᠤᠯᠲᠠ ᠶᠢᠨ ᠪᠠᠶᠢᠳᠠᠯ ᠶᠡᠷᠦᠩᠬᠡᠢ ᠳᠤ ᠪᠠᠨ ᠲᠣᠭᠲᠠᠭᠤᠨ ᠪᠠᠶᠢᠵᠤ ᠬᠤᠲᠠ ᠪᠠᠯᠭᠠᠰᠤᠨ ᠤ | ᠪᠠᠶᠢᠴᠠᠭᠠᠯᠲᠠ ᠳᠠᠬᠢ ᠠᠵᠢᠯ ᠠᠯᠳᠠᠯᠲᠠ ᠶᠢᠨ ᠨᠣᠷᠮ᠎ᠠ ᠪᠠᠭᠤᠷᠠᠪᠠ | 1 - 5 ᠳ᠋ᠤᠭᠠᠷ ᠰᠠᠷ᠎ᠠ ᠳᠤ᠂ ᠪᠥᠬᠦ ᠤᠯᠤᠰ ᠤᠨ ᠬᠤᠲᠠ ᠪᠠᠯᠭᠠᠰᠤᠨ ᠤ ᠪᠠᠶᠢᠴᠠᠭᠠᠯᠲᠠ ᠳᠠᠬᠢ ᠠᠵᠢᠯ ᠠᠯᠳᠠᠯᠲᠠ ᠶᠢᠨ | ᠨᠣᠷᠮ᠎ᠠ ᠶᠢᠨ ᠳᠤᠮᠳᠠᠴᠢ ᠥᠷᠲᠡᠭ ᠨᠢ 5.2% ᠪᠣᠯᠣᠨ᠎ᠠ | 5 ᠳ᠋ᠤᠭᠠᠷ ᠰᠠᠷ᠎ᠠ ᠳᠤ᠂ ᠪᠥᠬᠦ ᠤᠯᠤᠰ ᠤᠨ ᠬᠤᠲᠠ ᠪᠠᠯᠭᠠᠰᠤᠨ ᠤ ᠪᠠᠶᠢᠴᠠᠭᠠᠯᠲᠠ ᠳᠠᠬᠢ ᠠᠵᠢᠯ ᠠᠯᠳᠠᠯᠲᠠ ᠶᠢᠨ | ᠨᠣᠷᠮ᠎ᠠ 5.0% ᠪᠠᠶᠢᠵᠤ᠂ ᠲᠦᠷᠦᠭᠦᠸ ᠰᠠᠷ᠎ᠠ ᠶᠢᠨ ᠬᠢ ᠠᠴᠠ 0.1 ᠵᠠᠭᠤᠨ ᠤ ᠴᠡᠭ ᠪᠠᠭᠤᠷᠠᠪᠠ | 31 ᠶᠡᠭᠡ ᠬᠤᠲᠠ ᠶᠢᠨ ᠬᠤᠲᠠ ᠪᠠᠯᠭᠠᠰᠤᠨ ᠤ ᠪᠠᠶᠢᠴᠠᠭᠠᠯᠲᠠ ᠳᠠᠬᠢ ᠠᠵᠢᠯ ᠠᠯᠳᠠᠯᠲᠠ ᠶᠢᠨ ᠨᠣᠷᠮ᠎ᠠ 5.0% | ᠪᠠᠶᠢᠵᠤ᠂ ᠲᠦᠷᠦᠭᠦᠸ ᠰᠠᠷ᠎ᠠ ᠶᠢᠨ ᠬᠢ ᠠᠴᠠ 0.1 ᠵᠠᠭᠤᠨ ᠤ ᠴᠡᠭ ᠪᠠᠭᠤᠷᠠᠪᠠ | ᠰᠠᠭᠤᠭᠠᠯᠢ ᠠᠷᠠᠳ ᠤᠨ ᠬᠡᠷᠡᠭᠯᠡᠭᠡ ᠶᠢᠨ ᠦᠨ᠎ᠡ ᠬᠠᠩᠰᠢ ᠶᠢᠨ ᠳᠣᠣᠷ᠎ᠠ ᠪᠠᠶᠢᠷᠢᠨ ᠳᠠᠬᠢ ᠠᠵᠢᠯᠯᠠᠭᠠᠨ ᠤ ᠭᠤᠣᠯᠯᠠᠬᠤ | CPI ᠠᠯᠭᠤᠷᠬᠠᠨ ᠳᠡᠭᠡᠭᠰᠢᠯᠡᠪᠡ | 5 ᠳ᠋ᠤᠭᠠᠷ ᠰᠠᠷ᠎ᠠ ᠳᠤ᠂ ᠪᠥᠬᠦ ᠤᠯᠤᠰ ᠤᠨ ᠰᠠᠭᠤᠭᠠᠯᠢ ᠠᠷᠠᠳ ᠤᠨ ᠬᠡᠷᠡᠭᠯᠡᠭᠡ ᠶᠢᠨ ᠦᠨ᠎ᠡ ᠬᠠᠩᠰᠢ ︵CPI︶ ᠠᠳᠠᠯᠢ | ᠬᠤᠭᠤᠴᠠᠭᠠᠨ ᠤ ᠬᠢ ᠠᠴᠠ 0.1% ᠪᠠᠷ ᠪᠠᠭᠤᠷᠠᠵᠤ᠂ ᠬᠠᠷᠢᠴᠠᠭᠤᠯᠤᠭᠰᠠᠨ ᠢᠶᠠᠷ 0.2% ᠢᠶᠠᠷ ᠪᠠᠭᠤᠷᠠᠪᠠ | ᠢᠳᠡᠭᠡᠨ ᠤ ᠵᠦᠢᠯ ᠪᠠ ᠡᠨᠧᠷᠭᠢ ᠶᠢᠨ ᠦᠨ᠎ᠡ ᠬᠠᠩᠰᠢ ᠶᠢ ᠬᠠᠰᠤᠭᠰᠠᠨ ᠤ ᠳᠠᠷᠠᠭᠠᠬᠢ ᠭᠤᠣᠯᠯᠠᠬᠤ CPI ᠠᠳᠠᠯᠢ | ᠬᠤᠭᠤᠴᠠᠭᠠᠨ ᠤ ᠬᠢ ᠠᠴᠠ 0.6% ᠪᠠᠷ ᠥᠰᠴᠦ᠂ ᠥᠰᠦᠯᠲᠡ ᠶᠢᠨ ᠬᠡᠮᠵᠢᠶ᠎ᠡ ᠨᠢ ᠲᠦᠷᠦᠭᠦᠸ ᠰᠠᠷ᠎ᠠ ᠶᠢᠨ ᠬᠢ ᠠᠴᠠ 0.1 | ᠵᠠᠭᠤᠨ ᠤ ᠴᠡᠭ ᠥᠷᠭᠡᠳᠴᠡᠢ | 5 ᠳ᠋ᠤᠭᠠᠷ ᠰᠠᠷ᠎ᠠ ᠳᠤ᠂ ᠪᠥᠬᠦ ᠤᠯᠤᠰ ᠤᠨ ᠠᠵᠤ ᠦᠢᠯᠡᠳᠪᠦᠷᠢ ᠶᠢᠨ ᠦᠢᠯᠡᠳᠪᠦᠷᠢᠯᠡᠭᠴᠢᠳ ᠤᠨ ᠦᠢᠯᠡᠳᠪᠦᠷᠢ ᠠᠴᠠ | ᠭᠠᠷᠭᠠᠭᠰᠠᠨ ᠦᠨ᠎ᠡ ᠬᠠᠩᠰᠢ ᠠᠳᠠᠯᠢ ᠬᠤᠭᠤᠴᠠᠭᠠᠨ ᠤ ᠬᠢ ᠠᠴᠠ 3.3% ᠪᠠᠷ ᠪᠠᠭᠤᠷᠠᠵᠤ᠂ ᠬᠠᠷᠢᠴᠠᠭᠤᠯᠤᠭᠰᠠᠨ ᠢᠶᠠᠷ 0. | 4% ᠪᠠᠷ ᠪᠠᠭᠤᠷᠠᠪᠠ | ᠪᠥᠬᠦ ᠤᠯᠤᠰ ᠤᠨ ᠠᠵᠤ ᠦᠢᠯᠡᠳᠪᠦᠷᠢ ᠶᠢᠨ ᠦᠢᠯᠡᠳᠪᠦᠷᠢᠯᠡᠭᠴᠢᠳ ᠤᠨ ᠬᠤᠳᠠᠯᠳᠤᠨ ᠣᠷᠣᠭᠤᠯᠤᠭᠰᠠᠨ ᠦᠨ᠎ᠡ | ᠬᠠᠩᠰᠢ ᠠᠳᠠᠯᠢ ᠬᠤᠭᠤᠴᠠᠭᠠᠨ ᠤ ᠬᠢ ᠠᠴᠠ 3.6% ᠪᠠᠷ ᠪᠠᠭᠤᠷᠠᠵᠤ᠂ ᠬᠠᠷᠢᠴᠠᠭᠤᠯᠤᠭᠰᠠᠨ ᠢᠶᠠᠷ 0.6% ᠪᠠᠷ ᠪᠠᠭᠤᠷᠠᠪᠠ | ᠳᠠᠷᠠᠭᠠᠴᠢ ᠶᠢᠨ ᠱᠠᠲᠤᠨ ᠳᠤ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ | ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠡᠷᠡᠰ ᠲᠤᠭᠤᠰᠢᠯᠠᠭᠤᠯᠤᠨ᠂ ᠲᠣᠭᠲᠠᠭᠤᠨ ᠪᠠᠶᠢᠯᠭᠠᠬᠤ ᠶᠢᠨ | ᠳᠠᠭᠠᠤ ᠤᠷᠤᠭᠰᠢᠯᠠᠭᠤᠯᠬᠤ ᠠᠵᠢᠯ ᠤᠨ ᠶᠡᠷᠦᠩᠬᠡᠢ ᠬᠥᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠨᠣᠯᠵᠢᠬᠤᠨ ᠢ | ᠪᠦᠷᠢᠨ ᠪᠦᠲᠦᠨ ᠵᠥᠪ ᠣᠨᠣᠪᠴᠢᠲᠠᠢ ᠪᠦᠬᠦ ᠲᠠᠯ᠎ᠠ ᠪᠠᠷ ᠲᠤᠭᠤᠰᠢᠯᠠᠭᠤᠯᠤᠨ᠂ ᠰᠢᠨ᠎ᠡ ᠬᠥᠭᠵᠢᠯᠲᠡ ᠶᠢᠨ ᠪᠠᠶᠢᠷᠢᠰᠢᠯ ᠢ | ᠲᠦᠷᠭᠡᠳᠬᠡᠨ ᠪᠠᠶᠢᠭᠤᠯᠵᠤ᠂ ᠤᠯᠤᠰ ᠤᠨ ᠳᠣᠲᠣᠭᠠᠳᠤ ᠶᠢᠨ ᠠᠵᠤ ᠠᠬᠤᠢ ᠶᠢᠨ ᠠᠵᠢᠯ ᠪᠠ ᠤᠯᠠᠨ ᠤᠯᠤᠰ ᠤᠨ ᠠᠵᠤ | ᠠᠬᠤᠢ ᠠᠷᠠᠯᠵᠢᠶᠠᠨ ᠤ ᠲᠡᠮᠡᠴᠡᠯ ᠢ ᠨᠢᠭᠡᠳᠦᠯᠲᠡᠢ ᠲᠥᠯᠥᠪᠯᠡᠵᠦ᠂ ᠥᠪᠡᠷ ᠤᠨ ᠠᠵᠢᠯ ᠶᠠᠪᠤᠳᠠᠯ ᠢᠶᠠᠨ ᠡᠷᠡᠰ ᠭᠤᠶᠢᠪᠢᠰᠢ ᠦᠭᠡᠢ | ᠰᠠᠶᠢᠲᠤᠷ ᠬᠢᠵᠦ᠂ ᠳᠣᠲᠣᠭᠠᠳᠤ ᠬᠡᠷᠡᠭᠴᠡᠭᠡ ᠪᠠᠨ ᠥᠷᠭᠡᠳᠬᠡᠬᠦ᠂ ᠤᠯᠤᠰ ᠤᠨ ᠳᠣᠲᠣᠭᠠᠳᠤ ᠶᠢᠨ ᠶᠡᠭᠡ ᠣᠷᠴᠢᠯ ᠢᠶᠠᠨ | ᠬᠦᠴᠦᠷᠬᠡᠭᠵᠢᠭᠦᠯᠬᠦ ᠶᠢ ᠨᠡᠩ ᠲᠣᠪᠣᠶᠢᠮ᠎ᠠ ᠪᠠᠶᠢᠷᠢᠨ ᠳᠤ ᠲᠠᠯᠪᠢᠵᠤ᠂ ᠠᠵᠢᠯ ᠣᠯᠭᠤᠯᠲᠠ ᠪᠠ ᠠᠵᠤ ᠠᠬᠤᠢ ᠶᠢ ᠬᠦᠴᠦᠯᠡᠨ | ᠲᠣᠭᠲᠠᠪᠤᠷᠢᠵᠢᠭᠤᠯᠵᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠂ ᠠᠵᠤ ᠠᠬᠤᠢ ᠶᠢᠨ ᠦᠷᠭᠦᠯᠵᠢᠯᠡᠨ ᠡᠷᠡᠭᠦᠯ ᠢᠶᠠᠷ | ᠬᠥᠭᠵᠢᠬᠦ ᠶᠢ ᠲᠦᠯᠬᠢᠨ ᠠᠬᠢᠭᠤᠯᠤᠨ᠎ᠠ᠃ |