ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠲᠥᠪ ᠢ ᠵᠢᠷᠤᠮᠵᠢᠭᠤᠯᠬᠤ ᠪᠠᠶᠢᠭᠤᠯᠤᠯᠲᠠ ᠶᠢ ᠭᠦᠨᠵᠡᠭᠡᠢ | ᠠᠬᠢᠭᠤᠯᠤᠨ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠬᠦ ᠶᠢᠨ | ᠲᠥᠯᠥᠭᠡ᠂ 6 ᠰᠠᠷ᠎ᠠ ᠶᠢᠨ 20 ᠤ ᠡᠳᠦᠷ᠂ ᠪᠠᠷᠠᠭᠤᠨ ᠦᠵᠦᠮᠦᠴᠢᠨ ᠬᠤᠰᠢᠭᠤ ᠨᠡᠶᠢᠭᠡᠮ ᠤᠨ ᠠᠮᠤᠷ ᠲᠦᠪᠰᠢᠨ ᠢ | ᠶᠡᠷᠦᠩᠬᠡᠶᠢᠯᠡᠨ ᠵᠠᠰᠠᠬᠤ ᠲᠥᠪ ᠢ ᠵᠢᠷᠤᠮᠵᠢᠭᠤᠯᠬᠤ ᠪᠠᠶᠢᠭᠤᠯᠤᠯᠲᠠ ᠶᠢ ᠠᠬᠢᠭᠤᠯᠬᠤ ᠬᠤᠷᠠᠯ ᠬᠤᠷᠠᠯᠳᠤᠭᠤᠯᠤᠨ᠂ ︽ | ᠨᠡᠭᠡᠭᠡᠯᠲᠡ ᠶᠢᠨ ᠡᠳᠦᠷ︾ ᠤᠨ ᠠᠵᠢᠯᠯᠠᠭ᠎ᠠ ᠥᠷᠨᠢᠭᠦᠯᠵᠦ᠂ ᠲᠤᠬᠠᠢ ᠶᠢᠨ ᠭᠠᠵᠠᠷ ᠲᠤᠨᠢ ᠬᠦᠷᠴᠦ ᠲᠣᠭᠤᠷᠢᠨ ᠰᠤᠷᠤᠯᠴᠠᠬᠤ | ᠶᠢᠨ ᠬᠠᠮᠲᠤ ᠶᠠᠷᠢᠯᠴᠠᠬᠤ ᠬᠤᠷᠠᠯ ᠬᠤᠷᠠᠯᠳᠤᠭᠤᠯᠪᠠ᠃ | | ︽ᠨᠡᠭᠡᠭᠡᠯᠲᠡ ᠶᠢᠨ ᠡᠳᠦᠷ︾ ᠤᠨ ᠠᠵᠢᠯᠯᠠᠭ᠎ᠠ ᠳᠤ᠂ ᠬᠤᠷᠠᠯ ᠳᠤ ᠣᠷᠣᠯᠴᠠᠭᠰᠠᠳ ᠬᠤᠰᠢᠭᠤ ᠨᠡᠶᠢᠭᠡᠮ ᠤᠨ ᠠᠮᠤᠷ | ᠲᠦᠪᠰᠢᠨ ᠢ ᠶᠡᠷᠦᠩᠬᠡᠶᠢᠯᠡᠨ ᠵᠠᠰᠠᠬᠤ ᠲᠥᠪ᠂ ᠵᠢᠷ ᠤᠨ ᠭᠤᠣᠯ ᠪᠠᠯᠭᠠᠰᠤ᠂ ᠪᠠᠶᠠᠨᠬᠤᠰᠢᠭᠤ ᠰᠤᠮᠤ ᠵᠡᠷᠭᠡ ᠶᠢᠨ | ᠶᠡᠷᠦᠩᠬᠡᠶᠢᠯᠡᠨ ᠵᠠᠰᠠᠬᠤ ᠲᠥᠪ ᠪᠣᠯᠣᠨ ᠪᠠᠶᠠᠩᠭᠤᠣᠯ ᠨᠡᠶᠢᠭᠡᠮ ᠲᠣᠭᠤᠷᠢᠭ ᠤᠨ ᠨᠡᠶᠢᠭᠡᠮ ᠤᠨ ᠠᠮᠤᠷ ᠲᠦᠪᠰᠢᠨ ᠢ | ᠶᠡᠷᠦᠩᠬᠡᠶᠢᠯᠡᠨ ᠵᠠᠰᠠᠬᠤ ᠠᠵᠢᠯ ᠤᠨ ᠦᠷᠳᠡᠭᠡ ᠵᠡᠷᠭᠡ ᠭᠠᠵᠠᠷ ᠲᠤ ᠬᠦᠷᠴᠦ ᠲᠣᠭᠤᠷᠢᠨ ᠰᠤᠷᠤᠯᠴᠠᠪᠠ᠃ ᠠᠵᠢᠯᠲᠠᠨ ᠤ | ᠲᠠᠶᠢᠯᠤᠮᠵᠢ ᠶᠢ ᠰᠣᠨᠣᠰᠬᠤ ᠪᠠ ᠲᠠᠩᠰᠠ ᠡᠪᠬᠡᠮᠡᠯ ᠢ ᠨᠢ ᠦᠵᠡᠬᠦ ᠵᠡᠷᠭᠡ ᠣᠯᠠᠨ ᠬᠡᠯᠪᠡᠷᠢ ᠪᠠᠷ ᠳᠠᠮᠵᠢᠭᠤᠯᠤᠨ᠂ | ᠶᠡᠷᠦᠩᠬᠡᠶᠢᠯᠡᠨ ᠵᠠᠰᠠᠬᠤ ᠲᠥᠪ ᠤᠨ ᠵᠥᠷᠢᠴᠡᠯ ᠵᠢᠭᠤᠷᠠᠯᠳᠤᠭᠠᠨ ᠢ ᠣᠯᠠᠨ ᠡᠰᠢ ᠠᠴᠠ ᠰᠢᠢᠳᠪᠦᠷᠢᠯᠡᠬᠦ᠂ ᠠᠮᠤᠷ ᠲᠦᠪᠰᠢᠨ ᠤ | ᠰᠡᠷᠭᠡᠶᠢᠯᠡᠨ ᠡᠵᠡᠮᠳᠡᠬᠦ ᠰᠢᠰᠲ᠋ᠧᠮ ᠤᠨ ᠠᠵᠢᠯᠯᠠᠭ᠎ᠠ᠂ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠵᠡᠷᠭᠡ ᠲᠠᠯ᠎ᠠ ᠶᠢᠨ | ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠶᠢ ᠨᠠᠷᠢᠨ ᠣᠶᠢᠯᠠᠭᠠᠪᠠ᠃ | | | ᠳᠠᠷᠠᠭ᠎ᠠ ᠨᠢ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ | ᠱᠦᠵᠢ ᠦ᠋ ᠵᠦ ᠬᠤᠷᠠᠯ ᠢ ᠡᠷᠭᠢᠯᠠᠨ ᠶᠠᠷᠢᠶ᠎ᠠ ᠲᠠᠯᠪᠢᠵᠠᠢ᠃ ᠡᠯ᠎ᠡ ᠰᠤᠮᠤ ᠪᠠᠯᠭᠠᠰᠤ᠂ ᠲᠤᠬᠠᠶᠢᠯᠠᠭᠰᠠᠨ ᠠᠵᠢᠯ ᠤᠨ ᠰᠠᠯᠠᠭ᠎ᠠ | ᠮᠥᠴᠢᠷ ᠤᠨ ᠲᠥᠯᠥᠭᠡᠯᠡᠭᠴᠢ ᠶᠡᠷᠦᠩᠬᠡᠶᠢᠯᠡᠨ ᠵᠠᠰᠠᠬᠤ ᠲᠥᠪ ᠤᠨ ᠵᠢᠷᠤᠮᠵᠢᠭᠰᠠᠨ ᠪᠦᠲᠦᠭᠡᠨ ᠪᠠᠶᠢᠭᠤᠯᠤᠯᠲᠠ ᠶᠢᠨ | ᠲᠣᠭᠤᠷᠢᠨ ᠳᠤ ᠠᠵᠢᠯ ᠤᠨ ᠲᠤᠷᠰᠢᠯᠭ᠎ᠠ ᠪᠠᠨ ᠬᠤᠪᠢᠶᠠᠯᠴᠠᠨ᠂ ᠢᠳᠡᠪᠬᠢᠲᠡᠢ ᠪᠠᠷ ᠰᠠᠨᠠᠯ ᠵᠥᠪᠯᠡᠯᠭᠡ ᠳᠤᠷᠠᠳᠤᠨ ᠠᠷᠭ᠎ᠠ | ᠤᠬᠠᠭᠠᠨ ᠭᠠᠷᠭᠠᠪᠠ᠃ | ᠬᠤᠷᠠᠯ ᠠᠴᠠ᠂ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠲᠥᠪ ᠤᠨ ᠵᠢᠷᠤᠮᠵᠢᠭᠰᠠᠨ ᠪᠠᠶᠢᠭᠤᠯᠤᠯᠲᠠ | ᠶᠢ ᠠᠬᠢᠭᠤᠯᠬᠤ ᠪᠣᠯ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠰᠠᠭᠤᠷᠢ ᠶᠢ ᠪᠠᠬᠢᠵᠢᠭᠦᠯᠬᠦ ᠵᠠᠩᠭᠢᠯᠠᠭ᠎ᠠ ᠶᠢᠨ ᠠᠷᠭ᠎ᠠ | ᠬᠡᠮᠵᠢᠶ᠎ᠡ ᠮᠥᠨ᠂ ᠤᠯᠠᠨ ᠲᠦᠮᠡᠨ ᠤ ᠠᠮᠤᠷ ᠲᠦᠪᠰᠢᠨ ᠤ ᠲᠥᠷᠥᠭᠳᠡᠯ᠂ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠬᠦ | ᠴᠢᠬᠤᠯᠠ ᠭᠠᠷᠳᠠᠴᠠ ᠪᠣᠯᠣᠨ᠎ᠠ᠃ ᠡᠯ᠎ᠡ ᠰᠠᠯᠠᠭ᠎ᠠ ᠮᠥᠴᠢᠷ᠂ ᠰᠤᠮᠤ ᠪᠠᠯᠭᠠᠰᠤ ᠵᠢᠴᠢ ᠨᠡᠶᠢᠭᠡᠮ ᠲᠣᠭᠤᠷᠢᠭ ᠨᠢ ︽ᠡᠬᠢ | ᠪᠠᠶᠠᠯᠢᠭ ᠢ ᠡᠮᠬᠢᠯᠡᠨ ᠨᠡᠶᠢᠯᠡᠭᠦᠯᠬᠦ᠂ ᠠᠷᠠᠳ ᠲᠤ ᠲᠥᠬᠦᠮ ᠦᠵᠡᠭᠦᠯᠵᠦ ᠠᠰᠢᠭ ᠬᠦᠷᠲᠡᠭᠡᠬᠦ᠂ ᠬᠠᠤᠯᠢ ᠪᠠᠷ ᠵᠠᠰᠠᠬᠤ ᠪᠠᠷ | ᠬᠥᠲᠥᠯᠥᠨ ᠳᠠᠭᠠᠭᠤᠯᠬᠤ᠂ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠬᠤ︾ ᠪᠦᠲᠦᠭᠡᠨ ᠪᠠᠶᠢᠭᠤᠯᠤᠯᠲᠠ ᠶᠢᠨ | ᠱᠠᠭᠠᠷᠳᠠᠯᠭ᠎ᠠ ᠲᠠᠢ ᠨᠢᠭᠲᠠ ᠤᠶᠠᠯᠳᠤᠭᠤᠯᠤᠨ᠂ ᠬᠤᠰᠢᠭᠤ᠂ ᠰᠤᠮᠤ ᠪᠠᠯᠭᠠᠰᠤ ᠬᠤᠶᠠᠷ ᠱᠠᠲᠤᠨ ᠤ ᠶᠡᠷᠦᠩᠬᠡᠶᠢᠯᠡᠨ ᠵᠠᠰᠠᠬᠤ | ᠲᠥᠪ ᠤᠨ ᠵᠢᠷᠤᠮᠵᠢᠭᠰᠠᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠲᠡᠭᠦᠯᠳᠡᠷᠵᠢᠭᠦᠯᠵᠦ᠂ ᠮᠡᠳᠡᠭᠡ ᠵᠠᠩᠭᠢ ᠶᠢ | ᠬᠠᠮᠲᠤᠪᠠᠷ ᠭᠥᠷᠳᠡᠬᠦ᠂ ᠬᠦᠴᠦᠨ ᠢ ᠡᠮᠬᠢᠯᠡᠨ ᠨᠡᠶᠢᠯᠡᠭᠦᠯᠬᠦ᠂ ᠬᠠᠮᠲᠤᠷᠠᠨ ᠬᠥᠳᠡᠯᠦᠯᠴᠡᠬᠦ ᠶᠢ ᠠᠬᠢᠭᠤᠯᠬᠤ ᠬᠡᠷᠡᠭᠲᠡᠢ᠃ ᠡᠭᠦᠨ | ᠤ ᠬᠠᠮᠲᠤ᠂ ᠲᠤᠰ ᠤᠳᠠᠭᠠᠨ ᠤ ᠠᠵᠢᠯᠯᠠᠭ᠎ᠠ ᠪᠠᠷ ᠠᠵᠠ ᠲᠣᠬᠢᠶᠠᠯ ᠪᠣᠯᠭᠠᠨ᠂ ᠤᠯᠠᠨ ᠲᠦᠮᠡᠨ ᠤ ᠰᠠᠨᠠᠭᠤᠯᠭ᠎ᠠ ᠶᠢ | ᠠᠵᠢᠯ ᠤᠨ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠵᠠᠰᠠᠯᠲᠠ ᠶᠢᠨ ᠵᠠᠭᠪᠤᠷ ᠢ ᠦᠷᠭᠦᠯᠵᠢᠯᠡᠨ ᠰᠢᠯᠢᠳᠡᠭᠵᠢᠭᠦᠯᠵᠦ᠂ | ᠶᠡᠷᠦᠩᠬᠡᠶᠢᠯᠡᠨ ᠵᠠᠰᠠᠬᠤ ᠲᠥᠪ ᠢ ᠵᠥᠷᠢᠴᠡᠯ ᠵᠢᠭᠤᠷᠠᠯᠳᠤᠭᠠᠨ ᠢ ᠨᠠᠮᠳᠠᠭᠤᠯᠬᠤ ︽ᠡᠴᠦᠰ ᠤᠨ ᠦᠷᠳᠡᠭᠡ︾᠂ ᠠᠮᠤᠷ | ᠠᠮᠤᠭᠤᠯᠠᠩ ᠤᠨ ᠪᠠᠶᠢᠭᠤᠯᠤᠯᠲᠠ ᠶᠢᠨ ︽ᠪᠠᠬᠢᠯᠡᠯᠲᠡ︾ ᠪᠣᠯᠭᠠᠨ ᠪᠠᠶᠢᠭᠤᠯᠵᠤ᠂ ᠦᠨᠳᠦᠰᠦᠨ ᠱᠠᠲᠤᠨ ᠤ ᠵᠠᠰᠠᠯᠲᠠ ᠶᠢᠨ | ᠰᠢᠰᠲ᠋ᠧᠮ ᠪᠣᠯᠣᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠪᠦᠬᠦ ᠲᠠᠯ᠎ᠠ ᠪᠠᠷ ᠠᠬᠢᠭᠤᠯᠬᠤ ᠬᠡᠷᠡᠭᠲᠡᠢ ᠭᠡᠵᠦ | ᠴᠢᠬᠤᠯᠠᠴᠢᠯᠠᠪᠠ᠃ | | |