ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ | ᠶᠣᠰᠤ ᠰᠤᠷᠲᠠᠬᠤᠨ ᠢᠶᠠᠷ ᠬᠦᠮᠦᠨ ᠢ ᠬᠥᠮᠥᠵᠢᠭᠦᠯᠬᠦ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠤᠨ᠂ ᠬᠡᠪ ᠴᠢᠨᠠᠷ | ᠤᠨ ᠰᠤᠷᠭᠠᠨ ᠬᠥᠮᠥᠵᠢᠯ ᠢ ᠶᠡᠭᠡ ᠪᠠᠷ ᠬᠡᠷᠡᠭᠵᠢᠭᠦᠯᠵᠦ᠂ ᠰᠢᠨ᠎ᠡ ᠴᠠᠭ ᠦᠶ᠎ᠡ ᠶᠢᠨ ᠰᠤᠷᠭᠠᠭᠤᠯᠢ ᠶᠢᠨ ᠪᠡᠶ᠎ᠡ ᠲᠠᠮᠢᠷ | ᠤᠨ ᠠᠵᠢᠯ ᠢ ᠪᠥᠬᠦ ᠲᠠᠯ᠎ᠠ ᠪᠠᠷ ᠴᠢᠩᠭᠠᠳᠬᠠᠨ᠂ ᠰᠤᠷᠤᠭᠴᠢᠳ ᠤᠨ ᠶᠡᠷᠦᠩᠬᠡᠶᠢᠯᠡᠭᠰᠡᠨ ᠬᠡᠪ ᠴᠢᠨᠠᠷ ᠢ | ᠳᠡᠭᠡᠭᠰᠢᠯᠡᠭᠦᠯᠬᠦ ᠶᠢᠨ ᠲᠥᠯᠦᠭᠡ᠂ 6 ᠰᠠᠷ᠎ᠠ ᠶᠢᠨ 21 ᠤ ᠡᠳᠦᠷ᠂ ᠪᠠᠷᠠᠭᠤᠨ ᠦᠵᠦᠮᠦᠴᠢᠨ ᠬᠤᠰᠢᠭᠤ ᠠᠷᠪᠠᠨ | ᠵᠢᠷᠭᠤᠳᠤᠭᠠᠷ ᠬᠤᠭᠤᠴᠠᠭᠠᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠬᠥᠨᠳᠦ ᠬᠥᠩᠭᠡᠨ ᠪᠡᠶ᠎ᠡ | ᠲᠠᠮᠢᠷ ᠤᠨ ᠤᠷᠤᠯᠳᠤᠭᠠᠨ ᠢ ᠡᠷᠬᠢᠯᠡᠨ ᠶᠠᠪᠤᠭᠳᠠᠭᠤᠯᠪᠠ᠃ ᠬᠤᠰᠢᠭᠤ ᠤᠳᠤᠷᠢᠳᠤᠯᠭ᠎ᠠ ᠡᠦ ᠵᠤ᠋᠂ ᠮᠡᠷᠭᠡᠨᠳᠠᠯᠠᠢ | ᠡᠬᠢᠯᠡᠯᠲᠡ ᠶᠢᠨ ᠶᠣᠰᠤᠯᠠᠯ ᠳᠤ ᠣᠷᠣᠯᠴᠠᠪᠠ᠃ | | | ᠡᠬᠢᠯᠡᠯᠲᠡ ᠶᠢᠨ ᠶᠣᠰᠤᠯᠠᠯ ᠳᠤ᠂ ᠤᠬᠠᠭᠠᠨᠲᠦ ᠪᠠᠭᠠᠴᠤᠳ ᠤᠨ ᠢᠶᠠᠨ ᠢᠷᠡᠭᠡᠳᠦᠢ ᠶᠢ ᠵᠦᠩᠨᠡᠵᠦ᠂ ᠣᠯᠠᠨ | ᠲᠠᠮᠢᠷᠴᠢᠳ ᠤᠨ ᠢᠶᠠᠨ ᠠᠮᠵᠢᠯᠲᠠ ᠶᠢ ᠬᠤᠷᠤᠶᠢᠯᠠᠨ ᠤᠯᠤᠰ ᠤᠨ ᠲᠤᠭ ᠤᠨ ᠡᠩᠨᠡᠭᠡ ᠲᠡᠷᠢᠭᠦᠯᠦᠨ ᠲᠠᠯᠠᠪᠠᠢ ᠳᠤ | ᠣᠷᠣᠵᠤ᠂ ᠰᠤᠷᠤᠭᠴᠢᠳ᠂ ᠬᠢᠨᠠᠭᠴᠢᠳ ᠤᠨ ᠪᠥᠯᠬᠦᠮ ᠴᠤᠭ ᠰᠦᠯᠳᠡ ᠪᠠᠳᠠᠷᠠᠭᠤᠯᠤᠨ᠂ ᠢᠳᠡᠷᠡᠭᠦᠨ ᠠᠯᠬᠤᠭ᠎ᠠ ᠪᠠᠷ | ᠲᠠᠯᠠᠪᠠᠢ ᠳᠤ ᠣᠷᠣᠯ᠎ᠠ᠃ ᠳᠠᠷᠠᠭ᠎ᠠ ᠨᠢ᠂ ᠲᠠᠮᠢᠷᠴᠢᠨ ᠤ ᠲᠥᠯᠦᠭᠡᠯᠡᠭᠴᠢ ᠪᠠ ᠬᠢᠨᠠᠭᠴᠢ ᠶᠢᠨ ᠲᠥᠯᠦᠭᠡᠯᠡᠭᠴᠢ ᠲᠥᠪ | ᠴᠢᠩᠭ᠎ᠠ ᠪᠠᠷ ᠲᠠᠩᠭᠠᠷᠢᠭ ᠬᠢᠭᠰᠡᠨ ᠪᠠᠶᠢᠨ᠎ᠠ᠃ | | | ᠵᠠᠯᠭᠠᠭᠠᠳ ᠡᠯ᠎ᠡ ᠬᠡᠥᠬᠡᠳ ᠤᠨ ᠴᠡᠴᠡᠷᠯᠢᠭ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠠᠴᠠ | ᠲᠣᠭᠯᠠᠯᠲᠠ ᠭᠠᠷᠭᠠᠨ᠂ ᠡᠬᠢᠯᠡᠯᠲᠡ ᠶᠢᠨ ᠶᠣᠰᠤᠯᠠᠯ ᠳᠤ ᠬᠥᠷ ᠬᠥᠭᠵᠢᠶᠡᠨ ᠨᠡᠮᠡᠷᠢᠯᠡᠯ᠎ᠡ᠃ ᠤᠯᠠᠨ ᠤ ᠬᠥᠷ | ᠨᠠᠷᠭᠢᠶᠠᠨ ᠳᠤᠮᠳᠠ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠦ ᠬᠠᠥᠯᠢ ᠴᠠᠭᠠᠵᠠ ᠶᠢᠨ | ᠵᠥᠪᠯᠡᠯ ᠤᠨ ᠱᠦᠵᠢ ᠡᠦ ᠵᠤ᠋᠂ ᠪᠠᠷᠠᠭᠤᠨ ᠦᠵᠦᠮᠦᠴᠢᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ | ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠬᠥᠨᠳᠦ ᠬᠥᠩᠭᠡᠨ ᠪᠡᠶ᠎ᠡ ᠲᠠᠮᠢᠷ ᠤᠨ ᠤᠷᠤᠯᠳᠤᠭᠠᠨ | ᠡᠬᠢᠯᠡᠬᠦ ᠶᠢ ᠵᠠᠷᠯᠠᠵᠤ᠂ ᠤᠷᠤᠯᠳᠤᠭᠠᠨ ᠡᠬᠢᠯᠡᠵᠤ ᠶᠠᠪᠤᠭᠳᠠᠯ᠎ᠠ᠃ | | | ᠣᠶᠢᠯᠭᠠᠭᠰᠠᠨ ᠢᠶᠠᠷ᠂ ᠲᠣᠰ ᠤᠳᠠᠭᠠᠨ ᠤ ᠲᠠᠮᠢᠷ ᠤᠨ ᠤᠷᠤᠯᠳᠤᠭᠠᠨ ᠳᠤ 52 ᠲᠥᠷᠦᠯ ᠤᠨ ᠤᠷᠤᠯᠳᠤᠭᠠᠨ | ᠤ ᠲᠥᠷᠦᠯ ᠵᠦᠢᠯ ᠲᠣᠬᠢᠷᠠᠭᠤᠯᠵᠤ᠂ ᠪᠠᠭ᠎ᠠ ᠰᠤᠷᠭᠠᠭᠤᠯᠢ ᠶᠢᠨ ᠳᠣᠭᠤᠶᠢᠯᠠᠩ᠂ ᠠᠩᠬ᠎ᠠ ᠳᠤᠮᠳᠠᠳᠤ ᠶᠢᠨ | ᠳᠤᠭᠤᠶᠢᠯᠠᠩ ᠬᠤᠪᠢᠶᠠᠵᠤ᠂ ᠬᠤᠰᠢᠭᠤᠨ ᠤ ᠡᠯ᠎ᠡ ᠳᠤᠮᠳᠠᠳᠤ ᠪᠠᠭ᠎ᠠ ᠰᠤᠷᠭᠠᠭᠤᠯᠢ ᠶᠢᠨ 350 ᠭᠠᠷᠤᠢ ᠲᠠᠮᠢᠷᠴᠢᠳ | ᠣᠷᠤᠯᠴᠠᠭᠰᠠᠨ ᠪᠠᠶᠢᠨ᠎ᠠ᠃ |