6 ᠰᠠᠷ᠎ᠠ ᠶᠢᠨ 21 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠪᠦᠦ ᠯᠢᠨ ᠲᠠᠯ᠎ᠠ ᠨᠤᠲᠤᠭ ᠤᠨ ︽ | 99 ᠨᠣᠮᠧᠷᠲᠤ ᠵᠠᠰᠠᠮᠠᠯ ᠵᠠᠮ︾ ᠳᠠᠭᠠᠤ ᠦᠵᠡᠮᠵᠢ ᠶᠢᠨ ᠣᠷᠣᠨ ᠵᠢᠴᠢ ᠭᠤᠣᠯᠳᠠᠯᠭ᠎ᠠ ᠲᠠᠢ ᠲᠥᠷᠥᠯ ᠵᠦᠢᠯ ᠤᠨ | ᠪᠦᠲᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠤᠷ ᠲᠤ ᠭᠦᠨᠵᠡᠭᠡᠶᠢᠷᠡᠨ ᠰᠣᠶᠣᠯ ᠵᠢᠭᠤᠯᠴᠢᠯᠠᠯ ᠤᠨ ᠠᠵᠤ | ᠦᠢᠯᠡᠰ ᠤᠨ ᠬᠥᠭᠵᠢᠯᠲᠡ ᠵᠢᠴᠢ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠵᠡᠷᠭᠡ ᠠᠵᠢᠯ | ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠲᠤᠬᠠᠢ ᠶᠢᠨ ᠭᠠᠵᠠᠷ ᠲᠤᠨᠢ ᠬᠦᠷᠴᠦ ᠪᠠᠶᠢᠴᠠᠭᠠᠨ ᠰᠤᠳᠤᠯᠵᠤ ᠬᠢᠨᠠᠨ | ᠵᠢᠯᠣᠭᠤᠳᠪᠠ᠃ ᠬᠤᠰᠢᠭᠤ ᠳᠡᠳ᠋ ᠳᠠᠷᠤᠭ᠎ᠠ ᠮᠧᠩ ᠹᠠᠨ ᠸᠧᠢ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ | | | ᠪᠦᠦ ᠯᠢᠨ ᠨᠠᠷ ᠤᠷᠢᠳ ᠬᠤᠵᠢᠳ ᠲᠠᠯ᠎ᠠ ᠨᠤᠲᠤᠭ ᠤᠨ ︽99 ᠨᠣᠮᠧᠷᠲᠤ ᠵᠠᠰᠠᠮᠠᠯ ᠵᠠᠮ︾ ᠳᠠᠭᠠᠤ | ᠦᠵᠡᠮᠵᠢ ᠶᠢᠨ ᠣᠷᠣᠨ ᠪᠣᠯᠣᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠠᠢ ᠳᠤ | ᠬᠦᠷᠴᠦ᠂ ᠦᠵᠡᠮᠵᠢ ᠶᠢᠨ ᠣᠷᠣᠨ ᠤ ᠡᠵᠡᠩᠨᠡᠯᠲᠡ᠂ ᠲᠦᠷᠦᠯ ᠵᠦᠢᠯ ᠤᠨ ᠠᠬᠢᠴᠠ᠂ ᠡᠵᠡᠩᠨᠡᠯᠲᠡ ᠶᠢᠨ ᠬᠡᠯᠪᠡᠷᠢ | ᠪᠠᠶᠢᠳᠠᠯ ᠤᠨ ᠪᠠᠶᠢᠷᠢᠰᠢᠭᠤᠯᠤᠯᠲᠠ ᠵᠢᠴᠢ ᠠᠶᠤᠯᠭᠦᠢ ᠦᠢᠯᠡᠳᠪᠦᠷᠢᠯᠡᠯ ᠵᠡᠷᠭᠡ ᠶᠢ ᠣᠶᠢᠯᠠᠭᠠᠪᠠ᠃ ᠲᠡᠷᠡ᠂ ᠪᠠᠷᠠᠭᠤᠨ | ᠦᠵᠦᠮᠦᠴᠢᠨ ᠬᠤᠰᠢᠭᠤᠨ ᠤ ᠵᠢᠭᠤᠯᠴᠢᠯᠠᠯ ᠤᠨ ᠡᠬᠢ ᠪᠠᠶᠠᠯᠢᠭ ᠡᠯᠪᠡᠭ᠂ ᠲᠠᠯ᠎ᠠ ᠨᠤᠲᠤᠭ ᠤᠨ ᠰᠣᠶᠣᠯ ᠤᠨ ᠰᠠᠭᠤᠷᠢ | ᠭᠦᠨ ᠵᠤᠵᠠᠭᠠᠨ ᠪᠠᠶᠢᠳᠠᠭ ᠪᠣᠯᠬᠤᠷ ᠠᠮᠢ ᠠᠬᠤᠢ ᠪᠠ ᠬᠥᠮᠥᠨ ᠰᠣᠶᠣᠯ ᠤᠨ ᠳᠠᠪᠠᠭᠤᠯᠢᠭ ᠢᠶᠠᠨ ᠭᠦᠢᠴᠡᠳ | ᠪᠠᠳᠠᠷᠠᠭᠤᠯᠵᠤ᠂ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ | ᠲᠡᠭᠦᠯᠳᠡᠷᠵᠢᠭᠦᠯᠦᠨ᠂ ᠵᠢᠭᠤᠯᠴᠢᠯᠠᠯ ᠤᠨ ᠦᠢᠯᠡᠴᠢᠯᠡᠭᠡ ᠶᠢ ᠰᠢᠯᠢᠳᠡᠭᠵᠢᠭᠦᠯᠵᠦ᠂ ᠵᠢᠭᠤᠯᠴᠢᠯᠠᠭᠴᠢᠳ ᠤᠨ | ᠣᠶᠢᠯᠠᠭᠠᠯᠲᠠ ᠶᠢ ᠳᠡᠭᠡᠭᠰᠢᠯᠡᠭᠦᠯᠬᠦ ᠬᠡᠷᠡᠭᠲᠡᠢ᠃ ᠰᠣᠶᠣᠯ ᠴᠡᠩᠭᠡᠯ᠂ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠵᠡᠷᠭᠡ | ᠴᠢᠳᠠᠮᠵᠢ ᠲᠠᠢ ᠤᠶᠠᠯᠳᠤᠭᠤᠯᠤᠨ᠂ ᠵᠢᠭᠤᠯᠴᠢᠯᠠᠯ ᠤᠨ ᠪᠦᠲᠦᠭᠡᠭᠳᠡᠬᠦᠨ ᠤ ᠰᠢᠨ᠎ᠡ ᠶᠢ ᠡᠭᠦᠳᠴᠦ᠂ ᠲᠣᠭᠤᠷᠢᠨ ᠦᠵᠡᠬᠦ | ᠂ ᠰᠡᠯᠡᠭᠦᠴᠡᠬᠦ᠂ ᠰᠤᠳᠤᠯᠤᠨ ᠰᠤᠷᠤᠯᠴᠠᠬᠤ ᠶᠢ ᠨᠢᠭᠡ ᠴᠣᠭᠴᠠᠵᠢᠭᠤᠯᠤᠭᠰᠠᠨ ᠴᠢᠨᠠᠷ ᠰᠠᠶᠢᠲᠠᠢ ᠰᠣᠶᠣᠯ | ᠵᠢᠭᠤᠯᠴᠢᠯᠠᠯ ᠤᠨ ᠲᠥᠷᠥᠯ ᠵᠦᠢᠯ ᠢ ᠪᠣᠶ ᠪᠣᠯᠭᠠᠵᠤ᠂ ᠦᠵᠡᠮᠵᠢ ᠶᠢᠨ ᠣᠷᠣᠨ ᠤ ᠲᠠᠲᠠᠬᠤ ᠬᠦᠴᠦᠨ ᠪᠠ | ᠥᠷᠢᠰᠦᠯᠳᠦᠬᠦ ᠬᠦᠴᠦᠨ ᠢ ᠴᠢᠩᠭᠠᠷᠠᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | | | ᠡᠯ᠎ᠡ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠠᠶ ᠳᠤ᠂ | ᠪᠦᠦ ᠯᠢᠨ᠂ ᠪᠠᠷᠢᠯᠭ᠎ᠠ ᠶᠢᠨ ᠠᠰᠢᠭᠲᠠᠢ ᠬᠤᠭᠤᠴᠠᠭ᠎ᠠ ᠶᠢ ᠵᠠᠪᠳᠤᠨ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠤᠨ᠂ | ᠠᠬᠢᠴᠠ ᠶᠢ ᠲᠦᠷᠭᠡᠳᠬᠡᠵᠦ᠂ ᠲᠥᠷᠥᠯ ᠵᠦᠢᠯ ᠢ ᠡᠷᠲᠡ ᠪᠠᠶᠢᠭᠤᠯᠵᠤ᠂ ᠡᠷᠲᠡ ᠠᠰᠢᠭᠯᠠᠯᠲᠠ ᠳᠤ ᠣᠷᠣᠭᠤᠯᠵᠤ᠂ | ᠡᠷᠲᠡ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ᠃ ᠡᠭᠦᠨ ᠤ ᠬᠠᠮᠲᠤ᠂ ᠪᠠᠷᠢᠯᠭ᠎ᠠ ᠶᠢᠨ ᠶᠠᠰᠤ ᠴᠢᠨᠠᠷ ᠤᠨ | ᠪᠣᠭᠤᠮᠲᠠ ᠶᠢ ᠴᠢᠩᠭ᠎ᠠ ᠠᠳᠬᠤᠨ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠴᠢᠩᠭ᠎ᠠ | ᠨᠠᠶᠢᠳᠠᠪᠤᠷᠢᠵᠢᠭᠤᠯᠵᠤ᠂ ᠠᠮᠢ ᠠᠬᠤᠢ ᠶᠢᠨ ᠬᠠᠮᠠᠭᠠᠯᠠᠯᠲᠠ ᠶᠢ ᠴᠢᠬᠤᠯᠠᠴᠢᠯᠠᠨ᠂ ᠠᠵᠤ ᠠᠬᠤᠢ ᠶᠢᠨ ᠦᠷ᠎ᠡ ᠠᠰᠢᠭ | ᠪᠣᠯᠣᠨ ᠠᠮᠢ ᠠᠬᠤᠢ ᠶᠢᠨ ᠦᠷ᠎ᠡ ᠠᠰᠢᠭ ᠤᠨ ᠬᠤᠣᠰ ᠠᠮᠵᠢᠯᠲᠠ ᠶᠢ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | | | | | | ᠪᠦᠦ ᠯᠢᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠣᠨ ᠦᠵᠡᠮᠵᠢ ᠶᠢᠨ ᠣᠷᠣᠨ ᠤ ᠬᠢᠨ | ᠦᠢᠯᠡᠴᠢᠯᠡᠭᠡᠨ ᠤ ᠤᠬᠠᠮᠰᠠᠷ ᠢᠶᠠᠨ ᠴᠢᠨᠠᠭᠰᠢᠳᠠ ᠳᠡᠭᠡᠭᠰᠢᠯᠡᠭᠦᠯᠵᠦ᠂ ᠬᠦᠯᠢᠶᠡᠨ ᠠᠪᠬᠤ ᠴᠢᠳᠠᠪᠤᠷᠢ ᠪᠣᠯᠣᠨ | ᠦᠢᠯᠡᠴᠢᠯᠡᠭᠡᠨ ᠤ ᠲᠦᠪᠰᠢᠨ ᠢᠶᠠᠨ ᠪᠦᠬᠦ ᠲᠠᠯ᠎ᠠ ᠪᠠᠷ ᠳᠡᠭᠡᠭᠰᠢᠯᠡᠭᠦᠯᠦᠨ᠂ ᠵᠠᠮ ᠬᠠᠷᠢᠯᠴᠠᠭ᠎ᠠ᠂ ᠬᠤᠨᠤᠭ ᠰᠠᠭᠤᠴᠠ᠂ | ᠬᠤᠭᠤᠯᠠ ᠤᠮᠳᠠ ᠵᠡᠷᠭᠡ ᠢᠵᠢ ᠪᠦᠷᠢᠨ ᠦᠢᠯᠡᠴᠢᠯᠡᠭᠡ ᠶᠢ ᠲᠡᠭᠦᠯᠳᠡᠷᠵᠢᠭᠦᠯᠵᠦ᠂ ᠵᠢᠭᠤᠯᠴᠢᠯᠠᠭᠴᠢᠳ ᠲᠤ | ᠲᠠᠭᠠᠯᠠᠮᠵᠢᠲᠠᠢ ᠰᠢᠯᠢᠳᠡᠭ ᠦᠢᠯᠡᠴᠢᠯᠡᠭᠡ ᠬᠠᠩᠭᠠᠬᠤ ᠬᠡᠷᠡᠭᠲᠡᠢ᠃ ᠮᠠᠨ ᠤ ᠬᠤᠰᠢᠭᠤᠨ ᠤ ᠰᠣᠶᠣᠯ ᠤᠨ ᠣᠨᠴᠠᠯᠢᠭ ᠢ | ᠭᠦᠨᠵᠡᠭᠡᠢ ᠢᠯᠡᠷᠡᠭᠦᠯᠵᠦ᠂ ᠲᠣᠭᠯᠠᠯᠲᠠ ᠶᠢᠨ ᠤᠷᠠᠯᠢᠭ᠂ ᠪᠡᠶᠡᠴᠢᠯᠡᠨ ᠣᠶᠢᠯᠠᠭᠠᠬᠤ ᠵᠡᠷᠭᠡ ᠡᠵᠡᠩᠨᠡᠯᠲᠡ ᠶᠢᠨ ᠬᠡᠯᠪᠡᠷᠢ | ᠪᠠᠶᠢᠳᠠᠯ ᠢ ᠪᠠᠶᠠᠯᠢᠭᠵᠢᠭᠤᠯᠤᠨ᠂ ᠥᠪᠡᠷᠮᠢᠴᠡ ᠲᠠᠲᠠᠬᠤ ᠬᠦᠴᠦᠨ ᠲᠠᠢ ᠰᠣᠶᠣᠯ ᠵᠢᠭᠤᠯᠴᠢᠯᠠᠯ ᠤᠨ ᠨᠠᠷᠠᠲᠤ | ᠲᠡᠮᠳᠡᠭᠲᠦ ᠶᠢ ᠡᠭᠦᠳᠬᠦ ᠬᠡᠷᠡᠭᠲᠡᠢ᠃ ᠡᠭᠦᠨ ᠤ ᠬᠠᠮᠲᠤ᠂ ᠵᠣᠨ ᠤ ᠠᠮᠠᠷᠠᠯᠲᠠ ᠶᠢᠨ ᠵᠢᠭᠤᠯᠴᠢᠯᠠᠯ ᠤᠨ ᠬᠥᠭᠵᠢᠯᠲᠡᠢ | ᠤᠯᠠᠷᠢᠯ ᠳᠤ ᠠᠶᠤᠯᠭᠦᠢ ᠦᠢᠯᠡᠳᠪᠦᠷᠢᠯᠡᠯ ᠢ ᠴᠠᠭ ᠢᠮᠠᠭᠲᠠ ᠴᠢᠩᠭᠠᠳᠬᠠᠵᠤ᠂ ᠦᠵᠡᠮᠵᠢ ᠶᠢᠨ ᠣᠷᠣᠨ ᠤ ᠠᠮᠤᠷ | ᠲᠦᠪᠰᠢᠨ ᠤ ᠬᠠᠮᠢᠶᠠᠷᠤᠯᠲᠠ ᠶᠢ ᠴᠢᠩᠭᠠᠳᠬᠠᠨ᠂ ᠪᠠᠴᠢᠮ ᠪᠠᠶᠢᠳᠠᠯ ᠢ ᠠᠷᠭᠠᠴᠠᠬᠤ ᠲᠥᠰᠥᠯ ᠢ ᠰᠠᠶᠢᠲᠤᠷ ᠬᠢᠵᠦ᠂ | ᠵᠢᠭᠤᠯᠴᠢᠯᠠᠭᠴᠢᠳ ᠤᠨ ᠠᠮᠤᠷ ᠲᠦᠪᠰᠢᠨ ᠪᠠ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠲᠣᠭᠲᠠᠭᠤᠨ ᠪᠥᠭᠡᠳ ᠡᠮᠬᠢ | ᠵᠢᠷᠤᠮ ᠲᠠᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ |