ᠰᠢᠯᠢ ᠶᠢᠨ ᠭᠤᠤᠯ ᠤᠨ 2025 ᠤᠨ ᠤ ᠵᠤᠨ ᠤ ᠤᠯᠠᠷᠢᠯ ᠤᠨ ᠮᠤᠩᠭᠤᠯ ᠮᠤᠷᠢᠨ ᠤ ᠬᠤᠯᠪᠤᠭᠠᠳᠤ ᠤᠷᠤᠯᠳᠤᠭᠠᠨ ᠤ ᠪᠠᠷᠠᠭᠤᠨ ᠦᠵᠦᠮᠦᠴᠢᠨ ᠬᠤᠰᠢᠭᠤᠨ ᠤ ᠰᠢᠢᠳᠪᠦᠷᠢᠳᠦ ᠤᠷᠤᠯᠳᠤᠭᠠᠨ ᠵᠢᠴᠢ ᠴᠠᠭᠠᠨ ᠠᠳᠤᠭᠤᠨ ᠤ ᠨᠠᠶᠢᠷ ᠤᠨ 256 ᠪᠦᠬᠡ ᠶᠢᠨ ᠪᠠᠷᠢᠯᠳᠤᠭᠠᠨ ᠳᠤ ᠪᠠᠶᠠᠠᠮᠡᠨᠳᠦ ᠲᠡᠷᠢᠭᠦᠯᠡᠪᠡ
ᠨᠡᠶᠢᠲᠡᠯᠡᠭᠰᠡᠨ ᠴᠠᠭ᠄
2025/6/23
    6 ᠰᠠᠷ᠎ᠠ ᠶᠢᠨ 21—22 ᠤ ᠡᠳᠦᠷ᠂ ᠰᠢᠯᠢ ᠶᠢᠨ ᠭᠤᠤᠯ ᠤᠨ 2025 ᠤᠨ ᠤ ᠵᠤᠨ ᠤ ᠤᠯᠠᠷᠢᠯ ᠤᠨ ᠮᠤᠩᠭᠤᠯ ᠮᠤᠷᠢᠨ ᠤ ᠬᠤᠯᠪᠤᠭᠠᠳᠤ ᠤᠷᠤᠯᠳᠤᠭᠠᠨ ᠤ ᠪᠠᠷᠠᠭᠤᠨ ᠦᠵᠦᠮᠦᠴᠢᠨ ᠬᠤᠰᠢᠭᠤᠨ ᠤ ᠰᠢᠢᠳᠪᠦᠷᠢᠳᠦ ᠤᠷᠤᠯᠳᠤᠭᠠᠨ ᠵᠢᠴᠢ ᠴᠠᠭᠠᠨ ᠠᠳᠤᠭᠤᠨ ᠤ ᠨᠠᠶᠢᠷ ᠤᠨ 256 ᠪᠦᠬᠡ ᠶᠢᠨ ᠪᠠᠷᠢᠯᠳᠤᠭᠠᠨ᠂ 128 ᠬᠡᠤᠬᠡᠳ ᠤᠨ ᠪᠦᠭᠡ ᠶᠢᠨ ᠪᠠᠷᠢᠯᠳᠤᠭᠠᠨ ᠶᠠᠪᠤᠠᠠᠳᠠᠪᠠ᠃
    ᠲᠤᠰ ᠨᠠᠶᠢᠷ ᠲᠤ ᠪᠠᠷᠠᠭᠤᠨ ᠦᠵᠦᠮᠦᠴᠢᠨ ᠬᠤᠰᠢᠭᠤ᠂ ᠵᠡᠭᠦᠨ ᠦᠵᠦᠮᠦᠴᠢᠨ ᠬᠤᠰᠢᠭᠤ᠂ ᠪᠠᠭᠠᠷᠢᠨ ᠪᠠᠷᠠᠭᠤᠨ ᠬᠤᠰᠢᠭᠤ᠂ ᠬᠦᠯᠦᠨ ᠪᠤᠶᠢᠷ ᠬᠤᠳᠠ ᠵᠡᠷᠭᠡ ᠭᠠᠵᠠᠷ ᠤᠷᠤᠨ ᠤ 256 ᠪᠦᠬᠡ ᠵᠤᠳᠤᠠᠠᠯᠠᠵᠦ ᠬᠤᠶᠠᠷ ᠡᠳᠦᠷ ᠤᠨ ᠬᠤᠭᠤᠴᠠᠭᠠᠨ ᠳᠤ ᠤᠷ᠎ᠠ ᠮᠡᠭᠡ᠂ ᠬᠦᠴᠦ ᠲᠠᠮᠢᠷ ᠢᠶᠠᠨ ᠰᠢᠯᠭᠠᠯᠴᠠᠪᠠ᠃
    ᠲᠤᠰ ᠤᠳᠠᠭᠠᠨ ᠤ ᠬᠦᠴᠦᠳᠦ 256 ᠪᠦᠬᠡ ᠶᠢᠨ ᠪᠠᠷᠢᠯᠳᠤᠭᠠᠨ ᠳᠤ ᠤᠯᠠᠭᠠᠠᠬᠠᠭᠠᠯᠭ᠎ᠠ ᠰᠤᠮᠤᠨ ᠤ ᠪᠠᠶᠠᠠᠮᠡᠨᠳᠦ ᠲᠡᠷᠢᠭᠦᠯᠡᠵᠦ᠂ ᠪᠠᠶᠠᠠᠬᠤᠸᠠ ᠪᠠᠯᠭᠠᠰᠤᠨ ᠤ ᠨᠠᠮᠰᠠᠷᠠᠢ ᠲᠡᠳ᠋ᠯᠡᠵᠦ᠂ ᠪᠠᠶᠠᠠᠬᠤᠸᠠ ᠪᠠᠯᠭᠠᠰᠤᠨ ᠤ ᠴᠠᠭᠠᠠᠵᠠᠭᠠᠨ᠎ᠠ᠂ ᠬᠦᠯᠦᠨ ᠪᠤᠶᠢᠷ ᠬᠤᠳᠠ ᠶᠢᠨ ᠳ᠋ᠠᠰᠢᠳᠤᠩᠳᠤᠭ ᠲᠤᠰ ᠲᠤᠰ ᠭᠤᠷᠪᠠ ᠲᠦᠷᠪᠡᠳᠦᠭᠡᠷ ᠲᠤ ᠤᠷᠤᠪᠠ᠃     22 ᠤ ᠡᠳᠦᠷ ᠶᠠᠪᠤᠠᠠᠳᠠᠭᠰᠠᠨ 128 ᠬᠡᠤᠬᠡᠳ ᠤᠨ ᠪᠦᠬᠡ ᠳᠤ ᠡᠯ᠎ᠡ ᠭᠠᠵᠠᠷ ᠠᠴᠠ ᠢᠷᠡᠭᠰᠡᠨ ᠪᠦᠬᠦᠯᠢ 12 ᠨᠠᠰᠤᠨ ᠤ ᠬᠡᠤᠬᠡᠳ ᠤᠷᠤᠯᠴᠠᠨ ᠬᠦᠴᠦ ᠤᠬᠠᠭᠠᠨ ᠢᠶᠠᠨ ᠰᠢᠯᠭᠠᠯᠴᠠᠪᠠ᠃ ᠤᠷᠤᠯᠳᠤᠭᠠᠨ ᠤ ᠳ᠋ᠦᠩ ᠳᠤ᠂ ᠵᠡᠭᠦᠨ ᠦᠵᠦᠮᠦᠴᠢᠨ ᠬᠤᠰᠢᠭᠤᠨ ᠤ ᠪᠠᠶᠠᠯᠢᠭ ᠲᠡᠷᠢᠭᠦᠯᠡᠵᠦ᠂ ᠤᠯᠠᠭᠠᠠᠬᠠᠭᠠᠯᠭ᠎ᠠ ᠰᠤᠮᠤᠨ ᠤ ᠰᠤᠳᠤᠰᠡᠴᠡᠨ ᠲᠡᠳ᠋ᠯᠡᠵᠦ᠂ ᠠᠷᠤ ᠬᠤᠷᠴᠢᠨ ᠬᠤᠰᠢᠭᠤᠨ ᠤ ᠠᠷᠤᠤᠬᠠᠨ᠂ ᠬᠤᠭᠤᠯᠠᠳᠤ ᠶᠢᠨ ᠭᠤᠤᠯ ᠪᠠᠯᠭᠠᠰᠤᠨ ᠤ ᠠᠷᠢᠭᠤᠠᠳᠦ᠋ᠯᠦ ᠭᠤᠷᠪᠠ ᠲᠦᠷᠪᠡᠳᠦᠭᠡᠷ ᠲᠤ ᠤᠷᠤᠪᠠ᠃     ᠲᠤᠰ ᠤᠳᠠᠭᠠᠨ ᠤ ᠪᠦᠬᠡ ᠶᠢᠨ ᠪᠠᠷᠢᠯᠳᠤᠭᠠᠨ ᠨᠢ ᠤᠯᠠᠮᠵᠢᠯᠠᠯᠳᠤ ᠪᠡᠶ᠎ᠡ ᠲᠠᠮᠢᠷ ᠤᠨ ᠦᠢᠯᠡᠰ ᠢ ᠪᠠᠳᠠᠷᠠᠭᠤᠯᠵᠤ᠂ ᠰᠤᠶᠤᠯ ᠲᠠᠮᠢᠷ ᠪᠠ ᠵᠢᠭᠤᠯᠴᠢᠯᠠᠯ ᠤᠨ ᠦᠢᠯᠡᠰ ᠢ ᠠᠭᠤᠰᠤᠯᠴᠠᠭᠤᠯᠤᠨ ᠬᠦᠭᠵᠢᠬᠦᠯᠬᠦ ᠶᠢ ᠠᠬᠢᠭᠤᠯᠵᠤ᠂ ᠤᠮᠠᠷᠠᠳᠤ ᠬᠢᠯᠢ ᠶᠢᠨ ᠰᠤᠶᠤᠯ ᠤᠨ ᠭᠠᠶᠢᠬᠠᠮᠰᠢᠭ ᠢ ᠲᠡᠯᠭᠡᠨ ᠦᠵᠡᠭᠦᠯᠦᠭᠰᠡᠨ ᠪᠠᠶᠢᠨ᠎ᠠ᠃  
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号