ᠨᠠᠷᠠ ᠬᠤᠷ᠎ᠠ ᠲᠡᠩᠴᠡᠭᠰᠡᠨ ᠨᠠᠯᠠᠭᠠᠷ ᠵᠣᠨ ᠤ 6 ᠰᠠᠷ᠎ᠠ ᠶᠢᠨ 22 ᠤ ᠡᠳᠦᠷ᠂ ᠰᠢᠯᠢ ᠶᠢᠨ ᠭᠤᠣᠯ | ᠠᠶᠢᠮᠠᠭ ᠤᠨ 2025 ᠣᠨ ᠤ ᠵᠤᠨ ᠤ ᠤᠯᠠᠷᠢᠯ ᠤᠨ ᠮᠣᠩᠭᠤᠯ ᠮᠣᠷᠢᠨ ᠤ ᠬᠤᠯᠪᠤᠭᠠᠲᠤ ᠤᠷᠤᠯᠳᠤᠭᠠᠨ ᠤ | ᠪᠠᠷᠠᠭᠤᠨ ᠦᠵᠦᠮᠦᠴᠢᠨ ᠬᠤᠰᠢᠭᠤᠨ ᠤ ᠰᠢᠢᠳᠪᠦᠷᠢᠲᠦ ᠤᠷᠤᠯᠳᠤᠭᠠᠨ ᠵᠢᠴᠢ ᠴᠠᠭᠠᠨ ᠠᠳᠤᠭᠤᠨ ᠤ ᠨᠠᠭᠠᠳᠤᠮ ᠤᠨ | ᠰᠢᠷᠢᠰ ᠤᠷᠤᠯᠳᠤᠭᠠᠨ ᠤ ᠨᠢᠭᠡ ᠪᠣᠯᠬᠤ 20 ᠭᠠᠵᠠᠷ ᠤᠨ ᠴᠠᠭᠠᠨ ᠮᠣᠷᠢᠨ ᠤ ᠤᠷᠤᠯᠳᠤᠭᠠᠨ ᠨᠢ ᠨᠠᠶᠢᠷ ᠤᠨ ᠲᠠᠯᠠᠪᠠᠢ | ᠶᠢᠨ ᠡᠮᠦᠨᠡᠬᠢ ᠤᠷᠤᠯᠳᠤᠭᠠᠨ ᠤ ᠲᠠᠯᠠᠪᠣᠷ ᠲᠤ ᠬᠥᠷ ᠨᠠᠷᠭᠢᠶᠠᠨ ᠲᠠᠢ ᠶᠠᠪᠤᠭᠳᠠᠵᠣ ᠬᠦᠮᠦᠰ ᠤᠨ ᠰᠠᠳᠬᠢᠯ ᠢ | ᠬᠥᠭᠰᠡᠭᠡᠯᠡ᠃ | | ᠲᠣᠰ ᠤᠳᠠᠭᠠᠨ ᠤ ᠤᠷᠤᠯᠳᠤᠭᠠᠨ ᠳᠤ ᠵᠡᠭᠦᠨ ᠦᠵᠦᠮᠦᠴᠢᠨ ᠬᠤᠰᠢᠭᠤ᠂ ᠪᠠᠷᠠᠭᠤᠨ ᠦᠵᠦᠮᠦᠴᠢᠨ | ᠬᠤᠰᠢᠭᠤᠨ ᠤ 6 ᠰᠣᠮᠣ ᠪᠠᠯᠭᠠᠰᠤᠨ ᠠᠴᠠ ᠲᠠᠪᠢᠭᠠᠳ ᠤᠶᠠᠭᠠᠴᠢᠳ ᠴᠠᠭᠠᠨ ᠠᠳᠤᠭᠤ ᠲᠠᠢ ᠪᠠᠨ ᠬᠦᠷᠦᠯᠴᠡᠨ | ᠢᠷᠡᠵᠤ᠂ ᠬᠦᠴᠦ ᠬᠤᠷᠳᠤ ᠰᠣᠷᠢᠨ᠂ ᠨᠠᠭᠠᠳᠤᠮᠴᠢᠨ ᠤᠯᠠᠨ ᠤ ᠪᠠᠨ ᠬᠡᠶᠢᠮᠤᠷᠢ ᠶᠢ ᠰᠡᠷᠭᠦᠭᠡᠨ ᠬᠠᠷᠠᠭ᠎ᠠ ᠶᠢ | ᠪᠠᠶᠠᠰᠬᠠᠭᠰᠠᠨ ᠪᠠᠶᠢᠨ᠎ᠠ᠃ | ᠬᠥᠯᠦᠭ ᠤᠨ ᠰᠢᠨᠳᠠᠰᠤ ᠰᠢᠯᠭᠠᠭᠰᠠᠨ ᠡᠨᠡ ᠨᠠᠶᠢᠷ ᠤᠨ ᠲᠣᠳᠣ ᠮᠠᠩᠨᠠᠢ ᠳᠤ ᠪᠠᠶᠠᠨᠬᠤᠰᠢᠭᠤ ᠰᠣᠮᠣᠨ ᠤ | ᠴᠠᠶᠢᠳᠠᠮ ᠭᠠᠴᠠᠭᠠᠨ ᠤ ᠬᠠᠰᠪᠢᠯᠢᠭ᠌ ᠤᠨ ᠴᠠᠭᠠᠨ ᠮᠣᠷᠢ ᠳᠠᠪᠬᠢᠵᠤ᠂ ᠠᠮᠠᠨ ᠬᠦᠵᠦᠭᠦᠦ ᠳᠤ ᠵᠢᠷ ᠤᠨ ᠭᠤᠣᠯ ᠤᠨ | ᠣᠳᠬᠠᠨᠪᠢᠯᠢᠭ᠌ ᠤᠨ ᠴᠠᠭᠠᠨ ᠮᠣᠷᠢ ᠬᠤᠷᠳᠤᠯᠠᠨ᠂ ᠠᠶᠢᠷᠠᠭ ᠤᠨ ᠭᠤᠷᠪᠠ ᠪᠣᠯᠣᠨ ᠳᠥᠷᠪᠡ ᠳᠤ ᠪᠠᠶᠠᠨᠬᠤᠰᠢᠭᠤ | ᠰᠣᠮᠣᠨ ᠤ ᠴᠢᠯᠠᠭᠤᠨᠪᠠᠭᠠᠲᠤᠷ ᠤᠨ ᠬᠤᠶᠠᠷ ᠴᠠᠭᠠᠨ ᠮᠣᠷᠢ ᠬᠤᠶᠢᠨ᠎ᠠ ᠬᠤᠶᠢᠨ᠎ᠠ ᠠᠴᠠ ᠪᠠᠨ ᠲᠣᠳᠣᠷᠠᠵᠤ᠂ ᠠᠶᠢᠷᠠᠭ | ᠤᠨ ᠲᠠᠪᠤ ᠳᠤ ᠬᠤᠭᠤᠯᠠᠲᠦ ᠶᠢᠨ ᠭᠤᠣᠯ ᠪᠠᠯᠭᠠᠰᠤᠨ ᠤ ᠮᠥᠩᠬᠡᠪᠠᠶᠠᠷ ᠤᠨ ᠴᠠᠭᠠᠨ ᠮᠣᠷᠢ ᠬᠤᠷᠳᠤᠯᠠᠵᠤ᠂ ᠤᠶᠠᠭᠠᠴᠢ | ᠡᠵᠡᠨ ᠤ ᠪᠠᠨ ᠨᠡᠷ᠎ᠡ ᠶᠢ ᠡᠷᠭᠦᠨ ᠨᠤᠲᠤᠭ ᠤᠰᠤᠨ ᠤ ᠪᠠᠨ ᠠᠯᠳᠠᠷ ᠢ ᠳᠠᠭᠤᠷᠢᠰᠬᠠᠯᠠ᠃ | ᠴᠠᠭᠠᠨ ᠠᠳᠤᠭᠤᠨ ᠤ ᠨᠠᠶᠢᠷ ᠢᠶᠠᠷ ᠮᠠᠯᠴᠢᠨ ᠲᠦᠮᠡᠨ ᠤ ᠪᠠᠨ ᠣᠶᠣᠨ ᠰᠠᠨᠠᠭ᠎ᠠ ᠰᠣᠶᠣᠯ ᠤᠨ ᠠᠮᠢᠳᠤᠷᠠᠯ ᠢ | ᠪᠠᠶᠠᠯᠢᠭᠵᠢᠭᠤᠯᠤᠭᠰᠠᠨ ᠢᠶᠠᠷ ᠪᠠᠷᠠᠬᠤ ᠦᠭᠡᠢ᠂ ᠰᠢᠯᠢᠳᠡᠭ ᠰᠠᠶᠢᠬᠠᠨ ᠤᠯᠠᠮᠵᠢᠯᠠᠯᠲᠤ ᠰᠣᠶᠣᠯ ᠢᠶᠠᠨ ᠤᠯᠠᠮᠵᠢᠯᠠᠨ | ᠪᠠᠳᠠᠷᠠᠭᠤᠯᠵᠤ᠂ ᠨᠣᠲᠤᠭ ᠤᠰᠤ ᠪᠠᠨ ᠨᠡᠩ ᠣᠯᠠᠨ ᠬᠦᠮᠦᠰ ᠲᠤ ᠲᠠᠨᠢᠭᠤᠯᠵᠤ ᠤᠬᠠᠭᠤᠯᠵᠤ ᠴᠢᠳᠠᠭᠰᠠᠨ ᠪᠠᠶᠢᠨ᠎ᠠ᠃ | | |