ᠪᠠᠷᠠᠭᠤᠨ ᠦᠵᠦᠮᠦᠴᠢᠨ ᠬᠤᠰᠢᠭᠤ ᠵᠠᠯᠠᠭᠤ ᠪᠠᠭᠰᠢ ᠨᠠᠷ ᠤᠨ ᠦᠵᠡᠭᠦᠯᠦᠯᠭᠡ ᠶᠢᠨ ᠬᠢᠴᠢᠶᠡᠯ ᠵᠢᠴᠢ ᠵᠢᠭᠠᠨ ᠰᠤᠷᠭᠠᠯᠲᠠ ᠶᠢᠨ ᠵᠢᠷᠤᠮᠵᠢᠯ  ᠤᠨ  ᠵᠢᠯᠤᠭᠤᠳᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/6/24
     ᠵᠠᠯᠠᠭᠤ ᠪᠠᠭᠰᠢ ᠨᠠᠷ ᠤᠨ ᠬᠥᠮᠦᠵᠢᠯ ᠢ ᠭᠦᠨᠵᠡᠭᠡᠶᠢᠷᠡᠭᠦᠯᠵᠦ᠂ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠵᠢᠷᠤᠮᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠬᠦ ᠶᠢᠨ ᠲᠥᠯᠥᠭᠡ᠂ ᠪᠠᠷᠠᠭᠤᠨ ᠦᠵᠦᠮᠦᠴᠢᠨ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠣᠶᠢᠷ᠎ᠠ ᠳᠤ ᠵᠠᠯᠠᠭᠤ ᠪᠠᠭᠰᠢ ᠨᠠᠷ ᠤᠨ ᠦᠵᠡᠭᠦᠯᠦᠯᠭᠡ ᠶᠢᠨ ᠬᠢᠴᠢᠶᠡᠯ ᠵᠢᠴᠢ ᠵᠢᠭᠠᠨ ᠰᠤᠷᠭᠠᠯᠲᠠ ᠶᠢᠨ ᠵᠢᠷᠤᠮᠵᠢᠯ ᠤᠨ ᠵᠢᠯᠤᠭᠤᠳᠬᠤ ᠠᠵᠢᠯᠯᠠᠭ᠎ᠠ ᠶᠢ ᠠᠮᠵᠢᠯᠲᠠ ᠲᠠᠢ ᠡᠷᠭᠢᠯᠡᠪᠡ᠃ ᠪᠥᠬᠦ ᠬᠤᠰᠢᠭᠤᠨ ᠤ ᠠᠵᠢᠯᠯᠠᠭᠠᠳ 5 ᠵᠢᠯ ᠪᠣᠯᠤᠭ᠎ᠠ ᠦᠭᠡᠢ ᠵᠠᠯᠠᠭᠤ ᠪᠠᠭᠰᠢ ᠨᠠᠷ᠂ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠬᠠᠮᠢᠶᠠᠷᠤᠯᠲᠠ ᠶᠢᠨ ᠠᠵᠢᠯᠲᠠᠨ ᠵᠢᠴᠢ ᠵᠢᠭᠠᠨ ᠵᠢᠯᠤᠭᠤᠳᠬᠤ ᠪᠦᠯᠬᠦᠮ ᠤᠨ ᠪᠠᠭᠰᠢ ᠨᠡᠶᠢᠲᠡ 246 ᠬᠥᠮᠥᠨ ᠣᠷᠣᠯᠴᠠᠵᠠᠢ᠃     ᠲᠣᠰ ᠤᠳᠠᠭᠠᠨ ᠤ ᠠᠵᠢᠯᠯᠠᠭ᠎ᠠ ᠳᠤ ᠪᠠᠭ᠎ᠠ ᠰᠤᠷᠭᠠᠭᠤᠯᠢ ᠶᠢᠨ ᠳᠤᠭᠤᠶᠢᠯᠠᠩ ᠪᠠ ᠳᠤᠮᠳᠠᠳᠤ ᠰᠤᠷᠭᠠᠭᠤᠯᠢ ᠶᠢᠨ ᠳᠤᠭᠤᠶᠢᠯᠠᠩ ᠵᠡᠷᠭᠡ ᠬᠤᠶᠠᠷ ᠳᠣᠭᠤᠶᠢᠯᠠᠩ ᠬᠤᠪᠢᠶᠠᠵᠤ᠂ ᠬᠡᠯᠡ ᠪᠢᠴᠢᠭ᠂ ᠲᠣᠭᠠᠨ ᠤ ᠤᠬᠠᠭᠠᠨ᠂ ᠹᠢᠽᠢᠺ ᠵᠡᠷᠭᠡ ᠣᠯᠠᠨ ᠰᠢᠨᠵᠢᠯᠡᠭᠡᠨ ᠤ ᠰᠠᠯᠠᠭ᠎ᠠ ᠶᠢ ᠬᠠᠮᠤᠷᠴᠠᠢ᠃ ᠲᠣᠰ ᠠᠵᠢᠯᠯᠠᠭ᠎ᠠ ᠨᠢ ᠰᠢᠨ᠎ᠡ ᠬᠢᠴᠢᠶᠡᠯ ᠤᠨ ᠲᠡᠮᠳᠡᠭ ᠪᠠ ᠰᠢᠨ᠎ᠡ ᠵᠢᠭᠠᠬᠤ ᠮᠠᠲ᠋ᠧᠷᠢᠶᠠᠯ ᠤᠨ ᠬᠡᠷᠡᠭᠯᠡᠯᠲᠡ ᠳᠤ ᠠᠩᠬᠠᠷᠤᠯ ᠢᠶᠠᠨ ᠲᠥᠪᠯᠡᠷᠡᠭᠦᠯᠵᠦ᠂ ᠵᠢᠭᠠᠨ ᠰᠤᠷᠭᠠᠯᠲᠠ ᠶᠢ ᠬᠥᠲᠥᠯᠥᠨ ᠣᠷᠣᠭᠤᠯᠬᠤ ᠪᠠ ᠠᠬᠤᠢ ᠪᠠᠶᠢᠳᠠᠯ ᠢ ᠪᠣᠶ ᠪᠣᠯᠭᠠᠬᠤ᠂ ᠬᠢᠴᠢᠶᠡᠯ ᠤᠨ ᠲᠠᠩᠬᠢᠮ ᠤᠨ ᠬᠠᠷᠢᠯᠴᠠᠨ ᠦᠢᠯᠡᠳᠦᠯᠴᠡᠬᠦ ᠪᠠ ᠰᠡᠳᠬᠢᠬᠦᠢ ᠶᠢ ᠬᠥᠲᠥᠯᠥᠨ ᠵᠢᠯᠤᠭᠤᠳᠬᠤ᠂ ᠦᠢᠯᠡᠳᠦᠯᠭᠡ ᠶᠢᠨ ᠠᠵᠢᠯᠯᠠᠭ᠎ᠠ ᠪᠠ ᠤᠩᠰᠢᠵᠤ ᠪᠢᠴᠢᠬᠦ ᠶᠢ ᠨᠠᠶᠢᠳᠠᠪᠤᠷᠢᠵᠢᠭᠤᠯᠬᠤ᠂ ᠳᠠᠰᠬᠠᠯ ᠤᠨ ᠵᠢᠷᠤᠭ ᠲᠥᠯᠥᠪᠯᠡᠭᠡ ᠪᠠ ᠲᠠᠰ ᠬᠤᠪᠢᠶᠠᠨ ᠦᠨᠡᠯᠡᠬᠦ ᠵᠡᠷᠭᠡ ᠭᠤᠣᠯ ᠪᠣᠯᠬᠤ ᠵᠢᠭᠠᠨ ᠰᠤᠷᠭᠠᠯᠲᠠ ᠶᠢᠨ  ᠭᠤᠭᠴᠣᠭᠠᠨ ᠤ ᠵᠢᠷᠤᠮᠵᠢᠭᠰᠠᠨ ᠠᠵᠢᠯᠯᠠᠭ᠎ᠠ ᠶᠢ ᠭᠤᠣᠯᠳᠠᠯᠭ᠎ᠠ ᠲᠠᠢ ᠳᠡᠯᠭᠡᠨ ᠦᠵᠡᠭᠦᠯᠵᠡᠢ᠃ ᠦᠵᠡᠭᠦᠯᠦᠯᠭᠡ ᠶᠢᠨ ᠬᠢᠴᠢᠶᠡᠯ ᠳᠤ᠂ ᠪᠠᠭᠰᠢ ᠨᠠᠷ ︽ᠰᠤᠷᠤᠭᠴᠢ ᠪᠠᠷ ᠭᠤᠣᠯ ᠪᠣᠯᠭᠠᠬᠤ︾ ᠵᠢᠭᠠᠨ ᠰᠤᠷᠭᠠᠯᠲᠠ ᠶᠢᠨ ᠣᠶᠢᠯᠠᠭᠠᠭᠳᠠᠬᠤᠨ ᠢ ᠠᠮᠢᠳᠤᠯᠢᠭ ᠢᠶᠠᠷ ᠲᠠᠶᠢᠯᠪᠤᠷᠢᠯᠠᠵᠠᠢ᠃ ᠬᠡᠯᠡ ᠪᠢᠴᠢᠭ ᠤᠨ ᠬᠢᠴᠢᠶᠡᠯ ᠤᠨ ᠲᠠᠩᠬᠢᠮ ᠨᠢ ᠠᠮᠢᠳᠤᠷᠠᠯ ᠤᠨ ᠣᠷᠴᠢᠨ ᠠᠬᠤᠢ ᠶᠢ ᠪᠤᠶ ᠪᠣᠯᠭᠠᠬᠤ ᠪᠠᠷ ᠳᠠᠮᠵᠢᠭᠤᠯᠤᠨ ᠰᠤᠷᠤᠭᠴᠢᠳ ᠤᠨ ᠤᠩᠰᠢᠯᠭ᠎ᠠ ᠶᠢᠨ ᠤᠷᠮ᠎ᠠ ᠶᠢ ᠬᠥᠭᠵᠢᠭᠡᠵᠤ᠂ ᠲᠣᠭᠠᠨ ᠤ ᠤᠬᠠᠭᠠᠨ ᠤ ᠬᠢᠴᠢᠶᠡᠯ ᠨᠢ ᠠᠰᠠᠭᠤᠳᠠᠯ ᠢ ᠠᠰᠢᠭᠯᠠᠨ ᠰᠤᠷᠤᠭᠴᠢᠳ ᠤᠨ ᠪᠡᠶ᠎ᠡ ᠪᠠᠨ ᠳᠠᠭᠠᠭᠠᠨ ᠰᠤᠳᠤᠯᠬᠤ ᠶᠢ ᠵᠣᠷᠢᠭᠵᠢᠭᠤᠯᠵᠣ᠂ ᠹᠢᠽᠢᠺ ᠤᠨ ᠬᠢᠴᠢᠶᠡᠯ ᠨᠢ ᠰᠤᠷᠤᠭᠴᠢᠳ ᠤᠨ ᠠᠵᠢᠯᠯᠠᠭᠠᠨ  ᠤ ᠥᠩᠭᠡᠷᠡᠭᠡᠯᠲᠡ ᠶᠢ ᠬᠥᠲᠥᠯᠥᠨ ᠵᠢᠯᠤᠭᠤᠳᠴᠤ᠂ ᠮᠡᠳᠡᠯᠭᠡ ᠶᠢ ᠡᠵᠡᠮᠰᠢᠬᠦ ᠶᠢᠨ ᠬᠠᠮᠲᠤ ᠰᠢᠨᠵᠢᠯᠡᠭᠡᠨ ᠤ ᠰᠠᠯᠠᠭ᠎ᠠ  ᠶᠢᠨ ᠤᠷ᠎ᠠ ᠮᠡᠷᠭᠡᠵᠢᠯ ᠢ ᠰᠤᠷᠴᠤ ᠡᠵᠡᠮᠰᠢᠭᠡᠳ᠂ ᠰᠢᠨ᠎ᠡ ᠬᠢᠴᠢᠶᠡᠯ ᠤᠨ ᠪᠠᠷᠢᠮᠵᠢᠶ᠎ᠠ ᠶᠢᠨ ᠱᠠᠭᠠᠷᠳᠠᠯᠭ᠎ᠠ ᠶᠢ ᠪᠦᠲᠦᠮᠵᠢᠲᠡᠶ ᠨᠠᠶᠢᠳᠠᠪᠤᠷᠢᠵᠢᠭᠤᠯᠵᠠᠢ᠃      ᠵᠢᠭᠠᠨ ᠰᠤᠷᠭᠠᠯᠲᠠ ᠶᠢᠨ ᠵᠢᠷᠤᠮᠵᠢᠯ ᠤᠨ ᠵᠢᠯᠤᠭᠤᠳᠬᠤ ᠭᠤᠭᠴᠤᠭ᠎ᠠ ᠶᠢ ᠬᠢᠴᠢᠶᠡᠯ ᠪᠡᠯᠡᠳᠬᠡᠬᠦ᠂ ᠬᠢᠴᠢᠶᠡᠯ ᠵᠢᠭᠠᠬᠤ ᠪᠥᠬᠦ ᠶᠠᠪᠤᠴᠠ ᠶᠢᠨ ᠲᠣᠭᠤᠷᠢᠨ ᠳᠤ  ᠶᠠᠪᠤᠭᠳᠠᠭᠤᠯᠵᠣ᠂ ᠵᠢᠭᠠᠨ ᠵᠢᠯᠤᠭᠤᠳᠬᠤ ᠪᠦᠯᠬᠦᠮ ᠨᠢ ᠪᠠᠷᠠᠭᠤᠨ ᠦᠵᠦᠮᠦᠴᠢᠨ ᠬᠤᠰᠢᠭᠤᠨ ᠤ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠬᠠᠮᠢᠶ᠎ᠠ ᠪᠦᠬᠦᠢ ᠲᠥᠰᠥᠯ ᠲᠠᠢ ᠤᠶᠠᠯᠳᠤᠭᠤᠯᠤᠨ᠂ ᠵᠢᠭᠠᠨ ᠰᠤᠷᠭᠠᠯᠲᠠ ᠶᠢᠨ ᠦᠨᠳᠦᠰᠦᠨ ᠪᠣᠯᠪᠠᠰᠤᠷᠠᠯ᠂ ᠵᠢᠭᠠᠨ ᠰᠤᠷᠭᠠᠯᠲᠠ ᠵᠢᠨ‌ᠭᠤᠭᠴᠣᠭᠠᠨ ᠤ ᠪᠦᠲᠦᠮᠵᠢᠲᠡᠶ ᠨᠠᠶᠢᠳᠠᠪᠤᠷᠢᠵᠢᠭᠤᠯᠤᠯᠲᠠ ᠵᠢᠴᠢ ᠳᠠᠰᠬᠠᠯ ᠬᠢᠭᠡᠳ ᠦᠨᠡᠯᠡᠯᠲᠡ ᠶᠢᠨ ᠵᠢᠷᠤᠭ ᠲᠥᠯᠥᠪᠯᠡᠭᠡ ᠵᠡᠷᠭᠡ ᠲᠠᠯ᠎ᠠ ᠪᠠᠷ ᠡᠯ᠎ᠡ ᠭᠤᠭᠴᠣᠭᠠᠨ ᠤ ᠵᠢᠷᠤᠮᠵᠢᠯ ᠪᠠᠷᠢᠮᠵᠢᠶ᠎ᠠ ᠶᠢ ᠰᠢᠰᠲ᠋ᠧᠮ ᠲᠠᠢ ᠲᠠᠶᠢᠯᠪᠤᠷᠢᠯᠠᠵᠤ᠂ ᠵᠠᠯᠠᠭᠤ ᠪᠠᠭᠰᠢ ᠨᠠᠷ ᠲᠤ ᠲᠣᠳᠣᠷᠬᠠᠢ ᠯᠠᠪᠯᠠᠯᠲᠠ ᠪᠣᠯᠬᠤ ᠵᠢᠭᠠᠨ ᠰᠤᠷᠭᠠᠯᠲᠠ ᠵᠨ ᠬᠡᠪ ᠵᠠᠭᠪᠤᠷ ᠢ ᠬᠠᠩᠭᠠᠭᠰᠠᠨ ᠪᠠᠶᠢᠨ᠎ᠠ᠃ ᠣᠶᠢᠯᠠᠭᠠᠭᠰᠠᠨ ᠢᠶᠠᠷ᠂ ᠪᠠᠷᠠᠭᠤᠨ ᠦᠵᠦᠮᠦᠴᠢᠨ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠵᠠᠯᠠᠭᠤ ᠪᠠᠭᠰᠢ ᠶᠢ ᠬᠥᠮᠥᠵᠢᠭᠦᠯᠬᠦ ᠢᠨᠵᠧᠨᠧᠷᠢᠩ ᠢ ᠠᠬᠢᠭᠤᠯᠵᠤ᠂ ᠪᠠᠭᠰᠢ ᠱᠠᠪᠢ ᠬᠤᠣᠰᠯᠠᠬᠤ᠂ ᠲᠠᠰ ᠬᠤᠪᠢᠶᠠᠨ ᠪᠣᠯᠪᠠᠰᠤᠷᠠᠭᠤᠯᠬᠤ᠂ ᠵᠢᠭᠠᠨ ᠰᠤᠷᠭᠠᠯᠲᠠ ᠶᠢᠨ ᠤᠷᠤᠯᠳᠤᠭᠠᠨ ᠶᠠᠪᠤᠭᠤᠯᠬᠤ ᠵᠡᠷᠭᠡ ᠣᠯᠠᠨ ᠡᠰᠢᠲᠦ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ︽ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ︱ ᠦᠢᠯᠡᠳᠦᠯᠭᠡ ᠪᠠᠷ ᠵᠢᠯᠤᠭᠤᠳᠬᠤ ︱ ᠲᠤᠩᠭᠠᠨ ᠪᠣᠳᠣᠯᠬᠢᠯᠠᠵᠤ ᠳᠡᠭᠡᠭᠰᠢᠯᠡᠭᠦᠯᠬᠦ︾ ᠬᠥᠮᠥᠵᠢᠭᠦᠯᠬᠦ ᠰᠢᠰᠲ᠋ᠧᠮ ᠢ ᠪᠠᠶᠢᠭᠤᠯᠤᠭᠰᠠᠨ ᠪᠠᠶᠢᠨ᠎ᠠ᠃ ᠲᠣᠰ ᠤᠳᠠᠭᠠᠨ ᠤ ᠠᠵᠢᠯᠯᠠᠭ᠎ᠠ ᠨᠢ ᠲᠣᠰ ᠰᠢᠰᠲ᠋ᠧᠮ ᠤᠨ ᠴᠢᠬᠤᠯᠠ ᠨᠢᠭᠡ ᠭᠤᠭᠴᠤᠭ᠎ᠠ ᠪᠣᠯᠤᠭᠰᠠᠨ ᠤ ᠬᠤᠪᠢ ᠳᠤ᠂ ᠵᠠᠯᠠᠭᠤ ᠪᠠᠭᠰᠢ ᠨᠠᠷ ᠤᠨ ᠰᠢᠨ᠎ᠡ ᠬᠢᠴᠢᠶᠡᠯ ᠤᠨ ᠲᠡᠮᠳᠡᠭ ᠤᠨ ᠣᠶᠢᠯᠠᠭᠠᠭᠳᠠᠬᠤᠨ ᠢ ᠣᠶᠢᠯᠠᠭᠠᠬᠤ ᠪᠠ ᠵᠢᠭᠠᠨ ᠰᠤᠷᠭᠠᠯᠲᠠ ᠶᠢᠨ ᠵᠢᠷᠤᠮᠵᠢᠯ ᠢ ᠡᠵᠡᠮᠰᠢᠬᠦ ᠶᠢ ᠬᠦᠴᠦᠲᠡᠢ ᠠᠬᠢᠭᠤᠯᠤᠭᠰᠠᠨ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ᠬᠤᠰᠢᠭᠤ ᠰᠤᠷᠭᠠᠨ ᠬᠥᠮᠦᠵᠢᠯ ᠤᠨ ᠲᠣᠪᠴᠢᠶ᠎ᠠ ᠨᠢ ᠵᠠᠯᠠᠭᠤ ᠪᠠᠭᠰᠢ ᠨᠠᠷ ᠲᠤ ᠦᠷᠭᠦᠯᠵᠢᠯᠡᠨ ᠲᠠᠪᠴᠠᠩ ᠬᠠᠩᠭᠠᠨ ᠥᠭᠴᠦ᠂ ᠪᠥᠬᠦ ᠬᠤᠰᠢᠭᠤᠨ ᠤ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠶᠠᠰᠤ ᠴᠢᠨᠠᠷ ᠤᠨ ᠳᠡᠭᠡᠭᠰᠢᠯᠡᠯᠲᠡ ᠳᠤ ᠬᠦᠴᠦ ᠨᠡᠮᠡᠷᠢᠯᠡᠬᠦ ᠪᠣᠯᠣᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号