ᠪᠠᠷᠠᠭᠤᠨ ᠦᠵᠦᠮᠦᠴᠢᠨ ᠬᠤᠰᠢᠭᠤᠨ ᠤ ᠨᠠᠰᠣᠲᠠᠶᠢᠴᠣᠳ ᠤᠨ ᠬᠤᠭᠤᠯᠠ ᠤᠮᠳᠠ ᠶᠢᠨ ᠨᠥᠬᠦᠪᠦᠷᠢ   ᠶᠢᠨ  ᠦᠢᠯᠡᠴᠢᠯᠡᠭᠡ  ᠶᠢᠨ ᠲᠠᠶᠢᠯᠤᠮᠵᠢ
ᠨᠡᠶᠢᠲᠡᠯᠡᠭᠰᠡᠨ ᠴᠠᠭ᠄
2025/6/24
    ᠨᠠᠰᠤᠲᠠᠶᠢᠴᠤᠳ ᠤᠨ ᠬᠤᠭᠤᠯᠠ ᠤᠮᠳᠠ ᠳᠤ ᠲᠤᠰᠠᠯᠠᠬᠤ ᠦᠢᠯᠡᠴᠢᠯᠡᠭᠡ ᠶᠢ ᠬᠦᠭᠵᠢᠬᠦᠯᠬᠦ  ᠪᠤᠯ ᠬᠦᠮᠦᠨ ᠠᠮᠠ ᠶᠢᠨ ᠨᠠᠰᠤᠵᠢᠯᠲᠠ ᠶᠢ ᠢᠳᠡᠪᠬᠢᠲᠡᠢ ᠠᠷᠭᠠᠴᠠᠬᠤ ᠤᠯᠤᠰ ᠤᠨ ᠪᠠᠶᠢᠯᠳᠤᠬᠤ ᠪᠤᠳᠤᠯᠭ᠎ᠠ ᠶᠢ ᠬᠡᠷᠡᠭᠵᠢᠬᠦᠯᠬᠦ ᠶᠢᠨ ᠴᠢᠬᠤᠯᠠ ᠠᠭᠤᠯᠭ᠎ᠠ ᠪᠠ ᠠᠷᠠᠳ ᠤᠨ ᠠᠮᠢᠳᠤᠷᠠᠯ ᠤᠨ ᠴᠢᠬᠤᠯᠠ ᠢᠨᠵᠧᠨᠧᠷᠢᠩ ᠮᠦᠨ᠃     ᠤᠶᠢᠷ᠎ᠡ ᠳᠤ᠂ ᠪᠠᠷᠠᠭᠤᠨ ᠦᠵᠦᠮᠦᠴᠢᠨ ᠬᠤᠰᠢᠭᠤ ᠨᠢ ᠪᠠᠯᠭᠠᠷᠭᠤᠤᠯ ᠪᠠᠯᠭᠠᠰᠤᠨ ᠳᠤ ᠨᠠᠰᠤᠵᠢᠯ ᠤᠨ ᠠᠰᠠᠷᠠᠮᠵᠢ ᠶᠢᠨ ᠬᠤᠭᠤᠯᠠ ᠤᠮᠳᠠ ᠶᠢᠨ ᠨᠥᠬᠦᠪᠦᠷᠢ ᠶᠢᠨ ᠦᠢᠯᠡᠴᠢᠯᠡᠭᠡ ᠶᠢ ᠡᠬᠢᠯᠡᠭᠦᠯᠵᠦ᠂ ᠨᠠᠷᠢᠯᠢᠭ ᠣᠨᠣᠪᠴᠢᠲᠠᠢ  ᠪᠠᠷ ᠨᠥᠬᠦᠪᠦᠷᠢ ᠥᠭᠬᠦ᠂ ᠣᠯᠠᠨ ᠡᠰᠢᠲᠦ ᠦᠢᠯᠡᠴᠢᠯᠡᠭᠡ ᠬᠠᠩᠭᠠᠬᠤ᠂ ᠣᠶᠤᠨᠴᠢ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠬᠦ ᠵᠡᠷᠭᠡ ᠠᠷᠭ᠎ᠠ ᠪᠠᠷᠢᠯ ᠢᠶᠠᠷ ᠳᠠᠮᠵᠢᠭᠤᠯᠤᠨ᠂ ᠨᠠᠰᠤᠲᠠᠶᠢᠴᠤᠳ ᠤᠨ ᠰᠢᠮ᠎ᠡ ᠲᠡᠵᠢᠭᠡᠯ ᠲᠠᠢ᠂ ᠠᠮᠤᠷ ᠲᠦᠪᠰᠢᠨ ᠬᠤᠭᠤᠯᠠ ᠤᠮᠳᠠ ᠬᠡᠷᠡᠭᠰᠡᠬᠦ ᠶᠢ ᠪᠠᠳᠤᠯᠠᠵᠤ ᠪᠠᠶᠢᠨ᠎ᠠ᠃ ᠤᠳᠤᠬᠠᠨ ᠳᠤ᠂  ᠬᠤᠭᠤᠯᠠ ᠤᠮᠳᠠ ᠶᠢᠨ ᠨᠥᠬᠦᠪᠦᠷᠢ ᠦᠭᠬᠦ ᠬᠤᠶᠠᠷ ᠦᠢᠯᠡᠴᠢᠯᠡᠭᠡᠨ ᠤ ᠴᠡᠭ ᠨᠢᠭᠡᠨᠲᠡ ᠵᠤᠴᠢᠨ ᠤᠭᠲᠤᠵᠤ ᠡᠬᠢᠯᠡᠪᠡ᠃     ᠲᠥᠷᠥᠯ ᠬᠤᠪᠢᠶᠠᠨ ᠨᠥᠬᠦᠪᠦᠷᠢ ᠥᠭᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ 60 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠲᠤ ᠪᠣᠳᠠᠲᠠᠢ ᠠᠰᠢᠭ ᠬᠦᠷᠲᠡᠭᠡᠨ᠎ᠡ ᠪᠠᠷᠠᠭᠤᠨ ᠦᠵᠦᠮᠦᠴᠢᠨ ᠬᠤᠰᠢᠭᠤᠨ ᠤ ᠡᠷᠦᠬᠡ ᠠᠮᠠ ᠲᠠᠢ ᠪᠥᠭᠡᠳ ᠪᠠᠯᠭᠠᠷᠭᠤᠣᠯ ᠪᠠᠯᠭᠠᠰᠤᠨ ᠳᠤ ᠰᠠᠭᠤᠵᠤ ᠪᠠᠶᠢᠭ᠎ᠠ ᠨᠠᠰᠤᠲᠠᠶᠢᠴᠤᠳ ᠪᠠ ᠣᠨᠴᠠ ᠬᠦᠴᠢᠷᠳᠡᠯᠲᠡᠢ ᠬᠥᠮᠥᠰ ᠲᠤ ᠬᠤᠭᠤᠯᠠᠨ ᠤ ᠨᠥᠬᠦᠪᠦᠷᠢ ᠣᠯᠭᠤᠨ᠎ᠠ᠄ ᠣᠨᠴᠠ ᠬᠦᠴᠢᠷᠳᠡᠯᠲᠡᠢ ᠬᠥᠮᠥᠰ ᠵᠢᠴᠢ 60 ᠨᠠᠰᠤᠨ ᠠᠴᠠ ᠳᠡᠭᠡᠭᠰᠢᠬᠢ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ  ᠲᠠᠢ ᠨᠠᠰᠤᠲᠠᠶᠢᠴᠤᠳ ︵A ᠲᠥᠷᠥᠯ ᠤᠨ ᠬᠥᠮᠥᠰ︶ ᠤᠨ ᠥᠷᠯᠥᠭᠡ᠂ ᠦᠳᠡ᠂ ᠣᠷᠣᠢ ᠶᠢᠨ ᠬᠤᠭᠤᠯᠠᠨ ᠤ ᠵᠦᠢᠯ ᠪᠦᠷᠢ ᠨᠢ 8 ᠲᠥᠭᠦᠷᠢᠭ ᠬᠦᠷᠪᠡᠯ ᠳᠠᠷᠤᠢ 5 ᠲᠥᠭᠦᠷᠢᠭ ᠬᠠᠰᠤᠬᠤ ᠬᠠᠷᠠᠭᠠᠯᠵᠠᠯ ᠢ ᠭᠥᠷᠳᠡᠵᠦ ᠪᠣᠯᠣᠨ᠎ᠠ᠂ ᠡᠭᠦᠨ  ᠳᠤ ᠪᠠᠷᠠᠭᠤᠨ ᠦᠵᠦᠮᠦᠴᠢᠨ ᠬᠤᠰᠢᠭᠤᠨ ᠤ ᠡᠷᠦᠬᠡ ᠠᠮᠠ ᠲᠠᠢ ᠪᠥᠭᠡᠳ ᠪᠠᠯᠭᠠᠷᠭᠤᠤᠯ ᠪᠠᠯᠭᠠᠰᠤᠨ ᠳᠤ ᠰᠠᠭᠤᠵᠤ ᠪᠠᠶᠢᠭ᠎ᠠ ᠨᠠᠰᠤᠲᠠᠶᠢᠴᠤᠳ ᠪᠠ ᠣᠨᠴᠠ ᠬᠦᠴᠢᠷᠳᠡᠯᠲᠡᠢ ᠬᠥᠮᠥᠰ ᠲᠤ ᠬᠤᠭᠤᠯᠠᠨ ᠤ ᠨᠥᠬᠦᠪᠦᠷᠢ ᠣᠯᠭᠤᠨ᠎ᠠ᠃ B ᠲᠥᠷᠥᠯ ᠤᠨ ᠬᠥᠮᠥᠰ᠂ ᠳᠠᠷᠤᠢ ᠪᠠᠯᠭᠠᠷᠭᠤᠤᠯ ᠪᠠᠯᠭᠠᠰᠤᠨ ᠳᠤ ᠰᠠᠭᠤᠵᠤ ᠪᠠᠶᠢᠭ᠎ᠠ ᠪᠦᠬᠦᠯᠢ 60 ᠨᠠᠰᠤᠨ ᠠᠴᠠ ᠳᠡᠭᠡᠭᠰᠢᠬᠢ ᠡᠩ ᠤᠨ ᠨᠠᠰᠤᠲᠠᠶᠢᠴᠤᠳ ᠲᠤ ᠥᠷᠯᠥᠭᠡ᠂ ᠦᠳᠡ᠂ ᠣᠷᠣᠢ ᠶᠢᠨ ᠬᠤᠭᠤᠯᠠᠨ ᠤ ᠵᠠᠷᠤᠳᠠᠯ ᠨᠢ ᠪᠦᠬᠦᠯᠢ 8 ᠲᠥᠭᠦᠷᠢᠭ ᠬᠦᠷᠪᠡᠯ᠂ 3 ᠲᠥᠭᠦᠷᠢᠭ ᠤᠨ ᠨᠥᠬᠦᠪᠦᠷᠢ ᠣᠯᠭᠤᠨ᠎ᠠ᠃ ᠲᠣᠰ ᠲᠥᠷᠥ ᠶᠢᠨ ᠪᠣᠳᠣᠯᠭ᠎ᠠ ᠨᠢ ᠪᠣᠳᠠᠲᠠᠢ ᠠᠷᠭ᠎ᠠ ᠬᠡᠮᠵᠢᠶ᠎ᠡ ᠪᠠᠷ ᠨᠠᠰᠤᠲᠠᠶᠢᠴᠤᠳ ᠤᠨ  ᠬᠦᠷᠲᠡᠮᠵᠢ ᠶᠢᠨ ᠲᠦᠷᠦᠭᠲᠡᠯ᠂ ᠵᠤᠯ ᠵᠢᠷᠭᠠᠯᠲᠤ ᠲᠦᠷᠦᠭᠳᠡᠯ  ᠢ ᠳᠡᠭᠡᠭᠰᠢᠯᠡᠭᠦᠯᠵᠦ᠂ ᠬᠦᠴᠢᠷᠳᠡᠯᠲᠡᠢ ᠬᠦᠮᠦᠰ ᠤᠨ ᠬᠤᠭᠤᠯᠠ ᠤᠮᠳᠠ ᠶᠢᠨ ᠳᠠᠷᠤᠭᠠᠰᠤ ᠶᠢ ᠬᠥᠩᠭᠡᠷᠡᠭᠦᠯᠵᠦ ᠪᠣᠢ᠃      ︽ᠵᠣᠯ ᠵᠢᠷᠭᠠᠯᠲᠤ ᠠᠶᠢᠯ︾ ᠠᠷᠠᠳ ᠲᠤ ᠳᠥᠭᠦᠮ ᠦᠵᠡᠭᠦᠯᠬᠦ ᠬᠤᠭᠤᠯᠠᠨ ᠭᠡᠷ ᠲᠤ  ᠠᠵᠢᠯ ᠠᠴᠠ ᠪᠠᠨ ᠠᠮᠠᠷᠠᠭᠰᠠᠨ ᠸᠠᠩ ᠨᠠᠰᠤᠲᠠᠨ᠄ ︽ᠦᠳᠡ ᠶᠢᠨ ᠬᠤᠭᠤᠯᠠᠨ ᠳᠤ ᠪᠢ ᠥᠪᠡᠷ ᠢᠶᠠᠨ ᠳᠣᠯᠣᠭᠠᠬᠠᠨ ᠲᠥᠭᠦᠷᠢᠭ ᠵᠠᠷᠤᠴᠠᠭᠤᠯᠵᠠᠢ᠂ ᠬᠤᠭᠤᠯᠠᠨ ᠤ ᠦᠨ᠎ᠡ ᠬᠢᠮᠳᠡ ᠮᠥᠷᠲᠡᠭᠡᠨ ᠰᠢᠨ᠎ᠡ ᠰᠣᠷᠭᠤᠭ᠂ ᠲᠥᠷᠦᠯ ᠵᠦᠢᠯ ᠨᠢ ᠣᠯᠠᠨ᠂ ᠨᠠᠳᠠᠳᠤ ᠮᠠᠰᠢ ᠲᠠᠭᠠᠯᠠᠭᠳᠠᠵᠤ ᠪᠠᠶᠢᠨ᠎ᠠ︾ ᠬᠡᠵᠤ ᠮᠠᠭᠲᠠᠨ ᠶᠠᠷᠢᠵᠤ ᠪᠠᠶᠢᠯ᠎ᠠ᠃      ︽ᠪᠠᠶᠠᠰᠣᠯ ᠲᠣᠭᠤᠷᠢᠭ ᠤᠨ ᠨᠠᠰᠤᠲᠠᠶᠢᠴᠤᠳ ᠢ ᠬᠠᠯᠠᠮᠵᠢᠯᠠᠬᠤ ᠬᠤᠭᠤᠯᠠᠨ ᠭᠡᠷ︾ ᠪᠤᠯᠤᠨ  ︽ᠵᠣᠯ ᠵᠢᠷᠭᠠᠯᠲᠤ ᠠᠶᠢᠯ ᠠᠷᠠᠳ ᠲᠤ ᠲᠥᠬᠦᠮ ᠦᠵᠡᠭᠦᠯᠬᠦ ᠬᠤᠭᠤᠯᠠᠨ ᠭᠡᠷ︾ ᠨᠢ ᠲᠦᠷᠦᠭᠦᠸ ᠪᠦᠯᠦᠭ ᠤᠨ ᠦᠢᠯᠡᠴᠢᠯᠡᠭᠡᠨ  ᠤ ᠴᠡᠭ ᠪᠠᠶᠢᠵᠤ᠂ ᠬᠤᠶᠢᠰᠢᠳᠠ ᠳᠡᠭᠡᠳᠦ ᠱᠠᠲᠤᠨ ᠤ ᠪᠡᠯᠡ ᠮᠥᠩᠭᠦᠨ ᠤ ᠪᠠᠶᠢᠳᠠᠯ ᠢ ᠦᠨᠳᠦᠰᠦᠯᠡᠨ ᠦᠢᠯᠡᠴᠢᠯᠡᠭᠡ  ᠪᠠᠨ ᠬᠥᠳᠡᠯᠦᠩᠭᠦᠢ ᠪᠠᠷ  ᠲᠤᠬᠢᠷᠠᠭᠤᠯᠬᠤ ᠪᠠᠷ ᠪᠤᠢ᠃     ︽ᠭᠤᠷᠪᠠᠨ ᠬᠡᠯᠪᠡᠷᠢ ᠶᠢᠨ ᠦᠢᠯᠡᠴᠢᠯᠡᠭᠡ︾ ᠨᠢ ᠪᠥᠬᠦ ᠬᠡᠷᠡᠭᠴᠡᠭᠡ ᠶᠢ ᠬᠠᠮᠤᠷᠴᠤ ᠦᠨᠳᠦᠰᠦᠲᠡᠨ ᠤ ᠢᠳᠡᠭᠡᠨ ᠤᠮᠳᠠᠭᠠᠨ ᠤ ᠥᠪᠡᠷᠮᠢᠴᠡ ᠣᠨᠴᠠᠯᠢᠭ ᠢ ᠢᠯᠡᠷᠡᠭᠦᠯᠦᠨ᠎ᠡᠨᠥᠬᠦᠪᠦᠷᠢ ᠲᠠᠢ ᠬᠤᠭᠤᠯᠠᠨ ᠭᠡᠷ ᠨᠢ ︽ᠬᠤᠭᠤᠯᠠᠨ ᠭᠡᠷ ᠲᠤ ᠬᠦᠷᠴᠦ ᠬᠤᠭᠤᠯᠠ ᠢᠳᠡᠬᠦ᠂  ᠪᠤᠭᠤᠳᠠᠯᠯᠠᠨ ᠠᠪᠴᠤ ᠶᠠᠪᠤᠬᠤ᠂ ᠭᠡᠷ ᠲᠤᠨᠢ ᠬᠦᠷᠭᠡᠬᠦ︾ ᠭᠤᠷᠪᠠᠨ ᠵᠦᠢᠯ ᠤᠨ ᠦᠢᠯᠡᠴᠢᠯᠡᠭᠡᠨ ᠤ ᠵᠠᠭᠪᠤᠷ ᠢ ᠬᠠᠩᠭᠠᠵᠤ᠂ ᠶᠠᠪᠤᠵᠤ ᠰᠠᠭᠤᠬᠤ ᠳᠤ ᠳᠥᠭᠦᠮ ᠦᠭᠡᠢ ᠨᠠᠰᠤᠲᠠᠶᠢᠴᠤᠳ ᠲᠤ ᠭᠡᠷ ᠲᠤᠨᠢ ᠬᠦᠷᠭᠡᠬᠦ ᠦᠢᠯᠡᠴᠢᠯᠡᠭᠡ ᠶᠢ ᠭᠥᠷᠳᠡᠵᠦ ᠪᠣᠯᠣᠨ᠎ᠠ᠃ ᠭᠠᠷᠠᠭ ᠪᠦᠷᠢ ᠬᠤᠭᠤᠯᠠᠨ ᠤ ᠲᠦᠷᠦᠯ ᠢᠶᠠᠨ ᠰᠢᠨᠡᠳᠭᠡᠵᠤ᠂ ᠭᠡᠷ ᠵᠠᠭᠤᠷ᠎ᠠ ᠶᠢᠨ ᠬᠤᠭᠤᠯᠠ ᠵᠠᠭᠤᠰᠢ ᠪᠠᠶᠢᠬᠤ ᠪᠠᠷ ᠪᠠᠷᠠᠬᠤ ᠦᠭᠡᠢ ᠪᠠᠰᠠ ᠰᠦ ᠲᠠᠢ ᠴᠠᠢ᠂ ᠪᠤᠤᠰᠠ ᠵᠡᠷᠭᠡ ᠦᠨᠳᠦᠰᠦᠲᠡᠨ ᠤ ᠣᠨᠴᠠᠯᠢᠭ ᠲᠠᠢ ᠬᠤᠭᠤᠯᠠ ᠪᠠᠶᠢᠵᠣ᠂ ᠪᠠᠰᠠ ᠥᠨᠳᠥᠷ ᠨᠠᠰᠤᠲᠠᠳ ᠲᠤ ᠲᠤᠰᠬᠠᠶᠢᠯᠠᠨ ᠲᠤᠬᠢᠷᠠᠭᠤᠯᠤᠭᠰᠠᠨ ᠰᠢᠩᠭᠡᠨ ᠪᠤᠳᠠᠭ᠎ᠠ ᠵᠡᠷᠭᠡ ᠪᠣᠶ᠃ ︽ᠬᠤᠭᠤᠯᠠᠨ ᠭᠡᠷ ᠠᠴᠠ ᠡᠵᠢ ᠳᠤ ᠮᠢᠨᠢ ᠲᠤᠰᠬᠠᠶᠢᠯᠠᠨ ᠳᠠᠪᠤᠰᠤ ᠦᠭᠡᠢ ᠬᠤᠭᠤᠯᠠ ᠪᠡᠯᠡᠳᠬᠡᠵᠦ ᠥᠭᠭᠦᠭᠰᠡᠨ ᠨᠢ ᠰᠠᠨᠠᠭᠠᠨ ᠳᠤ ᠮᠠᠰᠢ ᠲᠠᠭᠠᠯᠠᠭᠳᠠᠭᠰᠠᠨ ᠶᠤᠮ︾ ᠭᠡᠵᠦ ᠰᠠᠭᠤᠭᠠᠯᠢ ᠠᠷᠠᠳ ᠵᠠᠩ ᠠᠪᠠᠭ᠋ᠠᠢ ᠮᠠᠭᠲᠠᠨ ᠰᠠᠶᠢᠰᠢᠶᠠᠵᠤ ᠪᠠᠶᠢᠯ᠎ᠠ᠃     ᠣᠶᠤᠨᠴᠢ ᠬᠢᠨᠠᠯᠲᠠ ᠬᠠᠮᠢᠶᠠᠷᠤᠯᠲᠠ ᠪᠠᠷ ᠠᠮᠤᠷ ᠲᠦᠪᠰᠢᠨ ᠢ ᠪᠠᠳᠤᠯᠠᠵᠤ᠂ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ︽ᠬᠠᠷ᠎ᠠ ᠲᠠᠩᠰᠠ︾ ᠳᠤ  ᠣᠷᠣᠭᠤᠯᠣᠨ᠎ᠠᠬᠤᠰᠢᠭᠤ ᠠᠷᠠᠳ ᠤᠨ ᠶᠠᠪᠤᠳᠠᠯ ᠤᠨ ᠲᠣᠪᠴᠢᠶ᠎ᠠ ᠬᠤᠭᠤᠯᠠᠨ ᠤ ᠬᠠᠮᠢᠶᠠᠷᠤᠯᠲᠠ ᠶᠢᠨ ᠰᠢᠰᠲ᠋ᠧᠮ ᠢ ᠬᠡᠷᠡᠭᠯᠡᠨ᠂ ᠲᠤᠰ ᠬᠤᠶᠠᠷ ᠬᠤᠭᠤᠯᠠᠨ ᠭᠡᠷ ᠲᠤ ᠲᠣᠭᠠᠴᠢᠯᠠᠭᠰᠠᠨ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠦᠨ᠂ ᠡᠷᠡᠭᠦᠯ ᠮᠡᠨᠳᠦ ᠶᠢᠨ ᠦᠨᠡᠮᠯᠡᠯ᠂ ᠰᠦᠢᠳᠬᠡᠯ ᠬᠤᠷᠢᠶᠠᠬᠤ ᠪᠠᠷᠢᠮᠵᠢᠶ᠎ᠠ ᠵᠢᠴᠢ ᠢᠳᠡᠭᠡᠨ ᠤ ᠠᠮᠤᠷ ᠲᠦᠪᠰᠢᠨ ᠤ ᠠᠮᠠᠯᠠᠯᠲᠠ ᠶᠢᠨ ᠪᠢᠴᠢᠭ ᠢ ᠢᠯᠡ ᠪᠠᠷ ᠨᠡᠶᠢᠲᠡᠯᠡᠬᠦ ᠶᠢ ᠱᠠᠭᠠᠷᠳᠠᠪᠠ᠃ ᠬᠡᠷᠪᠡ ᠳᠤᠷ᠎ᠠ ᠪᠠᠷ ᠢᠶᠠᠨ ᠠᠵᠢᠯ ᠵᠤᠭᠰᠤᠬᠤ᠂ ᠢᠳᠡᠭᠡᠨ ᠤ ᠵᠦᠢᠯ ᠨᠢ ᠵᠠᠭᠠᠯᠳᠤᠭᠳᠠᠬᠤ ᠵᠡᠷᠭᠡ 6 ᠲᠥᠷᠥᠯ ᠤᠨ ᠪᠠᠶᠢᠳᠠᠯ ᠭᠠᠷᠪᠠᠯ᠂ ᠱᠠᠭᠠᠷᠳᠠᠵᠤ ᠪᠠᠶᠢᠭᠠᠳ ᠴᠡᠭᠴᠡᠯᠡᠨ ᠥᠭᠡᠷᠡᠴᠢᠯᠡᠭᠦᠯᠬᠦ ᠪᠤᠶᠤ ᠨᠥᠬᠦᠪᠦᠷᠢ ᠥᠭᠬᠦ ᠬᠢᠷᠢ ᠬᠡᠮ ᠢ ᠨᠢ ᠬᠠᠰᠤᠨ᠎ᠠ᠃ ᠪᠡᠯᠡ ᠮᠥᠩᠭᠦ ᠶᠢ ᠮᠡᠬᠡᠯᠡᠨ ᠠᠪᠤᠭᠰᠠᠨ ᠪᠠᠶᠢᠭᠤᠯᠤᠮᠵᠢ ᠠᠴᠠ ᠨᠥᠬᠦᠪᠦᠷᠢ ᠶᠢ ᠨᠡᠬᠡᠮᠵᠢᠯᠡᠨ ᠠᠪᠬᠤ ᠶᠢᠨ ᠬᠠᠮᠲᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠢᠲᠡᠭᠡᠮᠵᠢ ᠶᠢᠨ ᠬᠠᠷ᠎ᠠ ᠲᠠᠩᠰᠠᠨ ᠳᠤ ᠣᠷᠣᠭᠤᠯᠤᠨ᠎ᠠ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠢᠳᠡᠭᠡᠨ ᠤ ᠮᠠᠲ᠋ᠧᠷᠢᠶᠠᠯ ᠢ ᠰᠤᠭᠤᠴᠢᠨ ᠪᠠᠶᠢᠴᠠᠭᠠᠬᠤ ᠠᠵᠢᠯ ᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ ᠨᠠᠰᠤᠲᠠᠶᠢᠴᠤᠳ ᠤᠨ ᠬᠤᠭᠤᠯᠠ ᠤᠮᠳᠠ ᠶᠢᠨ ᠠᠮᠤᠷ ᠲᠦᠪᠰᠢᠨ ᠢ ᠦᠨᠡᠨᠬᠦ ᠪᠠᠳᠤᠯᠠᠨ᠎ᠠ᠃     ︽ᠣᠳᠣᠬᠠᠨ ᠳᠤ ᠡᠳᠦᠷ ᠲᠤ ᠳᠤᠮᠳᠠᠴᠢ ᠪᠠᠷ 50 ᠭᠠᠷᠤᠢ ᠬᠥᠮᠥᠨ ᠤᠳᠠᠭ᠎ᠠ ᠳᠤ ᠲᠤᠰ ᠦᠢᠯᠡᠴᠢᠯᠡᠭᠡ ᠶᠢ ᠬᠦᠷᠲᠡᠭᠡᠵᠦ ᠪᠠᠶᠢᠨ᠎ᠠ᠂ ᠳᠠᠷᠠᠭᠠᠴᠢ ᠶᠢᠨ ᠠᠯᠬᠤᠮ ᠳᠤ ᠪᠣᠳᠠᠲᠠᠢ ᠪᠠᠶᠢᠳᠠᠯ ᠢ ᠦᠨᠳᠦᠰᠦᠯᠡᠨ ᠦᠢᠯᠡᠴᠢᠯᠡᠭᠡᠨ ᠤ ᠴᠡᠭ ᠢ ᠨᠡᠮᠡᠵᠦ ᠲᠤᠬᠢᠷᠠᠭᠤᠯᠬᠤ ᠪᠠᠷ ᠪᠠᠶᠢᠨ᠎ᠠ︾ ᠭᠡᠵᠤ ᠬᠤᠰᠢᠭᠤ ᠠᠷᠠᠳ ᠤᠨ ᠶᠠᠪᠤᠳᠠᠯ ᠤᠨ ᠲᠤᠪᠴᠢᠶᠠᠨ ᠤ ᠳᠡᠳ᠋ ᠳᠠᠷᠤᠭ᠎ᠠ ᠢᠦᠢ ᠯᠢ ᠵᠢᠣᠸᠠᠨ ᠲᠠᠨᠢᠯᠴᠠᠭᠤᠯᠪᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号