2025 ᠣᠨ ᠤ 5 ᠳ᠋ᠤᠭᠠᠷ ᠰᠠᠷ᠎ᠠ ᠶᠢᠨ 13 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠡᠷᠬᠡ ᠶᠢᠨ | ᠨᠠᠷᠢᠨ ᠳᠠᠩᠰᠠ ᠶᠢᠨ ᠬᠠᠮᠢᠶᠠᠷᠤᠯᠲᠠ ᠶᠢᠨ ᠠᠷᠭ᠎ᠠ︾ ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠵᠠᠷᠯᠢᠭ 275 ᠳ᠋ᠤᠭᠠᠷ ᠲᠣᠭᠠᠲᠤ︶ ᠶᠢ ᠨᠡᠶᠢᠲᠡᠯᠡᠵᠦ᠂ 2025 ᠣᠨ ᠤ 7 | ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | ᠨᠢᠭᠡ᠂ ᠲᠣᠭᠲᠠᠭᠠᠭᠰᠠᠨ ᠤ ᠴᠢᠬᠤᠯᠠ ᠴᠢᠨᠠᠷ | ᠶᠡᠷᠦᠩᠬᠡᠢ ᠱᠦᠵᠢ ᠰᠢ ᠶᠢᠨ ᠫᠢᠩ ᠵᠢᠭᠠᠵᠤ ᠭᠠᠷᠭᠠᠭᠰᠠᠨ ᠢᠶᠠᠷ᠂ ᠵᠠᠰᠠᠭ ᠤᠨ ᠣᠷᠳᠣᠨ ᠤ ᠪᠢᠴᠢᠯ ᠠᠵᠢᠯ | ᠶᠠᠪᠤᠳᠠᠯ ᠤᠨ ᠲᠠᠯ᠎ᠠ ᠳᠠᠬᠢ ᠬᠠᠮᠢᠶᠠᠷᠤᠯᠲᠠ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ ᠬᠡᠷᠡᠭᠲᠡᠢ᠃ ᠬᠢᠨᠠᠨ | ᠵᠥᠪᠰᠢᠶᠡᠷᠡᠬᠦ ᠵᠦᠢᠯᠡᠰ ᠢ ᠬᠡᠪ ᠢᠶᠠᠷ ᠪᠠᠶᠢᠯᠭᠠᠬᠤ ᠳᠤ ᠪᠠᠨ᠂ ᠡᠷᠬᠡ ᠶᠢᠨ ᠨᠠᠷᠢᠨ ᠳᠠᠩᠰᠠ ᠶᠢᠨ ᠳᠦᠷᠢᠮ ᠢ | ᠬᠡᠷᠡᠭᠵᠢᠭᠦᠯᠦᠨ᠂ ᠬᠢᠨᠠᠨ ᠵᠥᠪᠰᠢᠶᠡᠷᠡᠬᠦ ᠴᠤᠪᠤᠷᠠᠯ ᠢ ᠢᠯᠡ ᠪᠣᠯᠭᠠᠵᠤ᠂ ᠬᠢᠨᠠᠨ ᠵᠥᠪᠰᠢᠶᠡᠷᠡᠬᠦ ᠢᠯᠡ ᠲᠣᠳᠣ ᠶᠢᠨ | ᠬᠡᠮᠵᠢᠶ᠎ᠡ ᠶᠢ ᠳᠡᠭᠡᠭᠰᠢᠯᠡᠭᠦᠯᠦᠨ᠂ ᠴᠢᠯᠦᠭᠡᠲᠡᠢ ᠲᠠᠰᠤᠯᠤᠯᠲᠠ ᠶᠢᠨ ᠡᠷᠬᠡ ᠶᠢ ᠪᠠᠭᠠᠰᠬᠠᠬᠤ ᠬᠡᠷᠡᠭᠲᠡᠢ᠃ ᠨᠠᠮ ᠤᠨ | ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠢᠶᠠᠷ᠂ ᠵᠠᠰᠠᠭ ᠤᠨ ᠣᠷᠳᠣᠨ ᠤ | ᠪᠠᠶᠢᠭᠤᠯᠤᠮᠵᠢ᠂ ᠡᠭᠦᠷᠭᠡ ᠴᠢᠳᠠᠪᠤᠷᠢ᠂ ᠡᠷᠬᠡ ᠶᠢᠨ ᠬᠢᠵᠠᠭᠠᠷ᠂ ᠶᠠᠪᠤᠴᠠ᠂ ᠬᠠᠷᠢᠭᠤᠴᠠᠯᠭ᠎ᠠ ᠶᠢ ᠨᠢ ᠬᠠᠤᠯᠢ ᠪᠠᠷ | ᠲᠣᠭᠲᠠᠭᠠᠬᠤ ᠶᠢ ᠲᠦᠯᠬᠢᠨ ᠠᠬᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠪᠠᠷᠢᠮᠵᠢᠶᠠᠵᠢᠭᠤᠯᠬᠤ᠂ | ᠵᠢᠷᠤᠮᠵᠢᠭᠤᠯᠬᠤ᠂ ᠳᠥᠭᠦᠮᠴᠢᠯᠡᠬᠦ ᠶᠢ ᠠᠬᠢᠭᠤᠯᠤᠨ᠂ ᠪᠦᠬᠦ ᠤᠯᠤᠰ ᠢ ᠬᠠᠮᠤᠷᠤᠭᠰᠠᠨ ᠰᠦᠯᠵᠢᠶᠡᠨ ᠳᠡᠭᠡᠷᠡᠬᠢ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠨᠢᠭᠡ ᠴᠣᠭᠴᠠᠵᠢᠭᠤᠯᠤᠭᠰᠠᠨ ᠲᠠᠪᠴᠠᠩ ᠢ ᠲᠡᠭᠦᠯᠳᠡᠷᠵᠢᠭᠦᠯᠦᠨ᠎ᠡ ᠭᠡᠵᠦ ᠳᠤᠷᠠᠳᠪᠠ᠃ | ᠥᠪᠡᠷᠲᠡᠭᠡᠨ ᠵᠠᠰᠠᠬᠤ ᠣᠷᠣᠨ ᠠᠴᠠ ᠵᠠᠰᠠᠭ ᠵᠠᠬᠢᠷᠭᠠᠨ ᠤ ᠡᠷᠬᠡ ᠶᠢᠨ ᠨᠠᠷᠢᠨ ᠲᠠᠩᠰᠠ ᠶᠢᠨ ᠳᠦᠷᠢᠮ ᠢ ᠪᠠᠷᠢᠮᠲᠠᠯᠠᠨ | ᠲᠤᠭᠤᠰᠢᠯᠠᠭᠤᠯᠤᠨ ᠬᠡᠷᠡᠭᠵᠢᠭᠦᠯᠵᠦ᠂ ᠨᠠᠷᠢᠨ ᠲᠠᠩᠰᠠ ᠶᠢᠨ ᠬᠡᠷᠡᠭᠯᠡᠯᠲᠡ ᠶᠢ ᠲᠠᠰᠤᠷᠠᠯᠲᠠ ᠦᠭᠡᠢ ᠴᠢᠩᠭᠠᠷᠠᠭᠤᠯᠤᠨ᠂ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠢᠳᠠᠪᠤᠷᠢ ᠶᠢᠨ ᠬᠢᠷᠢ ᠲᠦᠪᠰᠢᠨ ᠢ ᠳᠡᠭᠡᠭᠰᠢᠯᠡᠭᠦᠯᠬᠦ᠂ ᠠᠵᠢᠯ | ᠶᠠᠪᠤᠳᠠᠯ ᠤᠨ ᠳᠤᠮᠳᠠᠬᠢ ᠪᠠ ᠠᠵᠢᠯ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ | ᠵᠢᠷᠤᠮᠵᠢᠭᠤᠯᠬᠤ ᠵᠡᠷᠭᠡ ᠲᠠᠯ᠎ᠠ ᠪᠠᠷ ᠴᠢᠬᠤᠯᠠ ᠦᠢᠯᠡᠳᠦᠯ ᠪᠠᠳᠠᠷᠠᠭᠤᠯᠪᠠ᠃ | ᠵᠣᠬᠢᠬᠤ ᠦᠷ᠎ᠡ ᠪᠦᠲᠦᠮᠵᠢ ᠣᠯᠣᠭᠰᠠᠨ ᠪᠣᠯᠪᠠᠴᠤ ᠪᠠᠰᠠ ᠡᠳᠦᠢ ᠲᠡᠳᠦᠢ ᠠᠰᠠᠭᠤᠳᠠᠯ ᠣᠷᠣᠰᠢᠵᠤ ᠪᠠᠶᠢᠨ᠎ᠠ᠄ | ᠨᠢᠭᠡ ᠳᠤ ᠨᠠᠷᠢᠨ ᠳᠠᠩᠰᠠ ᠶᠢᠨ ᠬᠠᠮᠢᠶᠠᠷᠤᠯᠲᠠ ᠶᠢᠨ ᠲᠣᠭᠲᠠᠴᠠ ᠪᠦᠷᠢᠨ ᠲᠡᠭᠦᠯᠳᠡᠷ ᠪᠤᠰᠤ᠂ ᠴᠠᠭ | ᠲᠤᠬᠠᠢ ᠳᠤ ᠨᠢ ᠬᠥᠳᠡᠯᠦᠩᠭᠦᠢ ᠪᠠᠷ ᠲᠣᠬᠢᠷᠠᠭᠤᠯᠤᠯᠲᠠ ᠬᠢᠭᠰᠡᠨ ᠦᠭᠡᠢ | ᠬᠤᠶᠠᠷ ᠲᠤ ᠵᠠᠰᠠᠭ ᠵᠠᠬᠢᠷᠭᠠᠨ ᠤ ᠡᠷᠬᠡ ᠶᠢ ᠬᠡᠷᠡᠭᠵᠢᠭᠦᠯᠬᠦ ᠪᠠᠶᠢᠭᠤᠯᠭ᠎ᠠ ᠶᠢᠨ ᠭᠤᠣᠯ ᠴᠣᠭᠴᠠ ᠶᠢᠨ | ᠬᠠᠷᠢᠭᠤᠴᠠᠯᠭ᠎ᠠ ᠪᠠᠨ ᠪᠦᠷᠢᠨ ᠭᠦᠢᠴᠡᠳᠬᠡᠭᠰᠡᠨ ᠦᠭᠡᠢ᠂ ︽ᠨᠠᠷᠢᠨ ᠳᠠᠩᠰᠠ ᠶᠢ ᠦᠨᠳᠦᠰᠦᠯᠡᠨ ᠬᠠᠷᠢᠭᠤᠴᠠᠯᠭ᠎ᠠ ᠪᠠᠨ | ᠭᠦᠢᠴᠡᠳᠬᠡᠬᠦ︾ ᠴᠢᠳᠠᠪᠤᠷᠢ ᠨᠢ ᠬᠦᠷᠦᠯᠴᠡᠬᠦ ᠦᠭᠡᠢ ᠪᠠᠶᠢᠨ᠎ᠠ | ᠭᠤᠷᠪᠠ ᠳᠤ ᠨᠠᠷᠢᠨ ᠳᠠᠩᠰᠠ ᠶᠢ ᠨᠠᠶᠢᠷᠠᠭᠤᠯᠤᠨ ᠵᠣᠬᠢᠶᠠᠬᠤ ᠠᠵᠢᠯ ᠢ ᠵᠣᠬᠢᠴᠠᠭᠤᠯᠬᠤ ᠳᠤ ᠬᠦᠴᠢᠷᠳᠡᠯ ᠶᠡᠭᠡ | ᠪᠠᠶᠢᠵᠤ᠂ ᠬᠠᠤᠯᠢ ᠪᠠᠷ ᠵᠠᠰᠠᠬᠤ ᠲᠤᠯᠭᠠᠭᠤᠷᠢᠯᠠᠯ ᠳᠤᠲᠠᠮᠠᠭ ᠪᠠᠶᠢᠨ᠎ᠠ | ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ | ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠵᠠᠰᠠᠭ ᠵᠠᠬᠢᠷᠭᠠᠨ ᠤ ᠡᠷᠬᠡ ᠶᠢᠨ ᠠᠵᠢᠯᠯᠠᠭᠠᠨ ᠢ | ᠵᠢᠷᠤᠮᠵᠢᠭᠤᠯᠤᠨ ᠰᠢᠯᠢᠳᠡᠭᠵᠢᠭᠦᠯᠵᠦ᠂ ᠵᠠᠰᠠᠭ ᠵᠠᠬᠢᠷᠭᠠᠨ ᠤ ᠡᠷᠬᠡ ᠶᠢᠨ ᠨᠠᠷᠢᠨ ᠳᠠᠩᠰᠠ ᠶᠢᠨ ᠬᠠᠤᠯᠢ ᠶᠣᠰᠣᠭᠠᠷ ᠵᠠᠰᠠᠭ | ᠶᠠᠪᠤᠭᠤᠯᠬᠤ ᠪᠠ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢᠨ ᠬᠤᠪᠢᠷᠠᠯᠲᠠ ᠶᠢ ᠠᠬᠢᠭᠤᠯᠬᠤ ᠳᠤᠮᠳᠠᠬᠢ ᠰᠠᠭᠤᠷᠢ | ᠴᠢᠨᠠᠷᠲᠠᠢ ᠦᠢᠯᠡᠳᠦᠯ ᠢ ᠨᠠᠩ ᠰᠠᠶᠢᠨ ᠪᠠᠳᠠᠷᠠᠭᠤᠯᠬᠤ ᠶᠢᠨ ᠲᠤᠰᠠᠳᠠ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠵᠠᠰᠠᠭ ᠵᠠᠬᠢᠷᠭᠠᠨ ᠤ ᠡᠷᠬᠡ ᠶᠢᠨ ᠨᠠᠷᠢᠨ ᠳᠠᠩᠰᠠ ᠶᠢᠨ ᠬᠠᠮᠢᠶᠠᠷᠤᠯᠲᠠ ᠶᠢᠨ ᠠᠷᠭ᠎ᠠ︾ ︵ᠳᠣᠷᠣᠭᠰᠢ | ︽ᠠᠷᠭ᠎ᠠ︾ ᠭᠡᠵᠦ ᠲᠣᠪᠴᠢᠯᠠᠨ᠎ᠠ︶ ᠶᠢ ᠲᠣᠭᠲᠠᠭᠠᠬᠤ ᠴᠢᠬᠤᠯᠠᠲᠠᠢ ᠪᠠᠶᠢᠨ᠎ᠠ᠃ | ᠬᠤᠶᠠᠷ᠂ ᠨᠡᠶᠢᠲᠡᠯᠡᠨ ᠬᠡᠷᠡᠭᠵᠢᠭᠦᠯᠬᠦ ᠶᠢᠨ ᠠᠴᠢ ᠬᠤᠯᠪᠣᠭᠳᠠᠯ | ︵ᠨᠢᠭᠡ︶ ᠵᠠᠰᠠᠭ ᠵᠠᠬᠢᠷᠭᠠᠨ ᠤ ᠡᠷᠬᠡ ᠶᠢᠨ ᠨᠠᠷᠢᠨ ᠳᠠᠩᠰᠠ ᠶᠢᠨ ᠬᠠᠮᠢᠶᠠᠷᠤᠯᠲᠠ ᠶᠢᠨ ᠲᠣᠭᠲᠠᠴᠠ ᠶᠢ | ᠪᠦᠷᠢᠨᠰᠢᠭᠦᠯᠪᠡ᠃ | ︽ᠠᠷᠭ᠎ᠠ︾ ᠳᠤ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠢ ᠲᠣᠰ | ᠱᠠᠲᠤᠨ ᠤ ᠵᠠᠰᠠᠭ ᠵᠠᠬᠢᠷᠭᠠᠨ ᠤ ᠡᠷᠬᠡ ᠶᠢᠨ ᠨᠠᠷᠢᠨ ᠳᠠᠩᠰᠠ ᠶᠢᠨ ᠬᠠᠮᠢᠶᠠᠷᠤᠯᠲᠠ ᠶᠢᠨ ᠠᠵᠢᠯ ᠤᠨ ᠲᠠᠯ᠎ᠠ ᠳᠠᠬᠢ | ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠲᠡᠢ︔ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ | ᠵᠠᠰᠠᠭ ᠤᠨ ᠣᠷᠳᠣᠨ ᠤ ᠵᠢᠭᠠᠨ ᠲᠣᠭᠲᠠᠭᠠᠭᠰᠠᠨ ᠵᠠᠰᠠᠭ ᠵᠠᠬᠢᠷᠭᠠᠨ ᠤ ᠡᠷᠬᠡ ᠶᠢᠨ ᠨᠠᠷᠢᠨ ᠳᠠᠩᠰᠠ ᠶᠢᠨ | ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠵᠠᠰᠠᠭ ᠵᠠᠬᠢᠷᠭᠠᠨ ᠤ ᠡᠷᠬᠡ ᠶᠢᠨ ᠨᠠᠷᠢᠨ ᠳᠠᠩᠰᠠ ᠶᠢ ᠨᠠᠶᠢᠷᠠᠭᠤᠯᠤᠨ | ᠵᠣᠬᠢᠶᠠᠬᠤ᠂ ᠲᠣᠬᠢᠷᠠᠭᠤᠯᠬᠤ᠂ ᠨᠡᠶᠢᠲᠡᠯᠡᠬᠦ ᠪᠠ ᠬᠡᠷᠡᠭᠵᠢᠭᠦᠯᠬᠦ ᠠᠵᠢᠯ ᠢ ᠵᠣᠬᠢᠶᠠᠨ ᠪᠠᠶᠢᠭᠤᠯᠵᠤ᠂ ᠬᠠᠮᠢᠶᠠᠷᠴᠤ᠂ | ᠵᠢᠯᠤᠭᠤᠳᠬᠤ ᠪᠠ ᠬᠢᠨᠠᠯᠲᠠ ᠲᠠᠯᠪᠢᠬᠤ ᠶᠢ ᠬᠠᠷᠢᠭᠤᠴᠠᠨ᠎ᠠ︔ | ᠵᠠᠰᠠᠭ ᠵᠠᠬᠢᠷᠭᠠᠨ ᠤ ᠡᠷᠬᠡ ᠶᠢ ᠬᠡᠷᠡᠭᠵᠢᠭᠦᠯᠬᠦ ᠪᠠᠶᠢᠭᠤᠯᠭ᠎ᠠ ᠨᠢ ᠵᠠᠰᠠᠭ ᠵᠠᠬᠢᠷᠭᠠᠨ ᠤ ᠡᠷᠬᠡ ᠶᠢᠨ ᠨᠠᠷᠢᠨ | ᠳᠠᠩᠰᠠ ᠶᠢᠨ | ᠨᠠᠶᠢᠷᠠᠭᠤᠯᠤᠨ ᠵᠣᠬᠢᠶᠠᠬᠤ ᠭᠤᠣᠯ ᠴᠣᠭᠴᠠ ᠬᠡᠷᠡᠭᠵᠢᠭᠦᠯᠬᠦ ᠭᠤᠣᠯ ᠴᠣᠭᠴᠠ ᠬᠠᠷᠢᠭᠤᠴᠠᠯᠭ᠎ᠠ ᠶᠢᠨ | ᠭᠤᠣᠯ ᠴᠣᠭᠴᠠ | ᠥᠪᠡᠷᠲᠡᠭᠡᠨ ᠵᠠᠰᠠᠬᠤ ᠣᠷᠣᠨ ᠤ ᠱᠠᠲᠤᠨ ᠤ ᠵᠠᠰᠠᠭ ᠵᠠᠬᠢᠷᠭᠠᠨ ᠤ ᠡᠷᠬᠡ ᠶᠢ ᠬᠡᠷᠡᠭᠵᠢᠭᠦᠯᠬᠦ ᠪᠠᠶᠢᠭᠤᠯᠭ᠎ᠠ ᠨᠢ | ᠲᠣᠰ ᠠᠵᠢᠯ ᠲᠥᠷᠥᠯ᠂ ᠲᠣᠰ ᠰᠢᠰᠲ᠋ᠧᠮ ᠤᠨ ᠢᠶᠠᠨ ᠵᠠᠰᠠᠭ ᠵᠠᠬᠢᠷᠭᠠᠨ ᠤ ᠡᠷᠬᠡ ᠶᠢᠨ ᠨᠠᠷᠢᠨ ᠳᠠᠩᠰᠠ ᠶᠢᠨ | ᠪᠠᠷᠢᠮᠵᠢᠶᠠᠵᠢᠭᠤᠯᠬᠤ ᠠᠵᠢᠯ ᠢ ᠬᠠᠷᠢᠭᠤᠴᠠᠨ᠎ᠠ᠃ | ︵ᠬᠤᠶᠠᠷ︶ ᠵᠠᠰᠠᠭ ᠵᠠᠬᠢᠷᠭᠠᠨ ᠤ ᠡᠷᠬᠡ ᠶᠢᠨ ᠨᠠᠷᠢᠨ ᠳᠠᠩᠰᠠ ᠶᠢ ᠨᠠᠶᠢᠷᠠᠭᠤᠯᠤᠨ ᠵᠣᠬᠢᠶᠠᠬᠤ ᠪᠠ ᠲᠣᠬᠢᠷᠠᠭᠤᠯᠬᠤ | ᠳᠦᠷᠢᠮᠯᠡᠯ ᠢ ᠲᠣᠭᠲᠠᠭᠠᠪᠠ᠃ | ︽ᠠᠷᠭ᠎ᠠ︾ ᠳᠤ᠂ ᠵᠠᠰᠠᠭ ᠵᠠᠬᠢᠷᠭᠠᠨ ᠤ ᠡᠷᠬᠡ ᠶᠢᠨ ᠨᠠᠷᠢᠨ ᠲᠠᠩᠰᠠ ᠶᠢ ᠨᠠᠶᠢᠷᠠᠭᠤᠯᠤᠨ ᠵᠣᠬᠢᠶᠠᠬᠤ ᠳᠤ ᠬᠠᠤᠯᠢ | ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠢᠶᠠᠷ ᠦᠨᠳᠦᠰᠦᠯᠡᠯ ᠪᠣᠯᠭᠠᠵᠤ᠂ ᠤᠯᠤᠰ ᠤᠨ ᠬᠠᠮᠢᠶ᠎ᠠ ᠪᠦᠬᠦᠢ | ᠨᠠᠷᠢᠨ ᠲᠠᠩᠰᠠ ᠪᠠ ᠭᠠᠷᠴᠠᠭ ᠯᠤᠭ᠎ᠠ ᠰᠠᠶᠢᠲᠤᠷ ᠵᠣᠯᠭᠠᠭᠤᠯᠬᠤ ᠬᠡᠷᠡᠭᠲᠡᠢ︔ ᠡᠭᠦᠨ ᠤ ᠬᠠᠮᠲᠤ᠂ ᠵᠠᠰᠠᠭ ᠵᠠᠬᠢᠷᠭᠠᠨ ᠤ | ᠡᠷᠬᠡ ᠶᠢᠨ ᠨᠠᠷᠢᠨ ᠲᠠᠩᠰᠠ ᠳᠤ ᠲᠣᠬᠢᠷᠠᠭᠤᠯᠤᠯᠲᠠ ᠬᠢᠬᠦ ᠪᠣᠳᠠᠲᠠᠢ ᠪᠠᠶᠢᠳᠠᠯ ᠢ ᠨᠠᠷᠢᠯᠢᠭᠵᠢᠭᠤᠯᠵᠤ᠂ ᠵᠠᠰᠠᠭ | ᠵᠠᠬᠢᠷᠭᠠᠨ ᠤ ᠡᠷᠬᠡ ᠶᠢᠨ ᠨᠠᠷᠢᠨ ᠲᠠᠩᠰᠠ ᠳᠤ ᠲᠥᠪᠯᠡᠷᠡᠭᠦᠯᠦᠨ ᠲᠣᠬᠢᠷᠠᠭᠤᠯᠤᠯᠲᠠ ᠬᠢᠬᠦ ᠪᠠ ᠣᠨᠴᠠ ᠵᠠᠷᠢᠮ | ᠲᠣᠬᠢᠷᠠᠭᠤᠯᠤᠯᠲᠠ ᠬᠢᠬᠦ ᠳᠤ ᠵᠢᠷᠤᠮ ᠤᠨ ᠴᠢᠨᠠᠷᠲᠠᠢ ᠲᠣᠭᠲᠠᠭᠠᠯ ᠭᠠᠷᠭᠠᠪᠠ᠃ | ︵ᠭᠤᠷᠪᠠ︶ ᠵᠠᠰᠠᠭ ᠵᠠᠬᠢᠷᠭᠠᠨ ᠤ ᠡᠷᠬᠡ ᠶᠢᠨ ᠨᠠᠷᠢᠨ ᠳᠠᠩᠰᠠ ᠶᠢ ᠨᠡᠶᠢᠲᠡᠯᠡᠬᠦ ᠪᠠ ᠬᠡᠷᠡᠭᠵᠢᠭᠦᠯᠬᠦ | ᠱᠠᠭᠠᠷᠳᠠᠯᠭ᠎ᠠ ᠶᠢ ᠲᠣᠳᠣᠷᠬᠠᠶᠢᠯᠠᠪᠠ᠃ | ︽ᠠᠷᠭ᠎ᠠ︾ ᠳᠤ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠠᠰᠲᠠᠭᠠᠨ ᠲᠣᠭᠲᠠᠭᠠᠯ ᠲᠠᠢ ᠪᠤᠶᠤ ᠤᠯᠤᠰ ᠤᠨ | ᠨᠢᠭᠤᠴᠠ ᠳᠤ ᠬᠤᠯᠪᠣᠭᠳᠠᠬᠤ ᠶᠢ ᠭᠠᠷᠭᠠᠪᠠᠯ᠂ ᠵᠠᠰᠠᠭ ᠵᠠᠬᠢᠷᠭᠠᠨ ᠤ ᠡᠷᠬᠡ ᠶᠢᠨ ᠨᠠᠷᠢᠨ ᠳᠠᠩᠰᠠ ᠶᠢ ᠵᠠᠰᠠᠭ ᠤᠨ | ᠣᠷᠳᠣᠨ ᠤ ᠫᠤᠷᠲ᠋ᠧᠯ ᠰᠦᠯᠵᠢᠶ᠎ᠡ᠂ ᠰᠠᠯᠠᠭ᠎ᠠ ᠮᠥᠴᠢᠷ ᠤᠨ ᠰᠦᠯᠵᠢᠶ᠎ᠡ᠂ ᠶᠡᠷᠦᠩᠬᠡᠶᠢᠯᠡᠭᠰᠡᠨ ᠴᠢᠨᠠᠷᠲᠠᠢ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠲᠠᠯᠠᠪᠤᠷ ᠭᠠᠵᠠᠷ ᠵᠡᠷᠭᠡ ᠠᠴᠢᠶᠠᠯᠠᠪᠤᠷᠢ ᠪᠠ ᠠᠷᠭ᠎ᠠ ᠵᠠᠮ ᠢᠶᠠᠷ ᠨᠡᠶᠢᠲᠡᠯᠡᠬᠦ ᠬᠡᠷᠡᠭᠲᠡᠢ︔ | ᠵᠠᠰᠠᠭ ᠵᠠᠬᠢᠷᠭᠠᠨ ᠤ ᠡᠷᠬᠡ ᠶᠢ ᠬᠡᠷᠡᠭᠵᠢᠭᠦᠯᠬᠦ ᠪᠠᠶᠢᠭᠤᠯᠭ᠎ᠠ ᠨᠢ ᠵᠠᠰᠠᠭ ᠵᠠᠬᠢᠷᠭᠠᠨ ᠤ ᠡᠷᠬᠡ ᠶᠢᠨ ᠨᠠᠷᠢᠨ ᠳᠠᠩᠰᠠ ᠶᠢ | ᠪᠣᠳᠠᠲᠠᠢ ᠠᠵᠢᠯ ᠤᠨ ᠳᠤᠮᠳᠠ ᠪᠠᠨ ᠨᠠᠶᠢᠳᠠᠪᠤᠷᠢᠵᠢᠭᠤᠯᠵᠤ᠂ ᠵᠠᠰᠠᠭ ᠵᠠᠬᠢᠷᠭᠠᠨ ᠤ ᠡᠷᠬᠡ ᠯᠦᠭᠡ ᠵᠣᠬᠢᠴᠠᠯᠳᠤᠭᠰᠠᠨ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠪᠠ ᠬᠢᠨᠠᠯᠲᠠ ᠬᠠᠮᠢᠶᠠᠷᠤᠯᠲᠠ ᠶᠢᠨ ᠵᠦᠢᠯᠡᠰ ᠢ ᠪᠥᠬᠦ ᠣᠷᠣᠨ ᠤ | ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ᠂ ᠥᠪᠥᠷ ᠮᠣᠩᠭᠤᠯ ᠤᠨ | ︽ᠢᠨᠲ᠋ᠧᠷ ᠰᠦᠯᠵᠢᠶ᠎ᠡ + ᠬᠢᠨᠠᠯᠲᠠ ᠬᠠᠮᠢᠶᠠᠷᠤᠯᠲᠠ︾ ᠰᠢᠰᠲ᠋ᠧᠮ ᠵᠢᠴᠢ ᠶᠡᠷᠦᠩᠬᠡᠶᠢᠯᠡᠭᠰᠡᠨ ᠴᠢᠨᠠᠷᠲᠠᠢ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠲᠠᠯᠠᠪᠤᠷ ᠭᠠᠵᠠᠷ ᠵᠡᠷᠭᠡ ᠳᠤ ᠬᠡᠷᠡᠭᠯᠡᠵᠦ᠂ ᠠᠵᠤ ᠠᠬᠤᠶᠢᠯᠠᠯ ᠪᠠ ᠣᠯᠠᠨ ᠲᠦᠮᠡᠨ ᠤ | ᠠᠵᠢᠯ ᠶᠠᠪᠤᠳᠠᠯ ᠭᠦᠢᠴᠡᠳᠬᠡᠬᠦ ᠳᠤ ᠲᠥᠬᠦᠮ ᠦᠵᠡᠭᠦᠯᠬᠦ ᠬᠡᠷᠡᠭᠲᠡᠢ ᠭᠡᠵᠦ ᠲᠣᠳᠣᠷᠬᠠᠢ ᠲᠣᠭᠲᠠᠭᠠᠪᠠ᠃ | ︵ᠳᠥᠷᠪᠡ︶ ᠵᠠᠰᠠᠭ ᠵᠠᠬᠢᠷᠭᠠᠨ ᠤ ᠡᠷᠬᠡ ᠶᠢ ᠳᠣᠷᠣᠭᠰᠢ ᠪᠠᠭᠤᠯᠭᠠᠬᠤ ᠲᠠᠯ᠎ᠠ ᠪᠠᠷ ᠬᠢ ᠦᠨᠡᠯᠡᠨ ᠵᠢᠱᠢᠬᠦ | ᠲᠣᠭᠲᠠᠴᠠ ᠶᠢ ᠪᠠᠶᠢᠭᠤᠯᠪᠠ᠃ | ︽ᠠᠷᠭ᠎ᠠ︾ ᠳᠤ ᠲᠣᠭᠲᠠᠭᠠᠭᠰᠠᠨ ᠢᠶᠠᠷ᠂ ᠵᠠᠰᠠᠭ ᠵᠠᠬᠢᠷᠭᠠᠨ ᠤ ᠡᠷᠬᠡ ᠶᠢᠨ ᠨᠠᠷᠢᠨ ᠲᠠᠩᠰᠠ ᠶᠢᠨ | ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠵᠠᠰᠠᠭ ᠵᠠᠬᠢᠷᠭᠠᠨ ᠤ ᠡᠷᠬᠡ ᠶᠢᠨ ᠨᠠᠷᠢᠨ ᠲᠠᠩᠰᠠ ᠳᠤ ᠲᠥᠪᠯᠡᠷᠡᠭᠦᠯᠦᠨ | ᠲᠣᠬᠢᠷᠠᠭᠤᠯᠤᠯᠲᠠ ᠬᠢᠬᠦ ᠠᠴᠠ ᠡᠮᠦᠨ᠎ᠡ᠂ ᠲᠣᠰ ᠱᠠᠲᠤᠨ ᠤ ᠪᠠᠨ ᠨᠢᠭᠡᠨᠲᠡ ᠳᠣᠷᠣᠭᠰᠢ ᠪᠠᠭᠤᠯᠭᠠᠭᠰᠠᠨ ᠵᠠᠰᠠᠭ | ᠵᠠᠬᠢᠷᠭᠠᠨ ᠤ ᠡᠷᠬᠡ ᠶᠢ ᠦᠨᠡᠯᠡᠨ ᠵᠢᠱᠢᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠦᠨᠡᠯᠡᠨ ᠵᠢᠱᠢᠯᠲᠡ ᠪᠠᠷ | ᠳᠡᠮᠵᠢᠨ ᠦᠨᠡᠬᠡᠷ ᠡᠭᠡᠭᠦᠯᠦᠨ ᠬᠤᠷᠢᠶᠠᠬᠤ ᠴᠢᠬᠤᠯᠠᠲᠠᠢ ᠶᠢ ᠨᠢ ᠵᠠᠰᠠᠭ ᠵᠠᠬᠢᠷᠭᠠᠨ ᠤ ᠡᠷᠬᠡ ᠶᠢᠨ ᠨᠠᠷᠢᠨ ᠳᠠᠩᠰᠠ ᠳᠤ | ᠲᠥᠪᠯᠡᠷᠡᠭᠦᠯᠦᠨ ᠲᠣᠬᠢᠷᠠᠭᠤᠯᠤᠯᠲᠠ ᠬᠢᠬᠦ ᠦᠶ᠎ᠡ ᠳᠤ ᠬᠠᠮᠲᠤ ᠳᠤ ᠨᠢ ᠡᠭᠡᠭᠦᠯᠦᠨ ᠬᠤᠷᠢᠶᠠᠬᠤ ᠬᠡᠷᠡᠭᠲᠡᠢ︔ | ᠵᠠᠰᠠᠭ ᠵᠠᠬᠢᠷᠭᠠᠨ ᠤ ᠡᠷᠬᠡ ᠶᠢ ᠬᠡᠷᠡᠭᠵᠢᠭᠦᠯᠬᠦ ᠪᠠᠶᠢᠭᠤᠯᠭ᠎ᠠ ᠨᠢ ᠵᠠᠰᠠᠭ ᠵᠠᠬᠢᠷᠭᠠᠨ ᠤ ᠡᠷᠬᠡ ᠶᠢ ᠳᠣᠷᠣᠭᠰᠢ | ᠪᠠᠭᠤᠯᠭᠠᠬᠤ ᠡᠳᠦᠷ ᠳᠣᠲᠣᠮ ᠤᠨ ᠦᠨᠡᠯᠡᠨ ᠵᠢᠱᠢᠯᠲᠡ ᠳᠤ᠂ ᠦᠨᠡᠨ ᠬᠦ ᠡᠭᠡᠭᠦᠯᠦᠨ ᠬᠤᠷᠢᠶᠠᠬᠤ ᠴᠢᠬᠤᠯᠠᠲᠠᠢ ᠭᠡᠵᠦ | ᠦᠵᠡᠭᠰᠡᠨ ᠵᠠᠰᠠᠭ ᠵᠠᠬᠢᠷᠭᠠᠨ ᠤ ᠡᠷᠬᠡ ᠶᠢ ᠨᠢ ᠵᠠᠰᠠᠭ ᠵᠠᠬᠢᠷᠭᠠᠨ ᠤ ᠡᠷᠬᠡ ᠶᠢᠨ ᠨᠠᠷᠢᠨ ᠳᠠᠩᠰᠠ ᠶᠢᠨ | ᠬᠠᠮᠢᠶᠠᠷᠤᠯᠲᠠ ᠶᠢᠨ ᠰᠠᠯᠠᠭ᠎ᠠ ᠮᠥᠴᠢᠷ ᠢᠶᠠᠷ ᠬᠢᠨᠠᠨ ᠬᠠᠷᠭᠤᠭᠤᠯᠤᠭᠰᠠᠨ ᠤ ᠳᠠᠷᠠᠭ᠎ᠠ᠂ ᠴᠠᠭ ᠲᠤᠬᠠᠢ ᠳᠤ ᠨᠢ ᠲᠣᠰ | ᠱᠠᠲᠤᠨ ᠤ ᠪᠠᠨ ᠠᠷᠠᠳ ᠤᠨ ᠵᠠᠰᠠᠭ ᠤᠨ ᠣᠷᠳᠣᠨ ᠳᠤ ᠳᠡᠪᠰᠢᠭᠦᠯᠵᠦ ᠬᠢᠨᠠᠨ ᠲᠣᠭᠲᠠᠭᠠᠯᠭᠠᠬᠤ ᠬᠡᠷᠡᠭᠲᠡᠢ᠃ | ᠡᠭᠦᠨ ᠤ ᠬᠠᠮᠲᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠣᠷᠣᠭᠰᠢ ᠪᠠᠭᠤᠯᠭᠠᠭᠰᠠᠨ | ᠵᠠᠰᠠᠭ ᠵᠠᠬᠢᠷᠭᠠᠨ ᠤ ᠡᠷᠬᠡ ᠶᠢᠨ ᠵᠦᠢᠯᠡᠰ ᠢ ᠦᠨᠡᠯᠡᠨ ᠵᠢᠱᠢᠬᠦ ᠠᠷᠭ᠎ᠠ︾ ᠶᠢ ᠢᠵᠢ ᠪᠦᠷᠢᠳᠦᠭᠦᠯᠦᠨ ᠲᠣᠭᠲᠠᠭᠠᠵᠤ᠂ | ᠦᠨᠡᠯᠡᠨ ᠵᠢᠱᠢᠬᠦ ᠭᠤᠣᠯ ᠴᠣᠭᠴᠠ᠂ ᠬᠡᠪᠴᠢᠶ᠎ᠡ᠂ ᠠᠭᠤᠯᠭ᠎ᠠ᠂ ᠶᠠᠪᠤᠴᠠ ᠵᠢᠴᠢ ᠦᠷ᠎ᠡ ᠳ᠋ᠦᠩ ᠤᠨ ᠬᠡᠷᠡᠭᠯᠡᠯᠲᠡ | ᠵᠡᠷᠭᠡ ᠶᠢ ᠨᠠᠷᠢᠯᠢᠭᠵᠢᠭᠤᠯᠪᠠ᠃ | ᠭᠤᠷᠪᠠ᠂ ᠦᠨᠳᠦᠰᠦᠨ ᠪᠣᠷᠣ ᠲᠥᠯᠥᠪ ᠪᠠ ᠭᠤᠣᠯ ᠠᠭᠤᠯᠭ᠎ᠠ | ︽ᠠᠷᠭ᠎ᠠ︾ ᠶᠢ ᠨᠡᠶᠢᠲᠡ ᠲᠠᠪᠤᠨ ᠪᠦᠯᠦᠭ ᠬᠤᠷᠢᠨ ᠲᠤᠯᠤᠭᠠᠨ ᠵᠦᠢᠯ ᠬᠤᠪᠢᠶᠠᠵᠤ᠂ ᠪᠥᠬᠦ ᠣᠷᠣᠨ ᠤ ᠵᠠᠰᠠᠭ | ᠵᠠᠬᠢᠷᠭᠠᠨ ᠤ ᠡᠷᠬᠡ ᠶᠢᠨ ᠨᠠᠷᠢᠨ ᠳᠠᠩᠰᠠ ᠶᠢᠨ ᠬᠠᠮᠢᠶᠠᠷᠤᠯᠲᠠ ᠶᠢᠨ ᠶᠡᠷᠦᠩᠬᠡᠢ ᠱᠠᠭᠠᠷᠳᠠᠯᠭ᠎ᠠ᠂ ᠨᠠᠶᠢᠷᠠᠭᠤᠯᠤᠨ | ᠵᠣᠬᠢᠶᠠᠬᠤ ᠪᠠ ᠲᠣᠬᠢᠷᠠᠭᠤᠯᠬᠤ᠂ ᠨᠡᠶᠢᠲᠡᠯᠡᠬᠦ ᠪᠠ ᠬᠡᠷᠡᠭᠵᠢᠭᠦᠯᠬᠦ᠂ ᠬᠠᠤᠯᠢ ᠶᠢᠨ ᠬᠠᠷᠢᠭᠤᠴᠠᠯᠭ᠎ᠠ ᠵᠡᠷᠭᠡ ᠠᠭᠤᠯᠭ᠎ᠠ ᠳᠤ | ᠲᠣᠳᠣᠷᠬᠠᠢ ᠲᠣᠭᠲᠠᠭᠠᠯ ᠭᠠᠷᠭᠠᠪᠠ᠂ ᠪᠣᠳᠠᠲᠠᠢ ᠪᠠᠷ ᠬᠡᠯᠡᠪᠡᠯ ᠳᠣᠣᠷᠠᠬᠢ ᠮᠡᠲᠦ᠄ | ᠨᠢᠭᠡᠳᠦᠭᠡᠷ ᠪᠦᠯᠦᠭ ᠲᠤ ᠶᠡᠷᠦᠩᠬᠡᠢ ᠳᠦᠷᠢᠮ ᠨᠢ ᠨᠠᠶᠢᠳᠠ ᠨᠠᠢᠮᠠᠨ ᠵᠦᠢᠯ ᠪᠤᠢ | ︽ᠠᠷᠭ᠎ᠠ︾ ᠶᠢ ᠲᠣᠭᠲᠠᠭᠠᠭᠰᠠᠨ ᠵᠣᠷᠢᠯᠭ᠎ᠠ᠂ ᠬᠡᠷᠡᠭᠯᠡᠭᠳᠡᠬᠦ ᠬᠡᠪᠴᠢᠶ᠎ᠡ᠂ ᠬᠤᠯᠪᠣᠭᠳᠠᠯ ᠪᠦᠬᠦᠢ ᠤᠬᠠᠭᠳᠠᠬᠤᠨ | ᠵᠢᠴᠢ ᠦᠨᠳᠦᠰᠦᠨ ᠵᠠᠷᠴᠢᠮ ᠢ ᠲᠣᠭᠲᠠᠭᠠᠵᠤ᠂ ᠵᠠᠰᠠᠭ ᠵᠠᠬᠢᠷᠭᠠᠨ ᠤ ᠡᠷᠬᠡ ᠶᠢᠨ ᠨᠠᠷᠢᠨ ᠳᠠᠩᠰᠠ ᠶᠢᠨ | ᠬᠠᠮᠢᠶᠠᠷᠤᠯᠲᠠ ᠶᠢᠨ ᠰᠠᠯᠠᠭ᠎ᠠ ᠮᠥᠴᠢᠷ᠂ ᠵᠠᠰᠠᠭ ᠵᠠᠬᠢᠷᠭᠠᠨ ᠤ ᠡᠷᠬᠡ ᠶᠢ ᠬᠡᠷᠡᠭᠵᠢᠭᠦᠯᠬᠦ ᠪᠠᠶᠢᠭᠤᠯᠭ᠎ᠠ ᠵᠡᠷᠭᠡ ᠡᠯ᠎ᠡ | ᠲᠠᠯ᠎ᠠ ᠶᠢᠨ ᠬᠢᠨ ᠤ ᠭᠤᠣᠯ ᠪᠣᠯᠬᠤ ᠲᠤᠰᠢᠶᠠᠯ ᠬᠠᠷᠢᠭᠤᠴᠠᠯᠭ᠎ᠠ ᠶᠢ ᠨᠢ ᠲᠣᠳᠣᠷᠬᠠᠶᠢᠯᠠᠪᠠ᠃ | ᠬᠤᠶᠠᠳᠤᠭᠠᠷ ᠪᠦᠯᠦᠭ ᠲᠤ ᠨᠠᠶᠢᠷᠠᠭᠤᠯᠤᠨ ᠵᠣᠬᠢᠶᠠᠬᠤ ᠪᠠ ᠲᠣᠬᠢᠷᠠᠭᠤᠯᠬᠤ ᠲᠠᠯ᠎ᠠ ᠪᠠᠷ ᠨᠡᠶᠢᠲᠡ ᠳᠣᠯᠣᠭᠠᠨ | ᠵᠦᠢᠯ ᠪᠤᠢ | ᠭᠤᠣᠯᠳᠠᠭᠤ ᠵᠠᠰᠠᠭ ᠵᠠᠬᠢᠷᠭᠠᠨ ᠤ ᠡᠷᠬᠡ ᠶᠢᠨ ᠨᠠᠷᠢᠨ ᠳᠠᠩᠰᠠ ᠶᠢ ᠨᠠᠶᠢᠷᠠᠭᠤᠯᠤᠨ ᠵᠣᠬᠢᠶᠠᠭᠰᠠᠨ ᠦᠨᠳᠦᠰᠦᠯᠡᠯ᠂ | ᠲᠣᠬᠢᠷᠠᠭᠤᠯᠬᠤ ᠪᠠᠶᠢᠳᠠᠯ᠂ ᠲᠥᠪᠯᠡᠷᠡᠭᠦᠯᠦᠨ ᠲᠣᠬᠢᠷᠠᠭᠤᠯᠬᠤ ᠪᠠ ᠣᠨᠴᠠ ᠵᠠᠷᠢᠮ ᠵᠦᠢᠯ ᠤᠨ ᠲᠣᠬᠢᠷᠠᠭᠤᠯᠬᠤ ᠶᠠᠪᠤᠴᠠ᠂ | ᠵᠠᠰᠠᠭ ᠵᠠᠬᠢᠷᠭᠠᠨ ᠤ ᠡᠷᠬᠡ ᠶᠢ ᠳᠣᠷᠣᠭᠰᠢ ᠪᠠᠭᠤᠯᠭᠠᠭᠰᠠᠨ ᠢ ᠨᠢ ᠦᠨᠡᠯᠡᠨ ᠵᠢᠱᠢᠬᠦ ᠠᠷᠭ᠎ᠠ ᠮᠠᠶ᠋ᠢᠭ᠂ ᠴᠢᠬᠤᠯᠠ | ᠵᠦᠢᠯᠡᠰ ᠤᠨ ᠮᠠᠲ᠋ᠧᠷᠢᠶᠠᠯ ᠵᠡᠷᠭᠡ ᠠᠭᠤᠯᠭ᠎ᠠ ᠶᠢ ᠲᠣᠭᠲᠠᠭᠠᠵᠠᠢ᠃ | ᠭᠤᠷᠪᠠᠳᠤᠭᠠᠷ ᠪᠦᠯᠦᠭ ᠲᠤ ᠨᠡᠶᠢᠲᠡᠯᠡᠬᠦ ᠪᠠ ᠬᠡᠷᠡᠭᠵᠢᠭᠦᠯᠬᠦ ᠲᠠᠯ᠎ᠠ ᠪᠠᠷ ᠨᠡᠶᠢᠳᠡ ᠲᠤᠯᠤᠭᠠᠨ ᠵᠦᠢᠯ ᠪᠤᠢ | ᠭᠤᠣᠯᠳᠠᠭᠤ ᠵᠠᠰᠠᠭ ᠵᠠᠬᠢᠷᠭᠠᠨ ᠤ ᠡᠷᠬᠡ ᠶᠢᠨ ᠨᠠᠷᠢᠨ ᠳᠠᠩᠰᠠ ᠶᠢ ᠨᠡᠶᠢᠲᠡᠯᠡᠬᠦ ᠠᠷᠭ᠎ᠠ ᠮᠠᠶ᠋ᠢᠭ᠂ ᠬᠡᠷᠡᠭᠵᠢᠭᠦᠯᠬᠦ | ᠠᠷᠭ᠎ᠠ ᠮᠠᠶ᠋ᠢᠭ᠂ ᠮᠠᠷᠭᠤᠯᠳᠤᠭᠠᠨ ᠢ ᠰᠢᠢᠳᠪᠦᠷᠢᠯᠡᠬᠦ ᠠᠷᠭ᠎ᠠ ᠮᠠᠶ᠋ᠢᠭ᠂ ᠬᠢᠨᠠᠯᠲᠠ ᠲᠠᠯᠪᠢᠬᠤ ᠠᠷᠭ᠎ᠠ ᠮᠠᠶ᠋ᠢᠭ ᠵᠢᠴᠢ ᠵᠠᠰᠠᠭ | ᠵᠠᠬᠢᠷᠭᠠᠨ ᠤ ᠡᠷᠬᠡ ᠶᠢ ᠬᠡᠷᠡᠭᠵᠢᠭᠦᠯᠬᠦ ᠪᠠᠶᠢᠭᠤᠯᠭ᠎ᠠ ᠶᠢᠨ ᠬᠤᠷᠢᠭᠠᠲᠠᠢ ᠦᠢᠯᠡ ᠠᠵᠢᠯᠯᠠᠭ᠎ᠠ ᠶᠢ ᠲᠣᠭᠲᠠᠭᠠᠵᠠᠢ᠃ | ᠳᠥᠷᠪᠡᠳᠦᠭᠡᠷ ᠪᠦᠯᠦᠭ᠂ ᠲᠠᠪᠤᠳᠤᠭᠠᠷ ᠪᠦᠯᠦᠭ ᠲᠤ ᠬᠠᠤᠯᠢ ᠶᠢᠨ ᠬᠠᠷᠢᠭᠤᠴᠠᠯᠭ᠎ᠠ ᠪᠠ ᠳᠠᠭᠠᠯᠳᠤᠭᠤᠯᠤᠯ | ᠳᠦᠷᠢᠮ ᠨᠡᠶᠢᠳᠡ ᠲᠠᠪᠤᠨ ᠵᠦᠢᠯ ᠪᠤᠢ | ᠭᠤᠣᠯᠳᠠᠭᠤ ᠵᠠᠰᠠᠭ ᠵᠠᠬᠢᠷᠭᠠᠨ ᠤ ᠡᠷᠬᠡ ᠶᠢᠨ ᠨᠠᠷᠢᠨ ᠳᠠᠩᠰᠠ ᠶᠢᠨ ᠬᠠᠮᠢᠶᠠᠷᠤᠯᠲᠠ ᠶᠢᠨ ᠠᠵᠢᠯ ᠤᠨ | ᠱᠠᠭᠠᠷᠳᠠᠯᠭ᠎ᠠ ᠶᠢ ᠵᠥᠷᠢᠴᠡᠭᠰᠡᠨ ᠵᠢᠴᠢ ᠵᠠᠰᠠᠭ ᠵᠠᠬᠢᠷᠭᠠᠨ ᠤ ᠡᠷᠬᠡ ᠶᠢᠨ ᠨᠠᠷᠢᠨ ᠳᠠᠩᠰᠠ ᠶᠢᠨ ᠬᠠᠮᠢᠶᠠᠷᠤᠯᠲᠠ ᠶᠢᠨ | ᠠᠵᠢᠯ ᠤᠨ ᠳᠤᠮᠳᠠ ᠠᠯᠪᠠᠨ ᠲᠤᠰᠢᠶᠠᠯ ᠳᠤ ᠪᠠᠨ ᠠᠯᠮᠠᠶᠢᠷᠠᠨ ᠣᠰᠣᠯᠳᠠᠭᠰᠠᠨ᠂ ᠡᠷᠬᠡ ᠲᠤᠰᠢᠶᠠᠯ ᠢᠶᠠᠨ ᠳᠤᠷ᠎ᠠ ᠪᠠᠷ | ᠬᠡᠷᠡᠭᠯᠡᠭᠰᠡᠨ᠂ ᠬᠤᠪᠢ ᠶᠢᠨ ᠨᠠᠶᠢᠷ ᠬᠠᠷᠠᠵᠤ ᠬᠠᠤᠯᠢ ᠶᠣᠰᠣ ᠶᠢ ᠵᠥᠷᠢᠴᠡᠭᠰᠡᠨ ᠵᠡᠷᠭᠡ ᠡᠭᠦᠷᠭᠡᠯᠡᠪᠡᠰᠦ ᠴᠢᠬᠤᠯᠠᠲᠠᠢ | ᠵᠣᠬᠢᠬᠤ ᠬᠠᠷᠢᠭᠤᠴᠠᠯᠭ᠎ᠠ ᠶᠢ ᠨᠢ ᠲᠣᠭᠲᠠᠭᠠᠵᠤ᠂ ᠵᠠᠰᠠᠭ ᠵᠠᠬᠢᠷᠭᠠᠨ ᠤ ᠡᠷᠬᠡ ᠶᠢ ᠬᠡᠷᠡᠭᠵᠢᠭᠦᠯᠬᠦ ᠪᠠᠶᠢᠭᠤᠯᠭ᠎ᠠ ᠶᠢᠨ | ᠤᠬᠠᠭᠳᠠᠬᠤᠨ ᠵᠢᠴᠢ ︽ᠠᠷᠭ᠎ᠠ︾ ᠶᠢᠨ ᠬᠦᠴᠦᠨ ᠲᠠᠢ ᠪᠣᠯᠬᠤ ᠡᠳᠦᠷ ᠬᠤᠭᠤᠴᠠᠭ᠎ᠠ ᠶᠢ ᠲᠣᠳᠣᠷᠬᠠᠶᠢᠯᠠᠪᠠ᠃ |