ᠬᠤᠷᠠᠭᠠᠨ ᠤ ᠭᠠᠷᠭᠠᠯᠳᠠ ᠶᠢᠨ ᠨᠥᠬᠦᠪᠦᠷᠢ ᠶᠢᠨ ᠪᠡᠯᠡ ᠮᠥᠩᠭᠦ ᠶᠢ ᠮᠡᠬᠡᠯᠡᠨ ᠠᠪᠬᠤ ᠠᠵᠢᠯᠯᠠᠭ᠎ᠠ ᠶᠢ ᠴᠢᠩᠭ᠎ᠠ ᠴᠠᠭᠠᠵᠠᠯᠠᠬᠤ ᠲᠤᠬᠠᠢ ᠪᠠᠷᠠᠭᠤᠨ ᠦᠵᠦᠮᠦᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ  ᠤ ᠠᠯᠪᠠᠨ ᠵᠠᠷᠯᠠᠯ
ᠨᠡᠶᠢᠲᠡᠯᠡᠭᠰᠡᠨ ᠴᠠᠭ᠄
2025/6/24
    ᠨᠤᠲᠤᠭ ᠪᠡᠯᠴᠢᠭᠡᠷ ᠤᠨ ᠳᠠᠭᠠᠭᠠᠴᠠ ᠠᠴᠠ ᠬᠡᠳᠦᠷᠡᠳᠦᠯ᠎ᠡ ᠮᠠᠯᠵᠢᠬᠤ ᠠᠰᠠᠭᠤᠳᠠᠯ ᠢ ᠰᠠᠶᠢᠲᠤᠷ ᠰᠢᠢᠳᠪᠦᠷᠢᠯᠡᠨ᠂ ᠨᠤᠲᠤᠭ ᠪᠡᠯᠴᠢᠭᠡᠷ ᠢ ᠰᠡᠷᠭᠦᠭᠡᠬᠦ ᠪᠠ ᠮᠠᠯ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠬᠦᠯᠬᠦ ᠶᠢ ᠠᠬᠢᠭᠤᠯᠵᠤ᠂ ᠮᠠᠯᠵᠢᠬᠤ ᠡᠷᠦᠬᠡ ᠶᠢᠨ ᠡᠷᠲᠡᠬᠡᠨ ᠭᠠᠷᠭᠠᠯᠳᠠ ᠬᠢᠬᠦ᠂ ᠲᠦᠷᠭᠡᠨ ᠭᠠᠷᠭᠠᠯᠳᠠ ᠬᠢᠬᠦ ᠶᠢ ᠵᠣᠷᠢᠭᠵᠢᠭᠤᠯᠤᠨ ᠂ ᠮᠠᠯ ᠠᠵᠤ ᠠᠬᠤᠢ ᠶᠢᠨ ᠪᠦᠲᠦᠴᠡ ᠶᠢ ᠬᠤᠪᠢᠷᠠᠭᠤᠯᠬᠤ ᠶᠢ ᠳᠦᠷᠭᠡᠳᠬᠡᠬᠦ ᠶᠢᠨ ᠳᠦᠯᠦᠭᠡ᠂  ᠮᠠᠨ ᠤ ᠬᠤᠰᠢᠭᠤ ᠨᠢ ᠬᠤᠯᠪᠣᠭᠳᠠᠯ ᠪᠦᠬᠦᠢ ᠲᠡᠳᠬᠦᠬᠦ ᠲᠥᠷᠥ ᠶᠢᠨ ᠪᠣᠳᠣᠯᠭ᠎ᠠ ᠶᠢ ᠢᠳᠡᠪᠬᠢᠲᠡᠢ ᠲᠣᠭᠲᠠᠭᠠᠵᠤ᠂ ᠤᠷᠢᠳᠠᠪᠠᠷ ᠭᠠᠷᠭᠠᠯᠳᠠ ᠬᠢᠯᠭᠡᠬᠦ ᠳᠠᠷᠠᠭ᠎ᠠ ᠨᠢ ᠨᠥᠬᠦᠪᠦᠷᠢᠯᠡᠬᠦ ᠠᠷᠭ᠎ᠠ ᠮᠠᠶ᠋ᠢᠭ ᠢᠶᠠᠷ ᠬᠤᠷᠠᠭ᠎ᠠ ᠪᠠᠨ ᠡᠷᠲᠡ ᠬᠤᠳᠠᠯᠳᠤᠬᠤ ᠮᠠᠯᠵᠢᠬᠤ ᠡᠷᠦᠬᠡ ᠪᠤᠯᠤᠨ ᠬᠤᠷᠠᠭ᠎ᠠ ᠶᠢ ᠨᠢᠲᠤᠯᠵᠤ ᠡᠳ᠋ᠰᠢᠭᠦᠯᠬᠦ ᠠᠵᠤ ᠠᠬᠤᠶᠢᠯᠠᠯ ᠢ ᠱᠠᠩᠨᠠᠨ ᠬᠦᠬᠢᠬᠦᠯᠬᠦ ᠪᠠᠷ ᠪᠤᠯᠪᠠ᠃ ᠲᠥᠷᠥ ᠶᠢᠨ ᠪᠣᠳᠣᠯᠭ᠎ᠠ ᠶᠢ ᠣᠨᠣᠪᠴᠢᠲᠠᠶ ᠨᠠᠶᠢᠳᠠᠪᠤᠷᠢᠵᠢᠭᠤᠯᠬᠤ᠂ ᠪᠡᠯᠡ ᠮᠥᠩᠭᠦ ᠶᠢ ᠠᠮᠤᠷ ᠲᠦᠪᠰᠢᠨ᠂ ᠦᠷ᠎ᠡ ᠪᠦᠲᠦᠮᠵᠢᠲᠡᠶ ᠠᠵᠢᠯᠯᠠᠭᠤᠯᠬᠤ ᠶᠢ ᠦᠨᠡᠨᠬᠦ ᠪᠠᠳᠤᠯᠠᠨ᠂ ᠡᠷᠬᠡ ᠲᠡᠭᠰᠢ ᠲᠥᠪ ᠭᠤᠥᠯᠴᠢ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠬᠠᠮᠠᠭᠠᠯᠠᠬᠤ ᠶᠢᠨ ᠲᠤᠰᠠᠳᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠬᠠᠤᠯᠢ︾᠂ ︽ᠡᠳ᠋ ᠤᠨ ᠵᠠᠰᠠᠭ ᠤᠨ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠰᠢᠢᠳᠬᠡᠨ ᠲᠣᠷᠭᠠᠬᠤ ᠳᠦᠷᠢᠮ︾ ᠵᠡᠷᠭᠡ ᠲᠣᠭᠲᠠᠭᠠᠯ ᠢ ᠦᠨᠳᠦᠰᠦᠯᠡᠨ᠂ ᠡᠳᠦᠭᠡ ᠳᠣᠣᠷᠠᠬᠢ ᠵᠦᠢᠯ ᠢ ᠵᠠᠷᠯᠠᠶ᠎ᠠ᠄    ᠨᠢᠭᠡ᠂ ᠳᠣᠣᠷᠠᠬᠢ ᠮᠡᠲᠦ ᠬᠠᠤᠯᠢ ᠲᠣᠭᠲᠠᠭᠠᠯ ᠠᠴᠠ ᠵᠥᠷᠢᠴᠡᠭᠰᠡᠨ ᠥᠢᠯᠡ ᠠᠵᠢᠯᠯᠠᠭ᠎ᠠ ᠶᠢ ᠴᠢᠩᠭ᠎ᠠ ᠴᠠᠭᠠᠵᠠᠯᠠᠨ᠎ᠠ    ⒈ ᠭᠡᠷ᠎ᠡ ᠪᠢᠴᠢᠭ ᠢ ᠬᠠᠤᠯᠢ ᠪᠤᠰᠤ ᠪᠠᠷ ᠠᠷᠠᠯᠵᠢᠶᠠᠯᠠᠬᠤ ᠪᠤᠶᠤ ᠬᠠᠭᠤᠷᠮᠠᠭᠯᠠᠨ ᠵᠣᠬᠢᠶᠠᠬᠤ ᠶᠢ ᠴᠠᠭᠠᠵᠠᠯᠠᠨ᠎ᠠ᠃ ᠶᠠᠮᠠᠷᠪᠠ ᠵᠣᠬᠢᠶᠠᠨ ᠪᠠᠶᠢᠭᠤᠯᠤᠯᠲᠠ ᠪᠤᠶᠤ ᠬᠤᠪᠢ ᠬᠥᠮᠥᠨ ᠨᠢ ᠬᠤᠷᠠᠭ᠎ᠠ ᠶᠢ ᠡᠷᠲᠡ ᠭᠠᠷᠭᠠᠬᠤ ᠵᠠᠰᠠᠭ ᠵᠠᠬᠢᠷᠭᠠᠨ ᠤ ᠨᠤᠲᠠᠯᠠᠯᠲᠠ ᠶᠢᠨ ᠪᠢᠴᠢᠭ ᠮᠠᠲ᠋ᠧᠷᠢᠶᠠᠯ ᠪᠤᠯᠤᠨ ᠭᠡᠷ᠎ᠡ ᠪᠢᠴᠢᠭ ᠢ ᠠᠷᠠᠯᠵᠢᠶᠠᠯᠠᠬᠤ᠂ ᠰᠢᠯᠵᠢᠭᠦᠯᠦᠨ ᠥᠭᠬᠦ᠂ ᠬᠠᠭᠤᠷᠮᠠᠭᠯᠠᠨ ᠵᠤᠬᠢᠶᠠᠬᠤ ᠪᠤᠶᠤ ᠥᠭᠡᠷᠡᠲᠦᠭᠦᠯᠦᠨ ᠵᠣᠬᠢᠶᠠᠵᠤ ᠪᠣᠯᠬᠤ ᠦᠭᠡᠢ᠃    ⒉ᠨᠥᠬᠦᠪᠦᠷᠢ ᠶᠢᠨ ᠪᠡᠯᠡ ᠮᠥᠩᠭᠦ ᠶᠢ ᠮᠡᠬᠡᠯᠡᠨ ᠠᠪᠬᠤ ᠶᠢ ᠴᠠᠭᠠᠵᠠᠯᠠᠨ᠎ᠠ᠃ ᠮᠠᠯᠵᠢᠵᠦ ᠪᠠᠶᠢᠭ᠎ᠠ ᠪᠠᠶᠢᠳᠠᠯ ᠪᠤᠯᠤᠨ ᠭᠠᠷᠭᠠᠯᠳᠠ ᠶᠢᠨ ᠲᠤᠭ᠎ᠠ ᠬᠡᠮᠵᠢᠶ᠎ᠡ ᠵᠡᠷᠭᠡ ᠪᠠᠨ ᠬᠠᠭᠤᠷᠮᠠᠭ ᠢᠶᠠᠷ ᠵᠤᠬᠢᠶᠠᠨ ᠬᠤᠳᠠᠯ ᠢᠶᠠᠷ ᠮᠡᠳᠡᠬᠦᠯᠵᠦ᠂ ᠡᠳ᠋ ᠤᠨ ᠵᠠᠰᠠᠭ ᠤᠨ ᠨᠥᠬᠦᠪᠦᠷᠢ ᠶᠢ ᠮᠡᠬᠡᠯᠡᠨ ᠠᠪᠬᠤ ᠶᠢ ᠴᠢᠩᠭ᠎ᠠ ᠴᠠᠭᠠᠵᠠᠯᠠᠨ᠎ᠠ᠃    ⒊ᠠᠯᠪᠠᠨ ᠲᠤᠰᠢᠶᠠᠯᠲᠠᠨ ᠤ ᠲᠤᠰᠢᠶᠠᠯ ᠳᠤ ᠪᠠᠨ ᠤᠰᠤᠯᠳᠤᠬᠤ ᠶᠢ ᠴᠠᠭᠠᠵᠠᠯᠠᠨ᠎ᠠ᠃ ᠠᠯᠪᠠᠨ ᠲᠤᠰᠢᠶᠠᠯᠲᠠᠨ ᠡᠷᠬᠡ ᠲᠤᠰᠢᠶᠠᠯ ᠢᠶᠠᠨ ᠠᠰᠢᠭᠯᠠᠨ ᠳᠡᠭᠡᠷ᠎ᠡ ᠳᠤᠷᠠᠳᠤᠭᠰᠠᠨ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠳᠤ ᠤᠷᠤᠯᠴᠠᠬᠤ ᠪᠤᠶᠤ ᠦᠮᠦᠭᠯᠡᠬᠦ᠂ ᠨᠥᠬᠦᠪᠦᠷᠢ ᠶᠢ ᠲᠣᠭᠲᠠᠭᠠᠯ ᠠᠴᠠ ᠵᠥᠷᠢᠴᠡᠨ ᠬᠢᠨᠠᠨ ᠵᠦᠪᠰᠢᠶᠡᠷᠡᠵᠦ ᠪᠣᠯᠬᠤ ᠦᠭᠡᠢ᠃    ᠬᠤᠶᠠᠷ᠂ ᠬᠠᠤᠯᠢ ᠶᠢᠨ ᠬᠠᠷᠢᠭᠤᠴᠠᠯᠭ᠎ᠠ    ⒈ᠪᠢᠴᠢᠭ ᠮᠠᠲ᠋ᠧᠷᠢᠶᠠᠯ ᠢ ᠬᠠᠤᠯᠢ ᠪᠤᠰᠤ ᠪᠠᠷ ᠠᠷᠠᠯᠵᠢᠶᠠᠯᠠᠭᠰᠠᠨ᠂ ᠬᠠᠭᠤᠷᠮᠠᠭᠯᠠᠨ ᠵᠣᠬᠢᠶᠠᠭᠰᠠᠨ ᠦᠢᠯᠡ ᠠᠵᠢᠯᠯᠠᠭ᠎ᠠ ᠶᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠤᠷ ᠢ ᠬᠠᠮᠠᠭᠠᠯᠠᠬᠤ ᠠᠵᠢᠯ ᠤᠨ ᠬᠠᠮᠢᠶᠠᠷᠤᠯᠲᠠ ᠶᠢᠨ ᠰᠢᠢᠳᠬᠡᠯ ᠤᠨ ᠬᠠᠤᠯᠢ︾ ᠶᠢᠨ ᠲᠠᠪᠢᠨ ᠬᠤᠶᠠᠳᠤᠭᠠᠷ ᠵᠦᠢᠯ ᠪᠤᠶᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠷᠡᠭᠦᠦ ᠶᠢᠨ ᠬᠠᠤᠯᠢ︾ ᠶᠢᠨ ᠬᠤᠶᠠᠷ ᠵᠠᠭᠤ ᠨᠠᠶᠠᠳᠤᠭᠠᠷ ᠵᠦᠢᠯ ᠢ ᠦᠨᠳᠦᠰᠦᠯᠡᠨ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ︽ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠶᠢᠨ ᠲᠠᠰ ᠳᠠᠷᠠᠭᠠᠯᠠᠯ ᠤᠨ ᠲᠣᠭᠲᠠᠭᠠᠯ︾ ᠶᠤᠰᠤᠭᠠᠷ ᠵᠡᠷᠭᠡᠪᠡᠷ ᠲᠤᠷᠭᠠᠨ ᠰᠢᠢᠳᠬᠡᠨ᠎ᠡ᠃    ⒉ᠨᠥᠬᠦᠪᠦᠷᠢ ᠶᠢ ᠮᠡᠬᠡᠯᠡᠨ ᠠᠪᠤᠭᠰᠠᠨ ᠦᠢᠯᠡ ᠠᠵᠢᠯᠯᠠᠭ᠎ᠠ ᠶᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠷᠡᠭᠦᠦ ᠶᠢᠨ ᠬᠠᠤᠯᠢ︾ ᠶᠢᠨ ᠬᠤᠶᠠᠷ ᠵᠠᠭᠤ ᠵᠢᠷᠠᠨ ᠵᠢᠷᠭᠤᠳᠤᠭᠠᠷ ᠵᠦᠢᠯ ᠤᠨ ᠮᠡᠬᠡᠯᠡᠭᠰᠡᠨ ᠶᠠᠯ᠎ᠠ ᠶᠣᠰᠣᠭᠠᠷ ᠬᠠᠷᠢᠭᠤᠴᠠᠯᠭ᠎ᠠ ᠨᠡᠬᠡᠮᠵᠢᠯᠡᠨ᠎ᠡ᠃ ᠡᠭᠦᠨ ᠤ ᠵᠡᠷᠭᠡᠴᠡᠭᠡᠪᠡᠷ ︽ᠡᠳ᠋ ᠤᠨ ᠵᠠᠰᠠᠭ ᠤᠨ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠰᠢᠢᠳᠬᠡᠨ ᠲᠣᠷᠭᠠᠬᠤ ᠳᠦᠷᠢᠮ︾ ᠤᠨ ᠠᠷᠪᠠᠨ ᠳᠥᠷᠪᠡᠳᠦᠭᠡᠷ ᠵᠦᠢᠯ ᠢ ᠦᠨᠳᠦᠰᠦᠯᠡᠨ ᠪᠡᠯᠡ ᠮᠥᠩᠭᠦ ᠶᠢ ᠨᠡᠬᠡᠮᠵᠢᠯᠡᠨ ᠠᠪᠴᠢᠷᠠᠬᠤ ᠶᠢᠨ ᠬᠠᠮᠲᠤ ᠵᠣᠭᠤᠰ ᠢᠶᠠᠷ ᠲᠣᠷᠭᠠᠨ᠎ᠠ᠃    ᠭᠤᠷᠪᠠ᠂ ᠬᠢᠨᠠᠯᠲᠠ ᠲᠠᠯᠪᠢᠬᠤ ᠪᠠ ᠢᠯᠡᠴᠢᠯᠡᠨ ᠮᠡᠳᠡᠭᠦᠯᠬᠦ    ⒈ᠦᠨᠡᠨ ᠨᠡᠷ᠎ᠡ ᠪᠠᠷ ᠢᠶᠠᠨ ᠢᠯᠡᠴᠢᠯᠡᠨ ᠮᠡᠳᠡᠭᠦᠯᠦᠭᠰᠡᠨ ᠪᠣᠯ ᠤᠷᠢᠳᠠᠪᠠᠷ ᠬᠠᠷᠭᠤᠭᠤᠯᠤᠨ ᠪᠠᠶᠢᠴᠠᠭᠠᠵᠤ᠂ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠪᠠᠶᠢᠭᠤᠯᠭ᠎ᠠ ᠠᠴᠠ ᠢᠯᠡᠴᠢᠯᠡᠨ ᠮᠡᠳᠡᠭᠦᠯᠦᠭᠴᠢ ᠶᠢᠨ ᠮᠡᠳᠡᠭᠡ ᠵᠠᠩᠭᠢ ᠵᠢᠴᠢ ᠡᠷᠬᠡ ᠠᠰᠢᠭ ᠢ ᠬᠠᠤᠯᠢ ᠶᠣᠰᠣᠭᠠᠷ ᠬᠠᠮᠠᠭᠠᠯᠠᠵᠤ᠂ ᠢᠯᠡᠴᠢᠯᠡᠨ ᠮᠡᠳᠡᠭᠦᠯᠦᠭᠴᠢ ᠳᠤ ᠴᠤᠬᠢᠯᠲᠠ ᠥᠭᠴᠦ ᠬᠠᠷᠢᠭᠤ ᠠᠪᠤᠭᠰᠠᠨ ᠠᠵᠢᠯᠯᠠᠭ᠎ᠠ ᠪᠠᠶᠢᠪᠠᠯ ᠬᠠᠤᠯᠢ ᠶᠣᠰᠣᠭᠠᠷ ᠬᠠᠷᠢᠭᠤᠴᠠᠯᠭ᠎ᠠ ᠨᠡᠬᠡᠮᠵᠢᠯᠡᠨ᠎ᠡ᠃   ⒉ ᠪᠡᠯᠡ ᠮᠥᠩᠭᠦ ᠣᠯᠭᠤᠬᠤ ᠪᠥᠬᠦ ᠶᠠᠪᠤᠴᠠ ᠶᠢ ᠢᠯᠡ ᠨᠡᠶᠢᠲᠡᠯᠡᠵᠦ᠂ ᠨᠡᠶᠢᠭᠡᠮ ᠤᠨ ᠬᠢᠨᠠᠯᠲᠠ ᠲᠠᠯᠪᠢᠬᠤ ᠶᠢ ᠬᠦᠯᠢᠶᠡᠨ᠎ᠡ᠃   ⒊ᠣᠨᠳᠣᠣ ᠰᠠᠨᠠᠯ ᠳᠤᠷᠠᠳᠬᠤ ᠠᠷᠭ᠎ᠠ ᠵᠠᠮ᠃ ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠦᠯᠲᠡ ᠳᠤ ᠣᠨᠳᠣᠣ ᠰᠠᠨᠠᠯ ᠲᠠᠢ ᠪᠣᠯ᠂ ᠬᠤᠰᠢᠭᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ᠳᠤ ᠪᠢᠴᠢᠭ ᠤᠨ ᠬᠡᠯᠪᠡᠷᠢ ᠪᠠᠷ ᠭᠤᠮᠣᠳᠠᠯ ᠲᠣᠭᠠᠴᠢᠵᠤ ᠪᠣᠯᠣᠨ᠎ᠠ᠃   ⒋ᠢᠯᠡᠴᠢᠯᠡᠨ ᠮᠡᠳᠡᠭᠦᠯᠬᠦ ᠪᠠ ᠭᠤᠮᠣᠳᠠᠯ ᠲᠣᠭᠠᠴᠢᠬᠤ ᠠᠷᠭ᠎ᠠ ᠵᠠᠮ᠄ ᠪᠠᠷᠠᠭᠤᠨ ᠦᠵᠦᠮᠦᠴᠢᠨ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ᠶᠢᠨ ᠠᠰᠠᠷ ᠤᠨ 7 ᠳ᠋ᠤᠭᠠᠷ ᠳᠠᠪᠬᠤᠷ ᠤᠨ 705 ᠳ᠋ᠤᠭᠠᠷ ᠥᠷᠥᠭᠡ᠃  ᠤᠲᠠᠰᠤ᠄ 0479—3522501᠃ ᠬᠦᠯᠢᠶᠡᠨ ᠠᠪᠬᠤ ᠴᠠᠭ᠄ ᠦᠳᠡ ᠶᠢᠨ ᠡᠮᠦᠨ᠎ᠡ 8᠄ 30 ︱ 12᠄ 00᠂ ᠦᠳᠡ ᠶᠢᠨ ᠬᠤᠶᠢᠨ᠎ᠠ 14᠄ 30 ︱ 17᠄ 30᠃ ᠣᠨᠴᠠᠭᠠᠶᠢᠯᠠᠨ ᠵᠠᠷᠯᠠᠪᠠ                ᠪᠠᠷᠠᠭᠤᠨ ᠦᠵᠦᠮᠦᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ                              2025 ᠣᠨ ᠤ 6 ᠰᠠᠷ᠎ᠠ ᠶᠢᠨ 21 ᠤ ᠡᠳᠦᠷ
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号