ᠲᠥᠪ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠨᠢᠭᠡᠳᠦᠯᠲᠡᠢ | ᠪᠠᠶᠢᠷᠢᠯᠠᠭᠤᠯᠤᠯᠲᠠ ᠶᠣᠰᠣᠭᠠᠷ᠂ 6 ᠰᠠᠷ᠎ᠠ ᠶᠢᠨ 22 ᠤᠨ ᠡᠳᠦᠷ᠂ ᠲᠥᠪ ᠤᠨ ᠨᠠᠢᠮᠠᠨ ᠲᠣᠭᠲᠠᠭᠠᠯ ᠤᠨ ᠵᠣᠷᠢᠭ | ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠲᠥᠪ ᠤᠨ ᠶᠢᠰᠦᠳᠦᠭᠡᠷ ᠵᠢᠭᠠᠨ | ᠵᠢᠯᠤᠭᠤᠳᠬᠤ ᠳᠤᠭᠤᠶᠢᠯᠠᠩ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠵᠢᠭᠠᠨ ᠵᠢᠯᠤᠭᠤᠳᠴᠤ | ᠬᠢᠨᠠᠨ ᠵᠢᠯᠤᠭᠤᠳᠬᠤ ᠠᠭᠤᠯᠵᠠᠯᠲᠠ ᠶᠢᠨ ᠬᠤᠷᠠᠯ ᠬᠤᠷᠠᠯᠳᠤᠪᠠ᠃ ᠲᠥᠪ ᠤᠨ ᠶᠢᠰᠦᠳᠦᠭᠡᠷ ᠵᠢᠭᠠᠨ ᠵᠢᠯᠤᠭᠤᠳᠬᠤ | ᠳᠤᠭᠤᠶᠢᠯᠠᠩ ᠤᠨ ᠳᠠᠷᠤᠭ᠎ᠠ ᠳ᠋ᠦ᠋ ᠵᠢᠶᠠ ᠬᠤᠤ ᠶᠠᠷᠢᠶ᠎ᠠ ᠲᠠᠯᠪᠢᠵᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ | ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠪᠣᠯᠣᠨ ᠨᠠᠮ ᠤᠨ ᠲᠥᠪ ᠬᠤᠷᠢᠶ᠎ᠠ ᠶᠢᠨ ᠪᠠᠶᠢᠷᠢᠯᠠᠭᠤᠯᠤᠯᠲᠠ | ᠱᠠᠭᠠᠷᠳᠠᠯᠭ᠎ᠠ ᠶᠢ ᠤᠯᠠᠮᠵᠢᠯᠠᠨ ᠰᠤᠷᠤᠯᠴᠠᠵᠦ᠂ ᠵᠢᠭᠠᠨ ᠵᠢᠯᠤᠭᠤᠳᠴᠤ ᠬᠢᠨᠠᠨ ᠵᠢᠯᠤᠭᠤᠳᠬᠤ ᠠᠵᠢᠯ ᠤᠨ ᠡᠭᠦᠷᠭᠡ᠂ | ᠶᠡᠷᠦᠩᠬᠡᠢ ᠲᠣᠬᠢᠷᠠᠭᠤᠯᠤᠯᠲᠠ ᠶᠢ ᠵᠠᠷᠯᠠᠨ ᠨᠡᠶᠢᠲᠡᠯᠡᠭᠰᠡᠨ ᠪᠥᠭᠡᠳ ᠵᠢᠭᠠᠨ ᠵᠢᠯᠤᠭᠤᠳᠬᠤ ᠳᠤᠭᠤᠶᠢᠯᠠᠩ ᠤᠨ ᠠᠵᠢᠯ ᠳᠤ | ᠬᠠᠮᠵᠢᠯᠴᠠᠬᠤ ᠲᠤᠬᠠᠢ ᠱᠠᠭᠠᠷᠳᠠᠯᠭ᠎ᠠ ᠳᠤᠷᠠᠳᠴᠠᠢ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ | ᠱᠦᠵᠢ ᠰᠦᠨ ᠱᠤᠤ ᠴᠧᠩ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠳ ᠬᠤᠷᠠᠯ ᠳᠤ | ᠣᠷᠣᠯᠴᠠᠵᠠᠢ᠃ ᠲᠥᠪ ᠤᠨ ᠶᠢᠰᠦᠳᠦᠭᠡᠷ ᠵᠢᠭᠠᠨ ᠵᠢᠯᠤᠭᠤᠳᠬᠤ ᠳᠤᠭᠤᠶᠢᠯᠠᠩ ᠤᠨ ᠪᠦᠭᠦ ᠪᠦᠷᠢᠯᠳᠦᠭᠦᠨ ᠬᠤᠷᠠᠯ ᠳᠤ | ᠣᠷᠣᠯᠴᠠᠵᠠᠢ᠃ | ᠳ᠋ᠦ᠋ ᠵᠢᠶᠠ ᠬᠤᠤ᠂ ᠪᠦᠭᠦ ᠨᠠᠮ ᠢᠶᠠᠷ ᠢᠶᠠᠨ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ | ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠪᠣᠯ ᠡᠨᠡ ᠵᠢᠯ ᠤᠨ ᠨᠠᠮ ᠤᠨ ᠪᠠᠶᠢᠭᠤᠯᠤᠯᠲᠠ ᠶᠢᠨ | ᠠᠵᠢᠯ ᠤᠨ ᠭᠤᠣᠯᠳᠠᠯᠭ᠎ᠠ ᠲᠠᠢ ᠡᠭᠦᠷᠭᠡ ᠪᠣᠯᠣᠨ᠎ᠠ᠃ ᠣᠳᠣᠬᠠᠨ ᠳᠤ᠂ ᠰᠤᠷᠤᠯᠴᠠᠯᠭ᠎ᠠ ᠬᠥᠮᠦᠵᠢᠯ ᠢ ᠶᠠᠭ | ᠭᠦᠨᠵᠡᠭᠡᠶᠢᠷᠡᠭᠦᠯᠦᠨ ᠠᠬᠢᠭᠤᠯᠵᠤ᠂ ᠦᠢᠯᠡ ᠠᠵᠢᠯᠯᠠᠭ᠎ᠠ ᠳᠡᠭᠡᠷ᠎ᠡ ᠪᠠᠨ ᠢᠯᠡᠷᠡᠭᠦᠯᠵᠦ ᠦᠷ᠎ᠡ ᠪᠦᠲᠦᠮᠵᠢ ᠣᠯᠬᠤ | ᠵᠠᠩᠭᠢᠯᠠᠭ᠎ᠠ ᠶᠢᠨ ᠱᠠᠲᠤᠨ ᠳᠤ ᠣᠷᠣᠰᠢᠵᠤ ᠪᠠᠶᠢᠨ᠎ᠠ᠂ ᠨᠠᠮ ᠤᠨ ᠲᠥᠪ ᠬᠤᠷᠢᠶ᠎ᠠ ᠠᠴᠠ ᠦᠷᠭᠦᠯᠵᠢᠯᠡᠨ ᠵᠢᠭᠠᠨ | ᠵᠢᠯᠤᠭᠤᠳᠬᠤ ᠳᠤᠭᠤᠶᠢᠯᠠᠩ ᠲᠣᠮᠢᠯᠠᠭᠰᠠᠨ ᠶᠠᠪᠤᠳᠠᠯ ᠪᠣᠯ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ | ᠪᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠤᠯᠠᠮ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ᠂ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ | ᠰᠤᠷᠤᠯᠴᠠᠯᠭ᠎ᠠ ᠬᠥᠮᠦᠵᠢᠯ ᠢ ᠴᠢᠩᠭ᠎ᠠ ᠠᠳᠬᠤᠵᠤ ᠪᠣᠳᠠᠲᠠᠢ ᠠᠳᠬᠤᠨ ᠪᠣᠳᠠᠲᠤ ᠦᠷ᠎ᠡ ᠪᠦᠲᠦᠮᠵᠢ ᠣᠯᠬᠤ ᠶᠢ | ᠠᠬᠢᠭᠤᠯᠬᠤ ᠶᠢᠨ ᠪᠣᠳᠠᠲᠤ ᠬᠡᠷᠡᠭᠴᠡᠭᠡ ᠮᠥᠨ᠂ ᠳᠠᠷᠤᠯᠲᠠ ᠶᠢ ᠳᠠᠮᠵᠢᠭᠤᠯᠤᠨ ᠬᠤᠯᠪᠣᠭᠳᠠᠯ ᠪᠦᠬᠦᠢ ᠭᠠᠵᠠᠷ ᠣᠷᠣᠨ | ᠪᠠ ᠨᠢᠭᠡᠴᠢ ᠶᠢᠨ ᠲᠣᠪᠣᠶᠢᠮ᠎ᠠ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠬᠤ ᠶᠢᠨ ᠬᠦᠴᠦᠲᠡᠢ ᠠᠷᠭ᠎ᠠ ᠬᠡᠮᠵᠢᠶ᠎ᠡ | ᠮᠥᠨ᠃ ᠥᠪᠥᠷ ᠮᠣᠩᠭᠤᠯ ᠤᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠤᠯᠤᠰ ᠲᠥᠷᠥ ᠶᠢᠨ | ᠵᠣᠭᠰᠣᠴᠠ ᠪᠠᠨ ᠦᠨᠡᠨ ᠬᠦ ᠳᠡᠭᠡᠭᠰᠢᠯᠡᠭᠦᠯᠵᠦ᠂ ᠦᠵᠡᠯ ᠰᠠᠨᠠᠭ᠎ᠠ ᠪᠠ ᠦᠶᠯᠡ ᠠᠵᠢᠯᠯᠠᠭ᠎ᠠ ᠪᠠᠨ ᠨᠠᠮ ᠤᠨ ᠲᠥᠪ | ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ᠂ ᠰᠤᠷᠤᠯᠴᠠᠯᠭ᠎ᠠ ᠬᠥᠮᠦᠵᠢᠯ ᠤᠨ | ᠵᠠᠩᠭᠢᠯᠠᠭ᠎ᠠ ᠶᠢᠨ ᠬᠤᠭᠤᠴᠠᠭᠠᠨ ᠳᠤ ᠲᠥᠪ ᠤᠨ ᠵᠢᠭᠠᠨ ᠵᠢᠯᠤᠭᠤᠳᠬᠤ ᠳᠤᠭᠤᠶᠢᠯᠠᠩ ᠢ ᠦᠷᠭᠦᠯᠵᠢᠯᠡᠨ | ᠲᠣᠮᠢᠯᠠᠭᠰᠠᠨ ᠤ ᠴᠢᠬᠤᠯᠠ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠰᠤᠷᠤᠯᠴᠠᠯᠭ᠎ᠠ ᠬᠥᠮᠦᠵᠢᠯ ᠢ ᠰᠠᠶᠢᠲᠤᠷ | ᠠᠳᠬᠤᠬᠤ ᠦᠵᠡᠯ ᠰᠠᠨᠠᠭᠠᠨ ᠤ ᠤᠬᠠᠮᠰᠠᠷ ᠪᠠ ᠠᠵᠢᠯᠯᠠᠭᠠᠨ ᠤ ᠤᠬᠠᠮᠰᠠᠷ ᠢᠶᠠᠨ ᠦᠷᠭᠦᠯᠵᠢᠯᠡᠨ ᠴᠢᠩᠭᠠᠳᠬᠠᠵᠤ᠂ | ᠠᠷᠭᠠᠴᠠᠭᠠᠨ ᠥᠩᠭᠡᠷᠡᠭᠦᠯᠬᠦ ᠪᠤᠳᠤᠯ᠂ ︽ᠨᠢᠭᠡᠨ ᠴᠠᠭ ᠤᠨ ᠰᠠᠯᠬᠢ︾ ᠶᠢᠨ ᠦᠵᠡᠯ ᠰᠠᠨᠠᠭ᠎ᠠ ᠶᠢ ᠡᠷᠡᠰ ᠲᠡᠪᠴᠢᠵᠦ᠂ | ᠠᠵᠢᠯ ᠢᠶᠠᠨ ᠨᠠᠩ ᠯᠠᠪᠳᠠᠭᠤᠨ ᠪᠠᠲᠤᠲᠠᠢ᠂ ᠨᠠᠩ ᠭᠦᠨᠵᠡᠭᠡᠢ᠂ ᠨᠠᠩ ᠲᠤᠭᠤᠰᠢᠲᠠᠢ ᠬᠢᠬᠦ ᠬᠡᠷᠡᠭᠲᠡᠢ ᠭᠡᠵᠦ | ᠴᠢᠬᠤᠯᠠᠴᠢᠯᠠᠪᠠ᠃ | ᠳ᠋ᠦ᠋ ᠵᠢᠶᠠ ᠬᠤᠤ᠂ ᠲᠥᠪ ᠤᠨ ᠵᠢᠭᠠᠨ ᠵᠢᠯᠤᠭᠤᠳᠬᠤ ᠳᠤᠭᠤᠶᠢᠯᠠᠩ ᠨᠠᠮ ᠤᠨ ᠲᠥᠪ ᠬᠤᠷᠢᠶ᠎ᠠ ᠶᠢᠨ | ᠲᠣᠳᠣᠷᠬᠠᠶᠢᠯᠠᠭᠰᠠᠨ ᠲᠤᠰᠢᠶᠠᠯ ᠬᠠᠷᠢᠭᠤᠴᠠᠯᠭ᠎ᠠ ᠡᠭᠦᠷᠭᠡ ᠶᠢ ᠴᠢᠩᠭ᠎ᠠ ᠵᠢᠷᠤᠮᠯᠠᠨ᠂ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠳᠤ ᠨᠢᠭᠲᠠ ᠲᠦᠰᠢᠭᠯᠡᠵᠦ᠂ ᠡᠭᠦᠷᠭᠡ ᠬᠠᠷᠢᠭᠤᠴᠠᠯᠭ᠎ᠠ ᠪᠠᠨ | ᠴᠢᠩᠭ᠎ᠠ ᠪᠣᠳᠠᠲᠠᠢ ᠭᠦᠢᠴᠡᠳᠬᠡᠵᠦ᠂ ᠲᠥᠪ ᠤᠨ ᠵᠣᠷᠢᠭ ᠰᠠᠨᠠᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ | ᠪᠦᠲᠦᠮᠵᠢ ᠭᠠᠷᠭᠠᠬᠤ ᠶᠢ ᠵᠢᠭᠠᠨ ᠵᠢᠯᠤᠭᠤᠳᠴᠤ ᠬᠢᠨᠠᠨ ᠵᠢᠯᠤᠭᠤᠳᠴᠤ᠂ ᠰᠤᠷᠤᠯᠴᠠᠯᠭ᠎ᠠ ᠶᠢ ᠭᠦᠨᠵᠡᠭᠡᠶᠢᠷᠡᠭᠦᠯᠬᠦ ᠶᠢ | ᠵᠢᠭᠠᠨ ᠵᠢᠯᠤᠭᠤᠳᠴᠤ ᠬᠢᠨᠠᠨ ᠵᠢᠯᠤᠭᠤᠳᠴᠤ᠂ ᠠᠰᠠᠭᠤᠳᠠᠯ ᠢ ᠣᠨᠣᠪᠴᠢᠲᠠᠢ ᠡᠷᠢᠬᠦ ᠶᠢ ᠵᠢᠭᠠᠨ ᠵᠢᠯᠤᠭᠤᠳᠴᠤ ᠬᠢᠨᠠᠨ | ᠵᠢᠯᠤᠭᠤᠳᠴᠤ᠂ ᠲᠥᠪᠯᠡᠷᠡᠭᠦᠯᠦᠨ ᠴᠡᠭᠴᠡᠯᠡᠨ ᠵᠠᠰᠠᠬᠤ ᠶᠢ ᠵᠢᠭᠠᠨ ᠵᠢᠯᠣᠭᠤᠳᠤᠨ ᠬᠢᠨᠠᠨ ᠵᠢᠯᠤᠭᠤᠳᠴᠤ᠂ ᠳᠦᠷᠢᠮ | ᠲᠣᠭᠲᠠᠭᠠᠯ ᠲᠣᠭᠲᠠᠭᠠᠬᠤ ᠶᠢ ᠵᠢᠭᠠᠨ ᠵᠢᠯᠤᠭᠤᠳᠴᠤ ᠬᠢᠨᠠᠨ ᠵᠢᠯᠤᠭᠤᠳᠴᠤ᠂ ᠲᠣᠪᠣᠶᠢᠮ᠎ᠠ ᠠᠰᠠᠭᠤᠳᠠᠯ ᠢ | ᠰᠢᠢᠳᠪᠦᠷᠢᠯᠡᠬᠦ ᠶᠢ ᠠᠬᠢᠭᠤᠯᠬᠤ ᠪᠠᠷ ᠭᠤᠣᠯᠳᠠᠯᠭ᠎ᠠ ᠪᠤᠯᠭᠠᠵᠤ᠂ ᠨᠢᠭᠡ ᠰᠡᠳᠦᠪ ᠲᠤ ᠬᠠᠮᠲᠤ ᠪᠠᠷ ᠬᠠᠷᠢᠭᠤᠯᠲᠠ | ᠥᠭᠬᠦ ᠶᠢ ᠪᠠᠷᠢᠮᠲᠠᠯᠠᠵᠤ᠂ ᠠᠵᠢᠯ ᠤᠨ ᠪᠠᠶᠢᠷᠢ ᠪᠠᠨ ᠪᠠᠲᠤ ᠰᠠᠬᠢᠵᠤ ᠠᠵᠢᠯ ᠤᠨ ᠬᠠᠷᠢᠭᠤᠴᠠᠯᠭ᠎ᠠ ᠠᠴᠠ ᠪᠠᠨ ᠳᠠᠪᠠᠭᠤ | ᠦᠭᠡᠢ ᠪᠠᠶᠢᠬᠤ ᠶᠢ ᠪᠡᠶᠡᠯᠡᠭᠦᠯᠦᠨ᠎ᠡ᠃ ᠲᠥᠪ ᠤᠨ ᠵᠢᠭᠠᠨ ᠵᠢᠯᠤᠭᠤᠳᠬᠤ ᠳᠤᠭᠤᠶᠢᠯᠠᠩ ᠤᠨ ᠠᠵᠢᠯ ᠳᠤ ᠪᠦᠭᠦ | ᠬᠦᠴᠦᠨ ᠢᠶᠠᠷ ᠢᠶᠠᠨ ᠬᠠᠮᠵᠢᠯᠴᠠᠨ ᠳᠡᠮᠵᠢᠵᠦ᠂ ᠴᠢᠩᠭ᠎ᠠ ᠬᠢᠨᠠᠯᠲᠠ ᠲᠠᠯᠪᠢᠨ ᠦᠨᠡᠨ ᠪᠣᠳᠠᠲᠠᠢ ᠵᠢᠯᠤᠭᠤᠳᠬᠤ ᠤᠯᠤᠰ | ᠲᠥᠷᠥ ᠶᠢᠨ ᠬᠠᠷᠢᠭᠤᠴᠠᠯᠭ᠎ᠠ ᠶᠢ ᠬᠠᠮᠲᠤ ᠪᠠᠷ ᠡᠭᠦᠷᠭᠡᠯᠡᠵᠦ᠂ ᠴᠢᠩᠭ᠎ᠠ ᠪᠣᠳᠠᠲᠠᠢ ᠪᠠᠶᠢᠬᠤ ᠶᠢ ᠪᠠᠷᠢᠮᠲᠠᠯᠠᠨ᠂ ᠠᠵᠢᠯ ᠤᠨ | ᠲᠠᠯ᠎ᠠ ᠪᠠᠷ ᠬᠠᠮᠵᠢᠯᠴᠠᠬᠤ ᠶᠢ ᠪᠠᠷᠢᠮᠲᠠᠯᠠᠵᠤ᠂ ᠰᠠᠬᠢᠯᠭ᠎ᠠ ᠪᠠᠲᠤ ᠶᠢ ᠴᠢᠩᠭ᠎ᠠ ᠰᠠᠬᠢᠬᠤ ᠶᠢ ᠪᠠᠷᠢᠮᠲᠠᠯᠠᠨ᠂ ᠡᠯ᠎ᠡ ᠵᠦᠢᠯ ᠤᠨ | ᠠᠵᠢᠯ ᠤᠨ ᠡᠭᠦᠷᠭᠡ ᠪᠠᠨ ᠴᠢᠨᠠᠷ ᠰᠠᠶᠢᠲᠠᠢ ᠰᠠᠶᠢᠲᠤᠷ ᠪᠡᠶᠡᠯᠡᠭᠦᠯᠬᠦ ᠶᠢ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠳᠤ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃ | ᠰᠦᠨ ᠱᠤᠤ ᠴᠧᠩ᠂ ᠲᠥᠪ ᠤᠨ ᠵᠢᠭᠠᠨ ᠵᠢᠯᠤᠭᠤᠳᠬᠤ ᠳᠤᠭᠤᠶᠢᠯᠠᠩ ᠥᠪᠥᠷ ᠮᠣᠩᠭᠤᠯ ᠳᠤ ᠭᠦᠨᠵᠡᠭᠡᠶᠢᠷᠡᠨ | ᠵᠢᠭᠠᠨ ᠵᠢᠯᠤᠭᠤᠳᠴᠤ ᠬᠢᠨᠠᠨ ᠵᠢᠯᠤᠭᠤᠳᠬᠤ ᠠᠵᠢᠯ ᠢ ᠥᠷᠨᠢᠭᠦᠯᠬᠦ ᠨᠢ ᠰᠢ ᠶᠢᠨ ᠫᠢᠩ ᠨᠥᠬᠦᠷ ᠢᠶᠠᠷ ᠭᠤᠣᠯ | ᠪᠤᠯᠭᠠᠬᠰᠠᠨ ᠨᠠᠮ ᠤᠨ ᠲᠥᠪ ᠬᠤᠷᠢᠶ᠎ᠠ ᠠᠴᠠ ᠥᠪᠥᠷ ᠮᠣᠩᠭᠤᠯ ᠤᠨ ᠠᠵᠢᠯ ᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠵᠤ ᠪᠠᠶᠢᠬᠤ ᠪᠠ ᠳᠣᠲᠣᠨᠣ ᠪᠠᠷ ᠬᠠᠯᠠᠮᠵᠢᠯᠠᠵᠤ ᠪᠠᠶᠢᠬᠤ ᠶᠢ ᠭᠦᠢᠴᠡᠳ ᠬᠠᠷᠠᠭᠤᠯᠵᠤ᠂ ᠪᠢᠳᠡᠨ ᠤ | ᠳᠤᠲᠠᠭᠤᠳᠠᠯ ᠠᠯᠳᠠᠭᠳᠠᠯ ᠢᠶᠠᠨ ᠨᠥᠬᠦᠪᠦᠷᠢᠯᠡᠬᠦ᠂ ᠠᠵᠢᠯ ᠤᠨ ᠶᠠᠰᠤ ᠴᠢᠨᠠᠷ ᠢᠶᠠᠨ ᠳᠡᠭᠡᠭᠰᠢᠯᠡᠭᠦᠯᠭᠦ ᠳᠤ ᠴᠢᠬᠤᠯᠠ | ᠠᠬᠢᠭᠤᠯᠬᠤ ᠦᠢᠯᠡᠳᠦᠯ ᠦᠵᠡᠭᠦᠯᠭᠦ ᠨᠢ ᠯᠠᠪᠲᠠᠢ᠃ ᠪᠦᠭᠦ ᠣᠷᠣᠨ ᠤ ᠡᠯ᠎ᠡ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠪᠠ ᠴᠢᠬᠤᠯᠠ ᠵᠢᠭᠠᠪᠤᠷᠢ | ᠴᠣᠬᠤᠯᠠᠪᠤᠷᠢ ᠶᠢᠨ ᠵᠣᠷᠢᠭ ᠰᠠᠨᠠᠭ᠎ᠠ ᠪᠠᠷ ᠪᠠᠷᠢᠮᠵᠢᠶᠠᠯᠠᠨ ᠲᠠᠭᠢᠨ ᠰᠤᠷᠤᠯᠴᠠᠵᠤ ᠲᠠᠭᠢᠨ ᠨᠠᠶᠢᠳᠠᠪᠤᠷᠢᠵᠢᠭᠤᠯᠵᠤ᠂ ᠦᠵᠡᠯ | ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ | ᠳᠡᠭᠡᠷ᠎ᠡ ᠤᠯᠠᠮ ᠨᠢᠭᠡ ᠠᠯᠬᠤᠮ ᠨᠢᠭᠡᠳᠬᠡᠵᠦ᠂ ︽ᠬᠤᠶᠠᠷ ᠢ ᠲᠣᠭᠲᠠᠭᠠᠭᠰᠠᠨ︾ ᠢ ᠡᠷᠡᠰ ᠬᠦᠷᠢᠶᠡᠯᠡᠬᠦ᠂ ︽ᠬᠤᠶᠠᠷ ᠢ | ᠬᠠᠮᠠᠭᠠᠯᠠᠬᠤ︾ ᠶᠢ ᠡᠷᠡᠰ ᠪᠡᠶᠡᠯᠡᠭᠦᠯᠬᠦ ᠶᠢ ᠰᠤᠷᠤᠯᠴᠠᠯᠭ᠎ᠠ ᠬᠥᠮᠦᠵᠢᠯ ᠢ ᠵᠣᠬᠢᠶᠠᠨ ᠪᠠᠶᠢᠭᠤᠯᠵᠤ ᠥᠷᠨᠢᠭᠦᠯᠬᠦ ᠪᠦᠭᠦ | ᠶᠠᠪᠤᠴᠠ ᠳᠤ ᠲᠤᠭᠤᠰᠢᠯᠠᠭᠤᠯᠤᠨ᠎ᠠ᠃ ᠲᠥᠪ ᠤᠨ ᠵᠢᠭᠠᠨ ᠵᠢᠯᠤᠭᠤᠳᠬᠤ ᠳᠤᠭᠤᠶᠢᠯᠠᠩ ᠤᠨ ᠠᠵᠢᠯ ᠢ ᠪᠦᠭᠦ | ᠬᠦᠴᠦ ᠪᠠᠷ ᠢᠶᠠᠨ ᠲᠡᠮᠵᠢᠨ ᠬᠠᠮᠵᠢᠯᠴᠠᠵᠤ᠂ ᠲᠥᠪ ᠴᠢᠩᠭ᠎ᠠ ᠴᠢᠩ ᠦᠨᠡᠨᠴᠢ ᠪᠠᠷ ᠵᠢᠭᠠᠨ ᠵᠢᠯᠤᠭᠤᠳᠴᠤ ᠬᠢᠨᠠᠨ | ᠵᠢᠯᠤᠭᠤᠳᠬᠤ ᠶᠢ ᠬᠦᠯᠢᠶᠡᠵᠦ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠯᠠᠪᠳᠠᠭᠤᠨ | ᠪᠠᠲᠤᠲᠠᠢ ᠰᠠᠶᠢᠲᠤᠷ ᠠᠳᠬᠤᠵᠤ᠂ ᠨᠢᠭᠡ ᠠᠴᠠ ᠨᠦᠭᠦᠭᠡ ᠶᠢ ᠵᠦᠢᠴᠢᠯᠡᠨ ᠮᠡᠳᠡᠵᠤ ᠳᠦᠷᠢᠮ ᠲᠣᠭᠲᠠᠴᠠ ᠶᠢ | ᠲᠡᠭᠦᠯᠳᠡᠷᠵᠢᠭᠦᠯᠵᠦ᠂ ᠰᠤᠷᠤᠯᠴᠠᠯᠭ᠎ᠠ ᠬᠥᠮᠦᠵᠢᠯ ᠢ ᠨᠡᠩ ᠴᠢᠨᠠᠷ ᠰᠠᠶᠢᠲᠠᠢ ᠠᠳᠬᠤᠨ᠎ᠠ᠃ ᠸᠧᠢ ᠱᠤᠸᠠᠨ ᠱᠢ ᠵᠡᠷᠭᠡ | ᠬᠥᠮᠥᠰ ᠤᠨ ᠲᠣᠭᠲᠠᠭᠠᠯ ᠠᠴᠠ ᠵᠥᠷᠢᠴᠡᠨ ᠢᠳᠡᠵᠦ ᠤᠤᠭᠤᠵᠤ ᠲᠥᠪ ᠤᠨ ᠨᠠᠢᠮᠠᠨ ᠲᠣᠭᠲᠠᠭᠠᠯ ᠤᠨ ᠵᠣᠷᠢᠭ | ᠰᠠᠨᠠᠭ᠎ᠠ ᠶᠢ ᠬᠦᠨᠳᠦ ᠨᠣᠴᠢᠲᠠᠢ ᠵᠥᠷᠢᠴᠡᠭᠰᠡᠨ ᠠᠰᠠᠭᠤᠳᠠᠯ ᠠᠴᠠ ᠭᠦᠨᠵᠡᠭᠡᠢ ᠰᠤᠷᠭᠠᠮᠵᠢ ᠠᠪᠴᠤ᠂ ᠬᠡᠷᠡᠭ ᠢᠶᠠᠷ ᠲᠣᠯᠢ | ᠪᠣᠯᠭᠠᠨ᠂ ᠲᠣᠪᠣᠶᠢᠮ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ ᠴᠡᠭᠴᠡᠯᠡᠨ ᠰᠠᠶᠢᠵᠢᠷᠠᠭᠤᠯᠵᠤ᠂ | ᠰᠤᠷᠤᠯᠴᠠᠯᠭ᠎ᠠ ᠬᠥᠮᠦᠵᠢᠯ ᠤᠨ ᠨᠠᠩ ᠶᠡᠭᠡ ᠦᠷ᠎ᠡ ᠪᠦᠲᠦᠮᠵᠢ ᠣᠯᠬᠤ ᠶᠢ ᠠᠬᠢᠭᠤᠯᠤᠨ᠎ᠠ᠃ ᠰᠤᠷᠤᠯᠴᠠᠯᠭ᠎ᠠ | ᠬᠥᠮᠦᠵᠢᠯ ᠢ ᠥᠷᠨᠢᠭᠦᠯᠬᠦ ᠶᠢ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠠᠢ ᠤᠶᠠᠯᠳᠤᠭᠤᠯᠵᠤ᠂ ᠪᠦᠭᠦ | ᠣᠷᠣᠨ ᠤ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ | ᠭᠠᠷᠭᠠᠬᠤ᠂ ᠠᠵᠢᠯ ᠬᠢᠵᠦ ᠦᠢᠯᠡᠰ ᠪᠣᠰᠬᠠᠬᠤ᠂ ᠠᠷᠠᠳ ᠤᠨ ᠲᠥᠯᠥᠭᠡ ᠬᠦᠴᠢᠷ ᠠᠰᠠᠭᠤᠳᠠᠯ ᠢ ᠰᠢᠢᠳᠪᠦᠷᠢᠯᠡᠵᠦ | ᠪᠣᠳᠠᠲᠤ ᠶᠠᠪᠤᠳᠠᠯ ᠬᠢᠬᠦ ᠶᠢ ᠵᠣᠷᠢᠭᠵᠢᠭᠤᠯᠵᠤ᠂ ᠰᠢᠯᠢᠳᠡᠭ ᠰᠤᠷᠲᠠᠯ ᠢᠶᠠᠷ ᠡᠬᠡ ᠤᠯᠤᠰ ᠤᠨ ᠤᠮᠠᠷᠠᠲᠤ ᠶᠢᠨ | ᠦᠵᠡᠮᠵᠢ ᠶᠢᠨ ᠣᠷᠣᠨ ᠢ ᠨᠡᠩ ᠦᠵᠡᠰᠬᠦᠯᠡᠩᠲᠦ ᠰᠠᠶᠢᠬᠠᠨ ᠪᠣᠯᠭᠠᠨ ᠪᠦᠲᠦᠭᠡᠨ ᠪᠠᠶᠢᠭᠤᠯᠤᠨ᠎ᠠ ᠭᠡᠵᠦ ᠢᠯᠡᠳᠬᠡᠪᠡ᠃ |