ᠲᠥᠷᠥ ᠶᠢᠨ ᠶᠠᠪᠤᠳᠠᠯ ᠤᠨ ᠬᠤᠷᠢᠶᠠᠨ ᠤ ᠰᠣᠨᠢᠨ ᠮᠡᠳᠡᠭᠡᠨ ᠤ ᠠᠯᠪᠠᠨ ᠭᠡᠷ 6 ᠳ᠋ᠤᠭᠠᠷ ᠰᠠᠷ᠎ᠠ ᠶᠢᠨ 24 ᠤ | ᠡᠳᠦᠷ ᠤᠨ ᠦᠳᠡ ᠶᠢᠨ ᠡᠮᠦᠨ᠎ᠡ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠵᠦ᠂ ᠶᠠᠫᠤᠨ ᠢ ᠡᠰᠡᠷᠭᠦᠴᠡᠭᠰᠡᠨ ᠳᠤᠮᠳᠠᠳᠤ | ᠤᠯᠤᠰ ᠤᠨ ᠠᠷᠠᠳ ᠲᠦᠮᠡᠨ ᠤ ᠳᠠᠶᠢᠨ ᠬᠢᠭᠡᠳ ᠹᠠᠱᠢᠰ ᠢ ᠡᠰᠡᠷᠭᠦᠴᠡᠭᠰᠡᠨ ᠳᠡᠯᠡᠬᠡᠢ ᠶᠢᠨ ᠳᠠᠶᠢᠨ ᠤ ᠢᠯᠠᠯᠲᠠ | ᠣᠯᠣᠭᠰᠠᠨ 80 ᠵᠢᠯ ᠤᠨ ᠣᠢ ᠶᠢ ᠳᠤᠷᠠᠰᠬᠠᠬᠤ ᠠᠵᠢᠯᠯᠠᠭᠠᠨ ᠤ ᠶᠡᠷᠦᠩᠬᠡᠢ ᠲᠣᠬᠢᠷᠠᠭᠤᠯᠤᠯᠲᠠ ᠶᠢ ᠲᠠᠨᠢᠯᠴᠠᠭᠤᠯᠪᠠ᠃ | ᠰᠤᠷᠪᠤᠯᠵᠢᠯᠠᠭᠴᠢ ᠲᠥᠷᠥ ᠶᠢᠨ ᠶᠠᠪᠤᠳᠠᠯ ᠤᠨ ᠬᠤᠷᠢᠶᠠᠨ ᠤ ᠰᠣᠨᠢᠨ ᠮᠡᠳᠡᠭᠡᠨ ᠤ ᠠᠯᠪᠠᠨ ᠭᠡᠷ ᠤᠨ ᠰᠣᠨᠢᠨ | ᠮᠡᠳᠡᠭᠡ ᠨᠡᠶᠢᠲᠡᠯᠡᠬᠦ ᠬᠤᠷᠠᠯ ᠠᠴᠠ ᠣᠶᠢᠯᠠᠭᠠᠭᠰᠠᠨ ᠢᠶᠠᠷ᠄ | 9 ᠳ᠋ᠦ᠋ᠭᠡᠷ ᠰᠠᠷ᠎ᠠ ᠶᠢᠨ 3 ᠤ ᠡᠳᠦᠷ ᠤᠨ ᠦᠳᠡ ᠶᠢᠨ ᠡᠮᠦᠨ᠎ᠡ᠂ ᠪᠡᠭᠡᠵᠢᠩ ᠤᠨ ᠲᠢᠶᠠᠨ ᠠᠨ ᠮᠧᠨ | ᠲᠠᠯᠠᠪᠠᠶ ᠳᠤ ᠶᠠᠫᠤᠨ ᠢ ᠡᠰᠡᠷᠭᠦᠴᠡᠭᠰᠡᠨ ᠳᠤᠮᠳᠠᠳᠤ ᠤᠯᠤᠰ ᠤᠨ ᠠᠷᠠᠳ ᠲᠦᠮᠡᠨ ᠤ ᠳᠠᠶᠢᠨ ᠬᠢᠭᠡᠳ ᠹᠠᠱᠢᠰ ᠢ | ᠡᠰᠡᠷᠭᠦᠴᠡᠭᠰᠡᠨ ᠳᠡᠯᠡᠬᠡᠢ ᠶᠢᠨ ᠳᠠᠶᠢᠨ ᠤ ᠢᠯᠠᠯᠲᠠ ᠣᠯᠣᠭᠰᠠᠨ 80 ᠵᠢᠯ ᠤᠨ ᠣᠶ ᠶᠢ ᠳᠤᠷᠠᠰᠬᠠᠬᠤ ᠶᠡᠭᠡ ᠬᠤᠷᠠᠯ | ᠬᠢᠬᠦ ᠪᠣᠯᠣᠨ᠎ᠠ᠂ ᠡᠭᠦᠨ ᠳᠤ ᠴᠡᠷᠢᠭ ᠠᠩᠭᠢ ᠶᠢ ᠰᠢᠯᠭᠠᠨ ᠦᠵᠡᠬᠦ ᠠᠵᠢᠯᠯᠠᠭᠠᠨ ᠪᠠᠭᠲᠠᠨ᠎ᠠ᠃ | 9 ᠳ᠋ᠦ᠋ᠭᠡᠷ ᠰᠠᠷ᠎ᠠ ᠶᠢᠨ 3 ᠤ ᠡᠳᠦᠷ ᠤᠨ ᠦᠳᠡ ᠶᠢᠨ ᠡᠮᠦᠨ᠎ᠡ᠂ ᠳᠤᠮᠳᠠᠳᠤ ᠤᠯᠤᠰ ᠤᠨ ᠡᠪ ᠬᠠᠮᠲᠤ ᠨᠠᠮ ᠤᠨ | ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ | ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠶᠠᠫᠤᠨ ᠢ ᠡᠰᠡᠷᠭᠦᠴᠡᠭᠰᠡᠨ ᠳᠤᠮᠳᠠᠳᠤ ᠤᠯᠤᠰ ᠤᠨ ᠠᠷᠠᠳ ᠲᠦᠮᠡᠨ ᠤ | ᠳᠠᠶᠢᠨ ᠬᠢᠭᠡᠳ ᠹᠠᠱᠢᠰ ᠢ ᠡᠰᠡᠷᠭᠦᠴᠡᠭᠰᠡᠨ ᠳᠡᠯᠡᠬᠡᠢ ᠶᠢᠨ ᠳᠠᠶᠢᠨ ᠤ ᠢᠯᠠᠯᠲᠠ ᠣᠯᠣᠭᠰᠠᠨ 80 ᠵᠢᠯ ᠤᠨ ᠣᠶ ᠶᠢ | ᠳᠤᠷᠠᠰᠬᠠᠬᠤ ᠶᠡᠭᠡ ᠬᠤᠷᠠᠯ ᠳᠤ ᠣᠷᠣᠯᠴᠠᠬᠤ ᠪᠥᠭᠡᠳ ᠶᠠᠷᠢᠶ᠎ᠠ ᠲᠠᠯᠪᠢᠨ᠎ᠠ᠃ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ᠂ | ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠨᠡᠷ᠎ᠡ ᠪᠠᠷ᠂ ᠶᠠᠫᠤᠨ ᠢ ᠡᠰᠡᠷᠭᠦᠴᠡᠭᠰᠡᠨ ᠳᠠᠶᠢᠨ ᠳᠤ ᠣᠷᠣᠯᠴᠠᠭᠰᠠᠨ | ᠮᠥᠨ ᠠᠮᠢᠳᠤ ᠰᠡᠷᠡᠭᠦᠨ ᠪᠠᠶᠢᠭ᠎ᠠ ᠠᠬᠠᠮᠠᠳ ᠪᠠᠶᠢᠯᠳᠤᠭᠴᠢ᠂ ᠠᠬᠠᠮᠠᠳ ᠨᠥᠬᠦᠳ᠂ ᠶᠠᠫᠤᠨ ᠢ ᠡᠰᠡᠷᠭᠦᠴᠡᠭᠰᠡᠨ | ᠳᠠᠶᠢᠨ ᠳᠤ ᠣᠷᠣᠯᠴᠠᠭᠰᠠᠨ ᠵᠠᠩᠵᠤᠨ ᠪᠤᠶᠤ ᠲᠡᠳᠡᠭᠡᠷ ᠨᠥᠭᠴᠢᠭᠰᠡᠳ ᠤᠨ ᠭᠡᠷ ᠪᠦᠯᠢ ᠶᠢᠨ ᠬᠢᠨ ᠳᠤ ︽ᠶᠠᠫᠤᠨ ᠢ | ᠡᠰᠡᠷᠭᠦᠴᠡᠭᠰᠡᠨ ᠳᠤᠮᠳᠠᠳᠤ ᠤᠯᠤᠰ ᠤᠨ ᠠᠷᠠᠳ ᠲᠦᠮᠡᠨ ᠤ ᠳᠠᠶᠢᠨ ᠤ ᠢᠯᠠᠯᠲᠠ ᠣᠯᠣᠭᠰᠠᠨ 80 ᠵᠢᠯ ᠤᠨ ᠣᠶ︾ | ᠶᠢᠨ ᠳᠤᠷᠠᠰᠬᠠᠯ ᠤᠨ ᠲᠡᠮᠳᠡᠭ ᠣᠯᠭᠤᠨ᠎ᠠ᠃ | ᠶᠠᠫᠤᠨ ᠢ ᠡᠰᠡᠷᠭᠦᠴᠡᠭᠰᠡᠨ ᠳᠠᠶᠢᠨ ᠤ ᠳᠥᠷᠪᠡᠳᠦᠭᠡᠷ ᠪᠦᠯᠦᠭ ᠢᠶᠠᠷ ᠨᠡᠶᠢᠲᠡᠯᠡᠬᠦ ᠤᠯᠤᠰ ᠤᠨ ᠳᠡᠰ ᠤᠨ | ᠳᠤᠷᠠᠰᠬᠠᠯ ᠤᠨ ᠪᠡᠯᠡᠳᠬᠡᠮᠵᠢ᠂ ᠪᠠᠭᠤᠷᠢ ᠶᠢᠨ ᠨᠡᠷᠡᠰ ᠤᠨ ᠵᠢᠭᠰᠠᠭᠠᠯᠲᠠ ᠪᠠ ᠶᠠᠫᠤᠨ ᠢ ᠡᠰᠡᠷᠭᠦᠴᠡᠭᠰᠡᠨ ᠳᠠᠶᠢᠨ ᠳᠤ | ᠦᠷᠡᠭᠳᠡᠭᠰᠡᠨ ᠪᠠᠭᠠᠲᠤᠷ᠂ ᠪᠠᠭᠠᠲᠤᠷᠴᠤᠳ ᠤᠨ ᠨᠡᠷᠡᠰ ᠢ ᠨᠡᠶᠢᠲᠡᠯᠡᠨ᠎ᠡ᠃ | ᠡᠨᠡ ᠤᠳᠠᠭ᠎ᠠ ᠶᠢᠨ ᠴᠡᠷᠢᠭ ᠤᠨ ᠵᠢᠭᠰᠠᠭᠠᠯ ᠤᠨ ᠰᠢᠯᠭᠠᠨ ᠦᠵᠡᠬᠦ ᠶᠣᠰᠣᠯᠠᠯ ᠨᠢ ᠶᠠᠪᠠᠭᠠᠨ ᠵᠢᠭᠰᠠᠭᠠᠯᠲᠤ | ᠡᠩᠨᠡᠭᠡ᠂ ᠵᠡᠪᠰᠡᠭ ᠲᠣᠨᠣᠭᠯᠠᠯ ᠤᠨ ᠵᠢᠭᠰᠠᠭᠠᠯᠲᠤ ᠡᠩᠨᠡᠭᠡ ᠪᠠ ᠠᠭᠠᠷ ᠲᠠᠬᠢ ᠱᠠᠲᠤᠯᠵᠢᠨ ᠡᠩᠨᠡᠭᠡ ᠪᠠᠷ ᠪᠦᠷᠢᠯᠳᠦᠨ᠎ᠡ᠃ | ᠶᠡᠷᠦᠩᠬᠡᠢ ᠲᠥᠯᠥᠪᠵᠢᠭᠦᠯᠦᠭᠰᠡᠨ ᠲᠠᠯ᠎ᠠ ᠪᠠᠷ᠂ ᠴᠢᠯᠦᠭᠡᠯᠡᠬᠦ ᠴᠡᠷᠢᠭ ᠪᠠ ᠵᠡᠪᠰᠡᠭᠲᠦ ᠴᠠᠭᠳᠠᠭ᠎ᠠ ᠶᠢᠨ ᠴᠡᠷᠢᠭ | ᠠᠩᠭᠢ ᠶᠢᠨ ᠰᠢᠯᠭᠠᠨ ᠦᠵᠡᠬᠦ ᠬᠦᠴᠦᠨ ᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠵᠤ᠂ ᠰᠢᠯᠭᠠᠨ ᠦᠵᠡᠬᠦ ᠶᠢ | ᠬᠦᠯᠢᠶᠡᠬᠦ ᠡᠯ᠎ᠡ ᠵᠢᠭᠰᠠᠭᠠᠯᠲᠤ ᠡᠩᠨᠡᠭᠡ᠂ ᠱᠠᠲᠤᠯᠵᠢᠨ ᠡᠩᠨᠡᠭᠡ ᠶᠢ ᠨᠠᠷᠢᠨ ᠨᠢᠮᠪᠠᠢ ᠵᠣᠬᠢᠶᠠᠨ ᠪᠠᠶᠢᠭᠤᠯᠤᠨ᠎ᠠ᠃ | ᠶᠠᠪᠠᠭᠠᠨ ᠵᠢᠭᠰᠠᠭᠠᠯᠲᠤ ᠡᠩᠨᠡᠭᠡ ᠨᠢ ᠮᠠᠨ ᠤ ᠴᠡᠷᠢᠭ ᠤᠨ ᠥᠭᠡᠷᠡᠴᠢᠯᠡᠵᠦ ᠳᠠᠬᠢᠨᠲᠠ ᠴᠣᠭᠴᠠᠯᠠᠭᠰᠠᠨ ᠤ | ᠳᠠᠷᠠᠭᠠᠬᠢ ᠴᠡᠷᠢᠭ ᠤᠨ ᠰᠢᠨ᠎ᠡ ᠲᠦᠷᠦᠯ ᠤᠨ ᠪᠦᠲᠦᠴᠡ ᠶᠢᠨ ᠪᠠᠶᠢᠷᠢᠯᠠᠭᠤᠯᠤᠯᠲᠠ ᠬᠢᠭᠡᠳ ︽ᠭᠤᠷᠪᠠ ᠶᠢ | ᠤᠶᠠᠯᠳᠤᠭᠤᠯᠤᠭᠰᠠᠨ︾ ᠵᠡᠪᠰᠡᠭᠲᠦ ᠬᠦᠴᠦᠨ ᠤ ᠪᠦᠷᠢᠯᠳᠦᠯ ᠢ ᠭᠤᠣᠯᠳᠠᠯᠭ᠎ᠠ ᠲᠠᠢ ᠦᠵᠡᠭᠦᠯᠦᠨ᠎ᠡ᠃ | ᠵᠡᠪᠰᠡᠭ ᠲᠣᠨᠣᠭᠯᠠᠯ ᠤᠨ ᠵᠢᠭᠰᠠᠭᠠᠯᠲᠤ ᠡᠩᠨᠡᠭᠡ ᠨᠢ ᠮᠠᠨ ᠤ ᠴᠡᠷᠢᠭ ᠤᠨ ᠵᠡᠪᠰᠡᠭ ᠲᠣᠨᠣᠭᠯᠠᠯ ᠤᠨ | ᠲᠣᠭᠲᠠᠯᠴᠠᠭᠠᠨ ᠤ ᠪᠠᠶᠢᠭᠤᠯᠤᠯᠲᠠ ᠶᠢᠨ ᠬᠠᠮᠤᠭ ᠤᠨ ᠰᠢᠨ᠎ᠡ ᠦᠷ᠎ᠡ ᠪᠦᠲᠦᠭᠡᠯ ᠢ ᠭᠤᠣᠯᠳᠠᠯᠭ᠎ᠠ ᠲᠠᠢ ᠦᠵᠡᠭᠦᠯᠵᠦ᠂ | ᠤᠯᠠᠨ ᠡᠩᠨᠡᠭᠡ ᠬᠤᠯᠪᠣᠭᠠᠯᠠᠭᠰᠠᠨ᠂ ᠵᠢᠭᠰᠠᠭᠠᠯᠲᠤ ᠡᠩᠨᠡᠭᠡ ᠶᠢ ᠨᠡᠶᠢᠯᠡᠭᠦᠯᠵᠦ ᠵᠣᠬᠢᠶᠠᠨ ᠪᠠᠶᠢᠭᠤᠯᠬᠤ ᠠᠷᠭ᠎ᠠ ᠪᠠᠷ | ᠳᠠᠮᠵᠢᠭᠤᠯᠤᠨ᠂ ᠮᠠᠨ ᠤ ᠴᠡᠷᠢᠭ ᠤᠨ ᠬᠤᠯᠪᠤᠭᠠᠯᠠᠨ ᠵᠢᠯᠤᠭᠤᠳᠬᠤ᠂ ᠬᠤᠯᠪᠤᠭᠠᠯᠠᠨ ᠬᠥᠳᠡᠯᠦᠯᠴᠡᠬᠦ᠂ ᠬᠤᠯᠪᠤᠭᠠᠯᠠᠨ | ᠪᠠᠲᠤᠯᠠᠬᠤ ᠬᠦᠴᠦᠨ ᠤ ᠰᠢᠨ᠎ᠡ ᠬᠡᠪ ᠵᠠᠭᠪᠤᠷ ᠬᠡᠷᠡᠭᠯᠡᠭᠰᠡᠨ ᠢ ᠢᠯᠡᠷᠡᠭᠦᠯᠵᠦ᠂ ᠮᠠᠨ ᠤ ᠤᠯᠤᠰ ᠤᠨ ᠵᠡᠪᠰᠡᠭ | ᠲᠣᠨᠣᠭᠯᠠᠯ ᠤᠨ ᠪᠡᠶ᠎ᠡ ᠪᠠᠨ ᠳᠠᠭᠠᠭᠠᠭᠰᠠᠨ ᠰᠢᠨ᠎ᠡ ᠡᠭᠦᠳᠦᠯᠲᠡ ᠶᠢᠨ ᠴᠢᠳᠠᠪᠤᠷᠢ ᠲᠠᠢ ᠪᠠᠶᠢᠬᠤ ᠶᠢ ᠲᠤᠰᠬᠠᠨ᠎ᠠ᠃ | ᠠᠭᠠᠷ ᠲᠠᠬᠢ ᠱᠠᠲᠤᠯᠵᠢᠨ ᠡᠩᠨᠡᠭᠡ ᠨᠢ ᠮᠠᠨ ᠤ ᠤᠯᠤᠰ ᠤᠨ ᠠᠭᠠᠷ ᠲᠠᠬᠢ ᠪᠠᠶᠢᠯᠳᠤᠬᠤ ᠬᠦᠴᠦᠨ ᠤ | ᠲᠣᠭᠲᠠᠯᠴᠠᠭᠠᠲᠤ ᠬᠢᠷᠢ ᠲᠦᠪᠰᠢᠨ ᠪᠠ ᠦᠳᠲᠡᠷ ᠲᠦᠷᠭᠡᠨ ᠳᠡᠭᠡᠭᠰᠢᠯᠡᠵᠦ ᠪᠠᠶᠢᠭ᠎ᠠ ᠲᠡᠷᠢᠭᠦᠨ ᠤ ᠪᠠᠶᠢᠯᠳᠤᠬᠤ | ᠬᠦᠴᠦᠨ ᠢ ᠭᠤᠣᠯᠳᠠᠯᠭ᠎ᠠ ᠲᠠᠢ ᠦᠵᠡᠭᠦᠯᠦᠨ᠎ᠡ᠃ | ᠡᠨᠡ ᠤᠳᠠᠭ᠎ᠠ ᠶᠢᠨ ᠴᠡᠷᠢᠭ ᠤᠨ ᠵᠢᠭᠰᠠᠭᠠᠯ ᠢ ᠰᠢᠯᠭᠠᠨ ᠦᠵᠡᠬᠦ ᠶᠣᠰᠣᠯᠠᠯ ᠳᠤ᠂ ᠤᠯᠠᠮᠵᠢᠯᠠᠯᠲᠤ ᠭᠤᠣᠯᠯᠠᠨ | ᠪᠠᠶᠢᠯᠳᠤᠬᠤ ᠬᠦᠴᠦᠨ ᠤ ᠦᠵᠡᠭᠦᠯᠭᠡ ᠪᠠᠶᠢᠬᠤ ᠪᠥᠭᠡᠳ ᠪᠠᠰᠠ ᠰᠢᠨ᠎ᠡ ᠬᠡᠪᠴᠢᠶᠡᠨ ᠤ ᠰᠢᠨ᠎ᠡ ᠴᠢᠨᠠᠷ ᠤᠨ ᠬᠦᠴᠦᠨ | ᠪᠤᠢ᠃ ᠡᠨᠡ ᠤᠳᠠᠭ᠎ᠠ ᠶᠢᠨ ᠰᠢᠯᠭᠠᠨ ᠦᠵᠡᠬᠦ ᠶᠣᠰᠣᠯᠠᠯ ᠳᠤ ᠣᠷᠣᠯᠴᠠᠬᠤ ᠪᠤᠢ ᠪᠦᠬᠦᠢ ᠵᠡᠪᠰᠡᠭ ᠲᠣᠨᠣᠭᠯᠠᠯ ᠪᠣᠯ | ᠴᠥᠮ ᠤᠯᠤᠰ ᠲᠤ ᠪᠠᠨ ᠦᠢᠯᠡᠳᠪᠦᠷᠢᠯᠡᠭᠡᠳ ᠬᠡᠷᠡᠭᠯᠡᠵᠦ ᠪᠠᠶᠢᠭ᠎ᠠ ᠭᠤᠣᠯᠯᠠᠨ ᠪᠠᠶᠢᠯᠳᠤᠬᠤ ᠵᠡᠪᠰᠡᠭ ᠲᠣᠨᠣᠭᠯᠠᠯ ᠤᠳ | ᠪᠣᠯᠣᠨ᠎ᠠ᠂ ᠪᠢᠳᠡ ᠰᠢᠨ᠎ᠡ ᠨᠢᠭᠡ ᠦᠶ᠎ᠡ ᠶᠢᠨ ᠤᠯᠠᠮᠵᠢᠯᠠᠯᠲᠤ ᠵᠡᠪᠰᠡᠭ ᠲᠣᠨᠣᠭᠯᠠᠯ ᠢ ᠦᠵᠡᠭᠦᠯᠬᠦ ᠰᠠᠭᠤᠷᠢᠨ ᠳᠡᠭᠡᠷ᠎ᠡ᠂ | ᠪᠠᠰᠠ ᠨᠢᠭᠡ ᠪᠦᠯᠦᠭ ᠬᠥᠮᠥᠨ ᠦᠭᠡᠢ ᠰᠢᠰᠲ᠋ᠧᠮ ᠲᠠᠢ ᠣᠶᠤᠨᠴᠢ ᠲᠣᠨᠣᠭᠯᠠᠯ᠂ ᠤᠰᠤᠨ ᠳᠣᠣᠷ᠎ᠠ ᠪᠠᠶᠢᠯᠳᠤᠬᠤ | ᠲᠣᠨᠣᠭᠯᠠᠯ᠂ ᠰᠦᠯᠵᠢᠶ᠎ᠡ ᠡᠯᠧᠺᠲᠷᠣᠨ ᠤ ᠳᠠᠭᠠᠷᠢᠯᠲᠠ ᠰᠡᠷᠭᠡᠶᠢᠯᠡᠯᠲᠡ ᠶᠢᠨ ᠲᠣᠨᠣᠭᠯᠠᠯ᠂ ᠭᠡᠳᠤ ᠥᠨᠳᠥᠷ ᠳᠠᠭᠤᠨ | ᠬᠤᠷᠳᠤᠴᠠᠲᠤ ᠲᠣᠨᠣᠭᠯᠠᠯ ᠵᠡᠷᠭᠡ ᠰᠢᠨ᠎ᠡ ᠬᠡᠯᠪᠡᠷᠢ ᠶᠢᠨ ᠪᠠᠶᠢᠯᠳᠤᠬᠤ ᠬᠦᠴᠦᠨ ᠢ ᠲᠣᠬᠢᠷᠠᠭᠤᠯᠵᠤ᠂ ᠮᠠᠨ ᠤ ᠴᠡᠷᠢᠭ ᠤᠨ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠥᠭᠵᠢᠯᠲᠡ ᠪᠠ ᠲᠠᠶᠢᠨ ᠤ ᠬᠡᠯᠪᠡᠷᠢ ᠪᠠᠶᠢᠳᠠᠯ ᠤᠨ ᠬᠤᠪᠢᠰᠤᠯᠲᠠ ᠳᠤ | ᠵᠣᠬᠢᠴᠠᠭᠰᠠᠨ᠂ ᠢᠷᠡᠭᠡᠳᠦᠢ ᠶᠢᠨ ᠲᠠᠶᠢᠨ ᠳᠤ ᠢᠯᠠᠯᠲᠠ ᠣᠯᠬᠤ ᠬᠦᠴᠦᠷᠬᠡᠭ ᠶᠡᠭᠡ ᠴᠢᠳᠠᠪᠤᠷᠢ ᠶᠢ ᠢᠯᠡᠷᠡᠭᠦᠯᠦᠨ᠎ᠡ᠃ | ᠡᠨᠡ ᠤᠳᠠᠭ᠎ᠠ ᠶᠢᠨ ᠴᠡᠷᠢᠭ ᠤᠨ ᠵᠢᠭᠰᠠᠭᠠᠯ ᠰᠢᠯᠭᠠᠨ ᠦᠵᠡᠬᠦ ᠶᠣᠰᠣᠯᠠᠯ ᠳᠤ ᠶᠠᠫᠤᠨ ᠢ ᠡᠰᠡᠷᠭᠦᠴᠡᠭᠰᠡᠨ | ᠭᠤᠮᠢᠨᠳᠠᠩ ᠤᠨ ᠠᠬᠠᠮᠠᠳ ᠴᠡᠷᠢᠭ ᠢ ᠲᠤᠬᠠᠢ ᠶᠢᠨ ᠲᠠᠯᠠᠪᠠᠢ ᠳᠤ ᠤᠷᠢᠵᠤ ᠰᠣᠨᠢᠷᠬᠠᠭᠤᠯᠤᠨ᠎ᠠ᠃ | ᠡᠨᠡ ᠤᠳᠠᠭ᠎ᠠ ᠶᠢᠨ ᠴᠡᠷᠢᠭ ᠤᠨ ᠵᠢᠭᠰᠠᠭᠠᠯ ᠰᠢᠯᠭᠠᠨ ᠦᠵᠡᠬᠦ ᠶᠣᠰᠣᠯᠠᠯ ᠳᠤ ᠶᠠᠫᠤᠨ ᠢ ᠡᠰᠡᠷᠭᠦᠴᠡᠭᠰᠡᠨ | ᠲᠠᠶᠢᠨ ᠳᠤ ᠣᠷᠣᠯᠴᠠᠵᠤ ᠥᠩᠭᠡᠷᠡᠭᠰᠡᠨ ᠠᠬᠠᠮᠠᠳ ᠪᠠᠶᠢᠯᠳᠤᠭᠴᠢ᠂ ᠠᠬᠠᠮᠠᠳ ᠨᠥᠬᠦᠳ᠂ ᠠᠬᠠᠮᠠᠳ ᠡᠷᠦᠭᠡ ᠶᠢᠨ | ᠴᠡᠷᠢᠭ᠂ ᠣᠷᠣᠨ ᠨᠤᠲᠤᠭ ᠤᠨ ᠡᠮᠦᠨ᠎ᠡ ᠹᠷᠣᠨᠲ ᠢ ᠲᠤᠰᠠᠯᠠᠭᠰᠠᠨ ᠵᠢᠱᠢᠶᠡᠴᠢ ᠶᠢᠨ ᠲᠥᠯᠥᠭᠡᠯᠡᠭᠴᠢ ᠪᠠ ᠶᠠᠫᠤᠨ ᠢ | ᠡᠰᠡᠷᠭᠦᠴᠡᠭᠰᠡᠨ ᠲᠠᠶᠢᠨ ᠳᠤ ᠦᠷᠡᠭᠳᠡᠭᠰᠡᠨ ᠪᠠᠭᠠᠲᠤᠷᠴᠤᠳ ᠤᠨ ᠭᠡᠷ ᠪᠦᠯᠢ ᠶᠢᠨ ᠲᠥᠯᠥᠭᠡᠯᠡᠭᠴᠢ ᠶᠢ ᠲᠢᠶᠠᠨ ᠠᠨ | ᠮᠧᠨ ᠠᠭᠤᠳᠠᠮ ᠲᠠᠯᠠᠪᠠᠢ ᠳᠤ ᠲᠣᠬᠢᠷᠠᠭᠤᠯᠵᠤ ᠶᠣᠰᠣᠯᠠᠯ ᠰᠣᠨᠢᠷᠬᠠᠭᠤᠯᠤᠨ᠎ᠠ᠃ | ᠬᠤᠯᠪᠣᠭᠳᠠᠯ ᠪᠦᠬᠦᠢ ᠤᠯᠤᠰ ᠤᠨ ᠤᠳᠤᠷᠢᠳᠬᠤ ᠬᠥᠮᠥᠰ᠂ ᠵᠠᠰᠠᠭ ᠤᠨ ᠭᠠᠵᠠᠷ ᠤᠨ ᠤᠤᠯ ᠤᠨ ᠴᠢᠬᠤᠯᠠ | ᠲᠤᠰᠢᠶᠠᠯᠲᠠᠳ᠂ ᠳᠡᠭᠡᠳᠦ ᠵᠡᠷᠭᠡ ᠳᠡᠰ ᠲᠠᠢ ᠲᠤᠰᠢᠶᠠᠯᠲᠠᠳ᠂ ᠬᠤᠯᠪᠣᠭᠳᠠᠯ ᠪᠦᠬᠦᠢ ᠣᠯᠠᠨ ᠤᠯᠤᠰ ᠤᠨ ᠵᠣᠬᠢᠶᠠᠨ | ᠪᠠᠶᠢᠭᠤᠯᠤᠯᠲᠠ ᠶᠢᠨ ᠭᠤᠣᠯ ᠬᠠᠷᠢᠭᠤᠴᠠᠯᠭᠠᠲᠠᠳ᠂ ᠳᠤᠮᠳᠠᠳᠤ ᠤᠯᠤᠰ ᠲᠤ ᠰᠠᠭᠤᠭ᠎ᠠ ᠭᠠᠳᠠᠭᠠᠳᠤ ᠶᠢᠨ ᠡᠯᠴᠢᠨ | ᠰᠠᠶᠢᠳ᠂ ᠴᠡᠷᠢᠭ ᠤᠨ ᠲᠤᠰᠢᠶᠠᠯᠲᠠᠨ ᠪᠠ ᠣᠯᠠᠨ ᠤᠯᠤᠰ ᠤᠨ ᠵᠣᠬᠢᠶᠠᠨ ᠪᠠᠶᠢᠭᠤᠯᠤᠯᠲᠠ ᠶᠢᠨ ᠳᠤᠮᠳᠠᠳᠤ ᠤᠯᠤᠰ ᠲᠤ | ᠰᠠᠭᠤᠭ᠎ᠠ ᠲᠥᠯᠥᠭᠡᠯᠡᠭᠴᠢᠳ᠂ ᠶᠠᠫᠤᠨ ᠢ ᠡᠰᠡᠷᠭᠦᠴᠡᠭᠰᠡᠨ ᠳᠤᠮᠳᠠᠳᠤ ᠤᠯᠤᠰ ᠤᠨ ᠳᠠᠶᠢᠨ ᠤ ᠢᠯᠠᠯᠲᠠ ᠣᠯᠬᠤ ᠳᠤ | ᠬᠤᠪᠢ ᠨᠡᠮᠡᠷᠢ ᠦᠵᠡᠭᠦᠯᠦᠭᠰᠡᠨ ᠣᠯᠠᠨ ᠤᠯᠤᠰ ᠤᠨ ᠨᠥᠬᠦᠷᠰᠡᠭ ᠬᠥᠮᠥᠰ ᠪᠤᠶᠤ ᠲᠡᠳᠡᠭᠡᠷ ᠨᠥᠭᠴᠢᠭᠰᠡᠳ ᠤᠨ ᠭᠡᠷ | ᠪᠦᠯᠢ ᠶᠢᠨ ᠲᠥᠯᠥᠭᠡᠯᠡᠭᠴᠢ ᠶᠢ ᠳᠤᠷᠠᠰᠬᠠᠬᠤ ᠠᠵᠢᠯᠯᠠᠭᠠᠨ ᠳᠤ ᠤᠷᠢᠬᠤ ᠪᠣᠯᠣᠨ᠎ᠠ᠃ | ᠡᠨᠡ ᠤᠳᠠᠭ᠎ᠠ ᠶᠢᠨ ᠴᠡᠷᠢᠭ ᠤᠨ ᠵᠢᠭᠰᠠᠭᠠᠯ ᠰᠢᠯᠭᠠᠨ ᠦᠵᠡᠬᠦ ᠶᠣᠰᠣᠯᠠᠯ ᠳᠤ ᠶᠠᠫᠤᠨ ᠢ ᠡᠰᠡᠷᠭᠦᠴᠡᠭᠰᠡᠨ | ᠳᠤᠮᠳᠠᠳᠤ ᠤᠯᠤᠰ ᠤᠨ ᠲᠠᠶᠢᠨ ᠤ ᠢᠯᠠᠯᠲᠠ ᠣᠯᠬᠤ ᠳᠤ ᠬᠤᠪᠢ ᠨᠡᠮᠡᠷᠢ ᠦᠵᠡᠭᠦᠯᠦᠭᠰᠡᠨ ᠤᠯᠠᠨ ᠤᠯᠤᠰ ᠤᠨ | ᠨᠥᠬᠦᠷᠰᠡᠭ ᠬᠥᠮᠥᠰ ᠪᠤᠶᠤ ᠲᠡᠳᠡᠭᠡᠷ ᠨᠥᠭᠴᠢᠭᠰᠡᠳ ᠤᠨ ᠭᠡᠷ ᠪᠦᠯᠢ ᠶᠢᠨ ᠲᠥᠯᠥᠭᠡᠯᠡᠭᠴᠢ ᠶᠢ ᠠᠬᠤᠢ ᠲᠠᠯᠠᠪᠠᠢ ᠳᠤ | ᠤᠷᠢᠵᠤ ᠶᠣᠰᠣᠯᠠᠯ ᠰᠣᠨᠢᠷᠬᠠᠭᠤᠯᠤᠨ᠎ᠠ᠃ | ᠡᠨᠡ ᠤᠳᠠᠭ᠎ᠠ ᠶᠢᠨ ᠴᠡᠷᠢᠭ ᠤᠨ ᠵᠢᠭᠰᠠᠭᠠᠯ ᠰᠢᠯᠭᠠᠨ ᠦᠵᠡᠬᠦ ᠶᠣᠰᠣᠯᠠᠯ ᠳᠤ ᠡᠩᠬᠡ ᠲᠠᠶᠢᠪᠤᠩ ᠢ ᠬᠠᠮᠠᠭᠠᠯᠠᠬᠤ | ᠡᠭᠦᠷᠭᠡ ᠶᠢ ᠭᠦᠢᠴᠡᠳᠬᠡᠵᠦ ᠥᠩᠭᠡᠷᠡᠭᠰᠡᠨ ᠴᠡᠷᠢᠭ ᠠᠩᠭᠢ ᠶᠢ ᠲᠣᠬᠢᠷᠠᠭᠤᠯᠵᠤ ᠰᠣᠨᠢᠷᠬᠠᠭᠤᠯᠤᠨ᠎ᠠ᠂ ᠡᠭᠦᠷ ᠢᠶᠠᠷ | ᠳᠠᠮᠵᠢᠭᠤᠯᠵᠤ ᠪᠠᠶᠢᠭᠠᠳ ᠶᠠᠫᠤᠨ ᠢ ᠡᠰᠡᠷᠭᠦᠴᠡᠭᠰᠡᠨ ᠳᠠᠶᠢᠨ ᠤ ᠢᠯᠠᠯᠲᠠ ᠶᠢ ᠦᠪᠡᠳᠡᠭᠰᠢ ᠶᠡᠭᠡ ᠪᠠᠷ ᠳᠤᠷᠠᠰᠬᠠᠬᠤ ᠶᠢ | ᠲᠤᠪᠤᠶᠢᠯᠭᠠᠬᠤ ᠪᠠᠷ ᠪᠠᠷᠠᠬᠤ ᠦᠭᠡᠢ ᠪᠠᠰᠠ ᠮᠠᠨ ᠤ ᠤᠯᠤᠰ ᠤᠯᠠᠨ ᠤᠯᠤᠰ ᠤᠨ ᠡᠭᠦᠷᠭᠡ ᠬᠠᠷᠢᠭᠤᠴᠠᠯᠭ᠎ᠠ ᠶᠢ | ᠭᠦᠢᠴᠡᠳᠬᠡᠵᠦ ᠪᠠᠶᠢᠭ᠎ᠠ ᠪᠠ ᠳᠡᠯᠡᠬᠡᠢ ᠶᠢᠨ ᠡᠩᠬᠡ ᠲᠠᠶᠢᠪᠤᠩ ᠢ ᠬᠠᠮᠠᠭᠠᠯᠠᠬᠤ ᠳᠤ ᠦᠵᠡᠭᠦᠯᠵᠦ ᠪᠠᠶᠢᠭ᠎ᠠ ᠲᠣᠮᠣ | ᠤᠯᠤᠰ ᠤᠨ ᠡᠭᠦᠷᠭᠡᠯᠡᠯ᠂ ᠳᠤᠮᠳᠠᠳᠤ ᠤᠯᠤᠰ ᠤᠨ ᠴᠡᠷᠢᠭ ᠠᠩᠭᠢ ᠪᠣᠯ ᠢᠮᠠᠭᠲᠠ ᠳᠡᠯᠡᠬᠡᠢ ᠶᠢᠨ ᠡᠩᠬᠡ ᠲᠠᠶᠢᠪᠤᠩ ᠢ | ᠬᠠᠮᠠᠭᠠᠯᠠᠬᠤ ᠪᠠᠲᠤ ᠴᠢᠩᠭ᠎ᠠ ᠬᠦᠴᠦᠨ ᠮᠥᠨ ᠭᠡᠳᠡᠭ ᠢ ᠬᠠᠷᠠᠭᠤᠯᠤᠨ᠎ᠠ᠃ | ᠡᠨᠡ ᠤᠳᠠᠭ᠎ᠠ ᠶᠢᠨ ᠴᠡᠷᠢᠭ ᠤᠨ ᠵᠢᠭᠰᠠᠭᠠᠯ ᠰᠢᠯᠭᠠᠨ ᠦᠵᠡᠬᠦ ᠶᠣᠰᠣᠯᠠᠯ ᠳᠤ ᠣᠷᠣᠯᠴᠠᠬᠤ ᠵᠡᠪᠰᠡᠭ | ᠲᠣᠨᠣᠭᠯᠠᠯ ᠨᠢ ᠴᠥᠮ ᠤᠯᠤᠰ ᠲᠤ ᠪᠠᠨ ᠦᠢᠯᠡᠳᠪᠦᠷᠢᠯᠡᠭᠡᠳ ᠬᠡᠷᠡᠭᠯᠡᠵᠦ ᠪᠠᠶᠢᠭ᠎ᠠ ᠭᠤᠣᠯᠯᠠᠨ ᠪᠠᠶᠢᠯᠳᠤᠬᠤ ᠵᠡᠪᠰᠡᠭ | ᠲᠣᠨᠣᠭᠯᠠᠯ ᠪᠣᠯᠣᠨ᠎ᠠ᠂ ᠡᠭᠦᠨ ᠢᠶᠠᠷ ᠮᠠᠨ ᠤ ᠴᠡᠷᠢᠭ ᠤᠨ ᠲᠣᠭᠲᠠᠯᠴᠠᠭ᠎ᠠ ᠲᠠᠢ ᠪᠠᠶᠢᠯᠳᠤᠬᠤ ᠴᠢᠳᠠᠪᠤᠷᠢ᠂ ᠰᠢᠨ᠎ᠡ | ᠬᠦᠷᠢᠶᠡᠨ ᠤ ᠰᠢᠨ᠎ᠡ ᠴᠢᠨᠠᠷ ᠤᠨ ᠪᠠᠶᠢᠯᠳᠤᠬᠤ ᠬᠦᠴᠦᠨ᠂ ᠪᠠᠶᠢᠯᠳᠤᠬᠤ ᠪᠣᠳᠣᠯᠭ᠎ᠠ ᠶᠢᠨ ᠰᠦᠷᠳᠡᠭᠦᠯᠦᠯ ᠪᠣᠯᠬᠤ | ᠪᠣᠳᠠᠲᠤ ᠬᠦᠴᠦᠨ ᠢ ᠬᠠᠷᠠᠭᠤᠯᠵᠤ᠂ ᠮᠠᠨ ᠤ ᠤᠯᠤᠰ ᠤᠨ ᠵᠡᠪᠰᠡᠭ ᠲᠣᠨᠣᠭᠯᠠᠯ ᠤᠨ ᠪᠡᠶ᠎ᠡ ᠪᠠᠨ ᠳᠠᠭᠠᠭᠠᠭᠰᠠᠨ ᠰᠢᠨ᠎ᠡ | ᠡᠭᠦᠳᠦᠯᠲᠡ ᠶᠢᠨ ᠴᠢᠳᠠᠪᠤᠷᠢ ᠶᠢ ᠲᠥᠪᠯᠡᠷᠡᠩᠭᠦᠢ ᠢᠯᠡᠷᠡᠭᠦᠯᠬᠦ ᠪᠣᠯᠣᠨ᠎ᠠ᠃ ᠡᠳᠡᠭᠡᠷ ᠨᠢ ᠲᠣᠭᠲᠠᠯᠴᠠᠭ᠎ᠠ ᠪᠦᠷᠢᠯᠳᠦᠭᠰᠡᠨ᠂ | ᠬᠦᠴᠦᠨ ᠵᠦᠢᠯ ᠪᠦᠷᠢᠨ᠂ ᠪᠣᠳᠠᠲᠤ ᠪᠠᠶᠢᠯᠳᠤᠭᠠᠨ ᠳᠤ ᠬᠡᠷᠡᠭᠵᠢᠭᠦᠯᠦᠭᠳᠡᠭᠰᠡᠨ ᠵᠡᠷᠭᠡ ᠭᠤᠣᠯ ᠣᠨᠴᠠᠯᠢᠭ ᠲᠠᠢ ᠶᠤᠮ᠃ | ᠡᠨᠡ ᠤᠳᠠᠭ᠎ᠠ ᠶᠢᠨ ᠴᠡᠷᠢᠭ ᠤᠨ ᠵᠢᠭᠰᠠᠭᠠᠯ ᠰᠢᠯᠭᠠᠨ ᠦᠵᠡᠬᠦ ᠠᠵᠢᠯᠯᠠᠭ᠎ᠠ ᠳᠤ ᠡᠷᠦᠬᠡ ᠶᠢᠨ ᠴᠡᠷᠢᠭ ᠤᠨ | ᠵᠢᠭᠰᠠᠭᠠᠯᠲᠤ ᠡᠩᠨᠡᠭᠡ ᠶᠢ ᠲᠣᠬᠢᠷᠠᠭᠤᠯᠪᠠ᠂ ᠶᠠᠫᠤᠨ ᠢ ᠡᠰᠡᠷᠭᠦᠴᠡᠭᠰᠡᠨ ᠳᠠᠶᠢᠨ ᠤ ᠢᠯᠠᠯᠲᠠ ᠶᠢ ᠳᠤᠷᠠᠰᠬᠠᠬᠤ ᠪᠠᠷ | ᠭᠤᠣᠯ ᠰᠡᠳᠦᠪ ᠪᠣᠯᠭᠠᠭᠰᠠᠨ ᠴᠡᠷᠢᠭ ᠤᠨ ᠵᠢᠭᠰᠠᠭᠠᠯ ᠰᠢᠯᠭᠠᠨ ᠦᠵᠡᠬᠦ ᠶᠣᠰᠣᠯᠠᠯ ᠳᠤ ᠡᠷᠦᠬᠡ ᠶᠢᠨ ᠴᠡᠷᠢᠭ ᠠᠩᠬ᠎ᠠ | ᠤᠳᠠᠭ᠎ᠠ ᠣᠷᠣᠯᠴᠠᠬᠤ ᠭᠡᠵᠦ ᠪᠠᠶᠢᠭ᠎ᠠ ᠶᠤᠮ᠃ |