ᠰᠢ ᠶᠢᠨ ᠫᠢᠩ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠶᠢ ᠰᠠᠨᠠᠭᠠᠰᠢᠷᠠᠵᠤ ᠪᠠᠶᠢᠨᠠᠮ
ᠨᠡᠶᠢᠲᠡᠯᠡᠭᠰᠡᠨ ᠴᠠᠭ᠄
2025/6/25
   ᠴᠥᠯᠡᠷᠬᠡᠭᠵᠢᠯ ᠪᠣᠯ ᠬᠥᠮᠥᠨ ᠲᠥᠷᠥᠯᠬᠢᠲᠡᠨ ᠤ ᠣᠷᠣᠰᠢᠨ ᠲᠣᠭᠲᠠᠨᠢᠯ ᠪᠠ ᠬᠥᠭᠵᠢᠯᠲᠡ ᠶᠢ ᠨᠥᠯᠥᠭᠡᠯᠡᠬᠦ ᠪᠦᠬᠦ ᠪᠥᠮᠪᠥᠷᠴᠡᠭ ᠤᠨ ᠴᠢᠨᠠᠷᠲᠠᠢ ᠠᠮᠢ ᠠᠬᠤᠢ ᠶᠢᠨ ᠴᠢᠬᠤᠯᠠ ᠶᠡᠭᠡ ᠠᠰᠠᠭᠤᠳᠠᠯ ᠪᠣᠯᠣᠨ᠎ᠠ᠃ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠣᠯ ᠴᠥᠯᠡᠷᠬᠡᠭᠵᠢᠯ ᠢ ᠰᠡᠷᠭᠡᠶᠢᠯᠡᠨ ᠵᠠᠰᠠᠬᠤ ᠶᠢᠨ ᠭᠤᠣᠯ ᠡᠭᠦᠷᠭᠡ ᠮᠥᠷᠲᠡᠭᠡᠨ ᠶᠡᠷᠦᠩᠬᠡᠢ ᠱᠦᠵᠢ ᠰᠢ ᠶᠢᠨ ᠫᠢᠩ ᠤᠨ ᠭᠦᠨ ᠰᠠᠨᠠᠭᠠᠰᠢᠷᠠᠵᠤ ᠪᠠᠶᠢᠭ᠎ᠠ ᠶᠠᠪᠤᠳᠠᠯ ᠪᠣᠯᠣᠨ᠎ᠠ᠃ ᠲᠡᠷᠡ ᠥᠪᠥᠷ ᠮᠣᠩᠭᠤᠯ᠂ ᠭᠠᠨᠰᠤ᠂ ᠾᠧᠪᠧᠢ ᠵᠡᠷᠭᠡ ᠭᠠᠵᠠᠷ ᠲᠤ ᠣᠯᠠᠨᠲᠠ ᠬᠦᠷᠴᠦ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠠᠵᠢᠯ ᠳᠤ ᠰᠢᠨᠵᠢᠯᠡᠨ ᠪᠠᠶᠢᠴᠠᠭᠠᠯᠲᠠ ᠬᠢᠭᠰᠡᠨ ᠪᠥᠭᠡᠳ ᠨᠡᠶᠢᠰᠯᠡᠯ ᠤᠨ ᠠᠯᠪᠠᠨ ᠵᠢᠷᠤᠮ ᠤᠨ ᠮᠣᠳᠣ ᠲᠠᠷᠢᠬᠤ ᠠᠵᠢᠯ ᠳᠤ ᠲᠦᠷᠦᠭᠦᠯᠡᠨ ᠣᠷᠣᠯᠴᠠᠬᠤ ᠶᠢ ᠪᠠᠷᠢᠮᠲᠠᠯᠠᠪᠠ᠃      ᠣᠯᠠᠨ ᠢᠶᠠᠷ ᠢᠶᠠᠨ ᠮᠣᠳᠣ ᠲᠠᠷᠢᠪᠠᠰᠤ ᠣᠢ ᠪᠣᠯᠣᠮᠤᠢ᠃ ᠴᠥᠬᠦᠷᠡᠰᠢ ᠦᠭᠡᠢ ᠴᠢᠷᠮᠠᠶᠢᠯᠭ᠎ᠠ ᠪᠠᠷ ᠳᠠᠮᠵᠢᠭᠠᠳ᠂ ᠮᠠᠨ ᠤ ᠤᠯᠤᠰ ᠤᠨ ᠴᠥᠯᠡᠷᠬᠡᠭᠵᠢᠯ ᠪᠠ ᠭᠠᠵᠠᠷ ᠰᠢᠷᠣᠢ ᠶᠢᠨ ᠡᠯᠡᠰᠦᠵᠢᠯ ︽ᠬᠤᠣᠰ ᠪᠠᠭᠠᠰᠤᠯᠲᠠ︾ ᠶᠢ ᠪᠡᠶᠡᠯᠡᠭᠦᠯᠵᠦ᠂ ᠰᠠᠯᠬᠢ ᠡᠯᠡᠰᠦᠨ ᠤ ᠬᠥᠨᠥᠭᠡᠯ ᠪᠠ ᠬᠥᠷᠥᠰᠥ ᠰᠢᠷᠣᠢ ᠶᠢᠨ ᠢᠳᠡᠭᠳᠡᠯ ᠢ ᠪᠦᠲᠦᠮᠵᠢᠲᠡᠶ ᠪᠠᠷ ᠬᠤᠷᠢᠭᠯᠠᠪᠠ᠃ ᠡᠬᠡ ᠭᠠᠵᠠᠷ ᠨᠣᠭᠤᠭᠠᠷᠠᠵᠤ᠂ ᠬᠦᠰᠡᠯ ᠡᠷᠡᠮᠡᠯᠵᠡᠯ ᠢᠶᠠᠷ ᠪᠢᠯᠬᠠᠵᠤ᠂ ᠬᠥᠮᠥᠨ ᠪᠠ ᠪᠠᠶᠢᠭᠠᠯᠢ ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ ᠣᠳᠣᠬᠢᠴᠢᠯᠠᠯᠲᠠ ᠶᠢᠨ ᠠᠯᠬᠤᠭ᠎ᠠ ᠢᠳᠡᠷᠡᠭᠦᠨ ᠪᠠᠶᠢᠨ᠎ᠠ᠃
 
ᠢᠷᠡᠯᠲᠡ᠄ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号