ᠪᠠᠷᠠᠭᠤᠨ ᠦᠵᠦᠮᠦᠴᠢᠨ ᠬᠤᠰᠢᠭᠤᠨ ᠤ 2025 ᠣᠨ ᠤ ︽ᠠᠶᠤᠯᠭᠦᠢ ᠦᠢᠯᠡᠳᠪᠦᠷᠢᠯᠡᠯ ᠤᠨ ᠰᠠᠷ᠎ᠠ︾ ᠶᠢᠨ ᠠᠵᠢᠯᠯᠠᠭ᠎ᠠ ᠡᠬᠢᠯᠡᠯ᠎ᠡ
ᠨᠡᠶᠢᠲᠡᠯᠡᠭᠰᠡᠨ ᠴᠠᠭ᠄
2025/6/3
     5 ᠰᠠᠷ᠎ᠠ ᠶᠢᠨ 28 ᠤ ᠡᠳᠦᠷ᠂ ᠪᠠᠷᠠᠭᠤᠨ ᠦᠵᠦᠮᠦᠴᠢᠨ ᠬᠤᠰᠢᠭᠤ ︽ᠬᠥᠮᠥᠨ ᠪᠣᠯᠭᠠᠨ ᠠᠮᠤᠷ ᠲᠦᠪᠰᠢᠨ  ᠢ ᠡᠷᠬᠢᠮᠯᠡᠵᠦ᠂ ᠬᠦᠮᠦᠨ ᠪᠤᠯᠭᠠᠨ ᠪᠠᠴᠢᠮ ᠪᠠᠶᠢᠳᠠᠯ ᠢ ᠠᠷᠭᠠᠴᠠᠵᠤ ᠴᠢᠳᠠᠨ᠎ᠠ ︱ ᠳᠡᠷᠭᠡᠳᠡᠬᠢ ᠭᠠᠢ ᠭᠠᠮᠰᠢᠭ ᠤᠨ ᠬᠡᠮ ᠰᠣᠭᠤᠭ ᠢ ᠪᠠᠶᠢᠴᠠᠭᠠᠶ᠎ᠠ︾ ᠭᠡᠬᠦ ᠭᠤᠣᠯ ᠰᠡᠳᠦᠪ ᠢᠶᠠᠷ 2025 ᠣᠨ ᠤ ︽ᠠᠶᠤᠯᠭᠦᠢ ᠦᠢᠯᠡᠳᠪᠦᠷᠢᠯᠡᠯ ᠤᠨ ᠰᠠᠷ᠎ᠠ︾ ᠶᠢᠨ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠢ ᠶᠠᠪᠤᠭᠳᠠᠭᠤᠯᠪᠠ᠃     ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠲᠡᠳ᠋ ᠳᠠᠷᠤᠭ᠎ᠠ ᠶᠣᠣ ᠬᠠᠢ ᠰᠢᠶᠠ ᠶᠠᠷᠢᠶ᠎ᠠ ᠲᠠᠯᠪᠢᠵᠦ᠂ ᠠᠵᠢᠯᠯᠠᠭ᠎ᠠ ᠵᠢᠩᠬᠢᠨᠢ ᠪᠠᠷ ᠡᠬᠢᠯᠡᠭᠰᠡᠨ ᠢ ᠵᠠᠷᠯᠠᠵᠤ᠂ ᠠᠶᠤᠯᠭᠦᠢ ᠦᠢᠯᠡᠳᠪᠦᠷᠢᠯᠡᠯ ᠪᠣᠯ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠪᠣᠯᠣᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠡᠭᠡ ᠲᠠᠯ᠎ᠠ ᠳᠤ ᠬᠤᠯᠪᠣᠭᠳᠠᠨ᠎ᠠ᠃ ᠡᠯ᠎ᠡ ᠰᠠᠯᠠᠭ᠎ᠠ ᠮᠥᠴᠢᠷ ᠪᠠ ᠠᠵᠤ ᠠᠬᠤᠶᠢᠯᠠᠯ ᠨᠢ ᠡᠷᠬᠡᠪᠰᠢ ᠤᠯᠤᠰ ᠲᠦᠷᠦ ᠶᠢ ᠡᠷᠬᠢᠮᠯᠡᠬᠦ᠂ ᠶᠡᠭᠡ ᠲᠠᠯ᠎ᠠ ᠶᠢ ᠬᠠᠷᠠᠭᠠᠯᠵᠠᠬᠤ ᠥᠨᠳᠥᠷᠴᠡ ᠠᠴᠠ ᠨᠡᠩ ᠥᠨᠳᠥᠷ ᠪᠠᠷᠢᠮᠵᠢᠶ᠎ᠠ᠂ ᠨᠡᠩ ᠴᠢᠩᠭ᠎ᠠ ᠱᠠᠭᠠᠷᠳᠠᠯᠭ᠎ᠠ᠂ ᠨᠡᠩ ᠪᠣᠳᠠᠲᠠᠢ ᠠᠷᠭ᠎ᠠ ᠬᠡᠮᠵᠢᠶ᠎ᠡ ᠪᠠᠷ ᠠᠶᠤᠯᠭᠦᠢ ᠦᠢᠯᠡᠳᠪᠦᠷᠢᠯᠡᠯ ᠤᠨ ᠠᠵᠢᠯ ᠢ ᠰᠠᠶᠢᠲᠤᠷ ᠠᠳᠬᠤᠵᠤ᠂ ᠪᠦᠭᠦ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠬᠡᠷᠡᠭᠲᠡᠢ ᠭᠡᠵᠦ ᠴᠢᠬᠤᠯᠠᠴᠢᠯᠠᠭᠰᠠᠨ ᠪᠠᠶᠢᠨ᠎ᠠ᠃     ᠡᠬᠢᠯᠡᠯᠲᠡ ᠶᠢᠨ ᠶᠣᠰᠣᠯᠠᠯ ᠳᠤ᠂ ᠠᠵᠤ ᠠᠬᠤᠶᠢᠯᠠᠯ ᠤᠨ ᠲᠥᠯᠥᠭᠡᠯᠡᠭᠴᠢ ᠬᠠᠷᠢᠭᠤ ᠮᠡᠳᠡᠭᠦᠯᠦᠯᠲᠡ ᠬᠢᠵᠦ᠂ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠶᠤᠯᠭᠦᠢ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠵᠤ᠂ ᠠᠶᠤᠯᠭᠦᠢ ᠶᠢᠨ ᠪᠡᠯᠡ ᠣᠷᠣᠭᠤᠯᠤᠯᠲᠠ ᠶᠢ ᠨᠡᠮᠡᠭᠳᠡᠭᠦᠯᠦᠨ᠂ ᠠᠵᠢᠯᠲᠠᠨ ᠤ ᠪᠣᠯᠪᠠᠰᠤᠷᠠᠯ ᠢ ᠭᠦᠨᠵᠡᠭᠡᠶᠢᠷᠡᠭᠦᠯᠵᠦ᠂ ᠪᠥᠬᠦ ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ  ᠲᠣᠭᠲᠠᠭᠤᠨ ᠬᠦᠭᠵᠢᠯᠲᠡ ᠳᠤ ᠦᠷᠭᠦᠯᠵᠢᠯᠡᠨ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠷᠭᠡᠶᠢᠯᠡᠵᠠᠢ᠃ᠠᠵᠢᠯᠯᠠᠭ᠎ᠠ ᠶᠢᠨ ᠠᠬᠤᠢ ᠲᠠᠯᠠᠪᠠᠢ ᠳᠤ᠂ ᠤᠷᠠᠨ ᠰᠠᠶᠢᠬᠠᠨ ᠤ ᠲᠣᠭᠯᠠᠯᠲᠠ ᠪᠣᠯᠣᠨ ᠠᠮᠤᠷ ᠲᠦᠪᠰᠢᠨ ᠤ ᠲᠤᠬᠠᠢ ᠮᠡᠳᠡᠯᠭᠡ ᠶᠢᠨ ᠰᠡᠳᠦᠪ ᠬᠠᠷᠢᠭᠤᠯᠬᠤ ᠬᠦᠳᠡᠯᠭᠡᠭᠡᠨ ᠶᠠᠪᠤᠭᠳᠠᠭᠤᠯᠵᠤ᠂ ᠡᠯᠪᠡᠭ ᠪᠠᠶᠠᠯᠢᠭ ᠣᠯᠠᠨ ᠶᠠᠩᠵᠤ ᠶᠢᠨ ᠠᠮᠤᠷ ᠲᠦᠪᠰᠢᠨ ᠤ ᠮᠡᠳᠡᠯᠭᠡ ᠶᠢᠨ ᠰᠡᠳᠦᠪ ᠨᠢ ᠠᠵᠤ ᠠᠬᠤᠶᠢᠯᠠᠯ ᠤᠨ ᠣᠷᠣᠯᠴᠠᠬᠤ ᠢᠳᠡᠪᠬᠢᠵᠢᠯ ᠢ ᠳᠠᠶᠢᠴᠢᠯᠠᠵᠤ᠂ ᠬᠦᠳᠡᠯᠭᠡᠭᠡᠨ ᠳᠤ ᠤᠷᠤᠯᠴᠠᠭᠰᠠᠳ ᠢᠳᠡᠪᠬᠢᠲᠡᠢ ᠪᠠᠷ ᠰᠡᠳᠦᠪ ᠬᠠᠷᠢᠭᠤᠯᠵᠤ᠂ ᠪᠠᠶᠠᠷ ᠬᠥᠷ ᠲᠠᠢ ᠠᠭᠤᠷ ᠠᠮᠢᠰᠬᠤᠯ  ᠤᠨ ᠳᠤᠮᠳᠠ ᠪᠣᠳᠠᠲᠤ ᠬᠡᠷᠡᠭᠯᠡᠭᠡᠨ ᠤ ᠠᠮᠤᠷ ᠲᠦᠪᠰᠢᠨ ᠤ ᠲᠤᠬᠠᠢ ᠮᠡᠳᠡᠯᠭᠡ ᠶᠢ ᠰᠤᠷᠤᠯᠴᠠᠵᠤ᠂ ᠠᠮᠤᠷ ᠲᠦᠪᠰᠢᠨ  ᠤ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ ᠠᠵᠢᠯᠯᠠᠭ᠎ᠠ ᠳᠤ ᠪᠠᠰᠠ ᠭᠠᠷ ᠤᠨ ᠦᠰᠦᠭ ᠵᠢᠷᠤᠬᠤ ᠰᠠᠮᠪᠠᠷ᠎ᠠ ᠲᠠᠯᠪᠢᠵᠤ᠂ ᠬᠤᠷᠠᠯ ᠳᠤ ᠣᠷᠣᠯᠴᠠᠭᠰᠠᠳ ᠲᠥᠪ ᠴᠢᠩᠭ᠎ᠠ ᠪᠠᠷ ᠭᠠᠷ ᠤᠨ ᠦᠰᠦᠭ ᠵᠢᠷᠤᠵᠤ᠂ ᠪᠣᠳᠠᠲᠠᠢ ᠠᠵᠢᠯᠯᠠᠭ᠎ᠠ ᠪᠠᠷ ᠢᠶᠠᠨ ᠠᠶᠤᠯᠭᠦᠢ ᠦᠢᠯᠡᠳᠪᠦᠷᠢᠯᠡᠯ ᠢ ᠪᠠᠳᠤᠯᠠᠬᠤ ᠡᠷᠡᠰ ᠪᠠᠲᠤ ᠠᠮᠠᠯᠠᠯᠲᠠ ᠪᠠᠨ ᠢᠯᠡᠳᠬᠡᠵᠡᠢ᠃ ᠡᠭᠦᠨ ᠤ ᠵᠡᠷᠭᠡᠪᠡᠷ᠂ ᠠᠵᠢᠯᠲᠠᠳ ᠠᠶᠤᠯᠭᠦᠢ ᠦᠢᠯᠡᠳᠪᠦᠷᠢᠯᠡᠯ ᠤᠨ ᠤᠬᠠᠭᠤᠯᠭ᠎ᠠ ᠶᠢᠨ ᠭᠠᠷ ᠳᠡᠪᠲᠡᠷ ᠢ ᠤᠯᠠᠨ ᠳᠤ ᠲᠠᠷᠬᠠᠭᠠᠵᠤ᠂ ᠤᠯᠠᠨ ᠲᠦᠮᠡᠨ ᠤ ᠠᠶᠤᠯᠭᠦᠢ ᠦᠢᠯᠡᠳᠪᠦᠷᠢᠯᠡᠯ ᠤᠨ ᠶᠡᠷᠦ ᠶᠢᠨ ᠮᠡᠳᠡᠯᠭᠡ ᠶᠢ ᠨᠡᠩ ᠰᠠᠶᠢᠲᠤᠷ ᠡᠵᠡᠮᠰᠢᠬᠦ ᠶᠢ ᠪᠠᠲᠤᠳᠬᠠᠭᠰᠠᠨ ᠪᠠᠶᠢᠨ᠎ᠠ᠃     ᠠᠵᠢᠯᠯᠠᠭ᠎ᠠ ᠶᠢᠨ ᠡᠴᠦᠰ ᠲᠤ᠂ ᠣᠶ ᠰᠢᠭᠤᠢ ᠶᠢᠨ ᠭᠠᠯ ᠤᠨᠲᠠᠷᠠᠭᠠᠬᠤ ᠪᠠᠭᠠᠵᠢ ᠬᠡᠷᠡᠭᠰᠡᠯ ᠤᠨ ᠳᠡᠯᠭᠡᠨ ᠦᠵᠡᠭᠦᠯᠦᠯᠭᠡ ᠬᠢᠵᠦ᠂ ᠭᠠᠯ ᠤᠨᠲᠠᠷᠠᠭᠠᠭᠴᠢ ᠠᠴᠠ ᠡᠯ᠎ᠡ ᠲᠥᠷᠥᠯ ᠤᠨ ᠭᠠᠯ ᠤᠨᠲᠠᠷᠠᠭᠠᠬᠤ ᠪᠠᠭᠠᠵᠢ ᠬᠡᠷᠡᠭᠰᠡᠯ ᠤᠨ ᠴᠢᠳᠠᠮᠵᠢ ᠪᠠ ᠬᠡᠷᠡᠭᠯᠡᠬᠦ ᠠᠷᠭ᠎ᠠ ᠶᠢ ᠨᠠᠷᠢᠨ ᠲᠠᠶᠢᠯᠪᠤᠷᠢᠯᠠᠵᠤ᠂ ᠬᠥᠮᠥᠰ ᠲᠤ ᠣᠶ ᠰᠢᠭᠤᠢ ᠶᠢᠨ ᠭᠠᠯ ᠤᠨᠲᠠᠷᠠᠭᠠᠬᠤ ᠠᠵᠢᠯ ᠤᠨ ᠲᠤᠬᠠᠢ ᠨᠠᠩ ᠰᠢᠭᠤᠳ᠂ ᠨᠠᠩ ᠭᠦᠨᠵᠡᠭᠡᠢ ᠲᠠᠨᠢᠯᠲᠠ ᠲᠠᠢ ᠪᠣᠯᠭᠠᠵᠠᠢ᠃     ᠲᠠᠷᠠᠭᠠᠴᠢ ᠶᠢᠨ ᠠᠯᠬᠤᠮ ᠳᠤ᠂ ᠪᠠᠷᠠᠭᠤᠨ ᠦᠵᠦᠮᠦᠴᠢᠨ ᠬᠤᠰᠢᠭᠤ ︽ᠠᠶᠤᠯᠭᠦᠢ ᠦᠢᠯᠡᠳᠪᠦᠷᠢᠯᠡᠯ ᠤᠨ ᠰᠠᠷ᠎ᠠ︾ ᠶᠢᠨ ᠠᠵᠢᠯᠯᠠᠭ᠎ᠠ ᠶᠢᠨ ᠭᠤᠣᠯ ᠰᠡᠳᠦᠪ ᠤᠨ ᠲᠣᠭᠤᠷᠢᠨ ᠳᠤ᠂ ᠣᠯᠠᠨ ᠠᠷᠭ᠎ᠠ ᠬᠡᠯᠪᠡᠷᠢ ᠪᠠᠷ ᠡᠯᠪᠡᠭ ᠪᠠᠶᠠᠯᠢᠭ ᠠᠭᠤᠯᠭ᠎ᠠ ᠲᠠᠢ ᠠᠶᠤᠯᠭᠦᠢ ᠦᠢᠯᠡᠳᠪᠦᠷᠢᠯᠡᠯ ᠤᠨ ᠤᠬᠠᠭᠤᠯᠭ᠎ᠠ ᠬᠥᠮᠦᠵᠢᠯ ᠪᠠ ᠦᠢᠯᠡᠳᠦᠯᠭᠡ ᠶᠢᠨ ᠠᠵᠢᠯᠯᠠᠭ᠎ᠠ ᠶᠢ ᠥᠷᠨᠢᠭᠦᠯᠵᠦ᠂ ᠪᠥᠬᠦ ᠨᠡᠶᠢᠭᠡᠮ ᠤᠨ ᠠᠮᠤᠷ ᠲᠦᠪᠰᠢᠨ ᠤ ᠤᠬᠠᠮᠰᠠᠷ ᠪᠠ ᠪᠠᠴᠢᠮ ᠪᠠᠶᠢᠳᠠᠯ ᠢ ᠠᠷᠭᠠᠴᠠᠬᠤ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠠᠮᠤᠷ ᠲᠦᠪᠰᠢᠨ ᠲᠣᠭᠲᠠᠭᠤᠨ ᠣᠷᠴᠢᠨ ᠲᠣᠭᠤᠷᠢᠨ ᠢ ᠪᠣᠶ  ᠪᠣᠯᠭᠠᠬᠤ ᠪᠣᠯᠣᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠣᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号