ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠷᠠᠭᠤᠨ ᠦᠵᠦᠮᠦᠴᠢᠨ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ 119 ᠳ᠋ᠦ᠋ᠭᠡᠷ ᠤᠳᠠᠭᠠᠨ ᠤ ᠪᠠᠶᠢᠩᠭᠤ ᠵᠢᠨ‌ᠬᠤᠷᠢᠶᠠᠨ ᠤ ᠬᠤᠷᠠᠯ ᠵᠢᠴᠢ ᠬᠤᠰᠢᠭᠤ ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠲᠠ ᠵᠢᠨ‌ᠠᠵᠢᠯ ᠤᠨ ᠤᠳᠤᠷᠢᠳᠬᠤ ᠳᠤᠭᠤᠶᠢᠯᠠᠩ ᠤᠨ 2025 ᠣᠨ ᠤ 2 ᠳ᠋ᠤᠭᠠᠷ ᠤᠳᠠᠭᠠᠨ ᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/6/3
    5 ᠰᠠᠷ᠎ᠠ ᠶᠢᠨ 29 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠪᠦᠦ ᠯᠢᠨ ᠠᠷᠪᠠᠨ ᠭᠤᠷᠪᠠᠳᠤᠭᠠᠷ ᠬᠤᠭᠤᠴᠠᠭᠠᠨ ᠤ ᠬᠤᠰᠢᠭᠤ ᠨᠠᠮ ᠤᠨ ᠬᠤᠷᠢᠶᠠᠨ ᠤ 119 ᠳ᠋ᠦ᠋ᠭᠡᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠵᠢᠴᠢ ᠬᠤᠰᠢᠭᠤ ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ 2025 ᠣᠨ ᠤ 2 ᠳ᠋ᠤᠭᠠᠷ ᠤᠳᠠᠭᠠᠨ ᠤ ᠬᠤᠷᠠᠯ ᠢ ᠡᠷᠭᠢᠯᠡᠨ ᠬᠤᠷᠠᠯᠳᠤᠭᠤᠯᠪᠠ᠃ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶᠠᠨ ᠤ ᠬᠠᠮᠢᠶ᠎ᠠ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠥᠬᠦ ᠬᠤᠰᠢᠭᠤᠨ ᠤ ᠲᠥᠪ ᠬᠤᠷᠢᠶᠠᠨ ᠤ ᠨᠠᠢᠮᠠᠨ ᠵᠦᠢᠯ ᠤᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠬᠤ ᠰᠤᠷᠤᠯᠴᠠᠯᠭ᠎ᠠ ᠬᠥᠮᠦᠵᠢᠯ ᠤᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠤᠰᠢᠭᠤ ᠨᠠᠮ ᠤᠨ ᠬᠤᠷᠢᠶᠠᠨ ᠠᠴᠠ ᠲᠥᠪ ᠤᠨ ᠨᠠᠢᠮᠠᠨ ᠵᠦᠢᠯ ᠤᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠬᠤ ᠰᠤᠷᠤᠯᠴᠠᠯᠭ᠎ᠠ ᠬᠥᠮᠦᠵᠢᠯ ᠤᠨ ᠬᠢᠨᠠᠨ ᠵᠢᠯᠤᠭᠤᠳᠬᠤ ᠳᠤᠭᠤᠶᠢᠯᠠᠩ ᠢ ᠲᠣᠮᠢᠯᠠᠬᠤ ᠶᠠᠪᠤᠳᠠᠯ ᠢ ᠬᠢᠨᠠᠨ ᠵᠥᠪᠯᠡᠵᠦ ᠪᠠᠲᠤᠯᠠᠪᠠ᠃ ᠠᠶᠢᠮᠠᠭ ᠤᠨ ᠨᠠᠮ ᠤᠨ ᠬᠤᠷᠢᠶᠠᠨ ᠤ ᠲᠥᠪ ᠤᠨ ᠨᠠᠢᠮᠠᠨ ᠵᠦᠢᠯ ᠤᠨ ᠲᠣᠭᠲᠠᠭᠠᠯ ᠤᠨ ᠵᠣᠷᠢᠭ ᠰᠠᠨᠠᠭ᠎ᠠ  ᠶᠢ ᠭᠦᠨᠵᠡᠭᠡᠢ ᠲᠤᠤᠱᠯᠠᠭᠤᠯᠬᠤ ᠰᠤᠷᠤᠯᠴᠠᠯᠭ᠎ᠠ ᠬᠥᠮᠦᠵᠢᠯ ᠤᠨ ᠨᠢᠭᠡᠳᠦᠭᠡᠷ ᠬᠢᠨᠠᠨ ᠵᠢᠯᠤᠭᠤᠳᠬᠤ ᠳᠤᠭᠤᠶᠢᠯᠠᠩ ᠤᠨ ᠳᠠᠷᠤᠭ᠎ᠠ ᠸᠠᠩ ᠢᠦᠢ ᠴᠢ ᠨᠠᠷ ᠬᠤᠷᠠᠯ ᠳᠤ ᠵᠢᠭᠠᠨ ᠵᠢᠯᠣᠭᠤᠳᠤᠯᠭ᠎ᠠ ᠬᠢᠪᠡ᠃      ᠬᠤᠷᠠᠯ ᠠᠴᠠ ᠱᠠᠭᠠᠷᠳᠠᠭᠰᠠᠨ ᠨᠢ᠂ ᠪᠥᠬᠦ ᠬᠤᠰᠢᠭᠤᠨ ᠤ ᠡᠯ᠎ᠡ ᠱᠠᠲᠤᠨ ᠤ ᠬᠢᠨ ᠳᠡᠭᠡᠳᠦ ᠱᠠᠲᠤᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠰᠤᠷᠤᠯᠴᠠᠯᠭ᠎ᠠ ᠶᠢᠨ ᠶᠠᠰᠤ ᠴᠢᠨᠠᠷ ᠢᠶᠠᠨ ᠦᠷᠭᠦᠯᠵᠢᠯᠡᠨ ᠳᠡᠭᠡᠭᠰᠢᠯᠡᠭᠦᠯᠵᠦ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠰᠤᠷᠤᠯᠴᠠᠯᠭ᠎ᠠ ᠶᠢ ᠢᠮᠠᠭᠲᠠ ᠰᠤᠷᠤᠯᠴᠠᠯᠭ᠎ᠠ ᠬᠥᠮᠦᠵᠢᠯ ᠤᠨ ᠪᠥᠬᠦ ᠶᠠᠪᠤᠴᠠ᠂ ᠡᠯ᠎ᠡ ᠭᠤᠭᠴᠤᠭ᠎ᠠ ᠳᠤ ᠲᠤᠤᠱᠯᠠᠭᠤᠯᠬᠤ ᠬᠡᠷᠡᠭᠲᠡᠢ᠃ ᠵᠠᠯᠠᠭᠤ ᠺᠠᠳ᠋ᠷ᠂ ᠰᠢᠨ᠎ᠡ ᠪᠠᠷ ᠳᠡᠪᠰᠢᠭᠦᠯᠦᠭᠰᠡᠨ ᠺᠠᠳ᠋ᠷ᠂ ᠵᠠᠩᠭᠢᠯᠠᠭ᠎ᠠ  ᠶᠢᠨ ᠠᠵᠢᠯ ᠤᠨ ᠪᠠᠶᠢᠷᠢ ᠶᠢᠨ ᠺᠠᠳ᠋ᠷ ᠤᠨ ᠰᠤᠷᠤᠯᠴᠠᠯᠭ᠎ᠠ ᠬᠥᠮᠦᠵᠢᠯ ᠢ ᠲᠣᠪᠤᠶᠢᠯᠭᠠᠨ ᠰᠠᠶᠢᠲᠤᠷ ᠠᠳᠬᠤᠵᠤ᠂ ᠬᠡᠷᠡᠭ  ᠤᠨ ᠵᠢᠱᠢᠶ᠎ᠡ ᠪᠠᠷ ᠰᠤᠷᠤᠯᠴᠠᠯᠭ᠎ᠠ ᠶᠢ ᠠᠬᠢᠭᠤᠯᠬᠤ᠂ ᠬᠡᠷᠡᠭ ᠤᠨ ᠵᠢᠱᠢᠶ᠎ᠡ ᠪᠠᠷ ᠥᠭᠡᠷᠡᠴᠢᠯᠡᠯᠲᠡ ᠶᠢ ᠠᠬᠢᠭᠤᠯᠬᠤ ᠶᠢ ᠰᠠᠶᠢᠲᠤᠷ ᠠᠳᠬᠤᠵᠤ᠂ ᠰᠡᠷᠡᠮᠵᠢᠯᠡᠭᠦᠯᠬᠦ ᠬᠥᠮᠦᠵᠢᠯ ᠤᠨ ᠬᠤᠷᠠᠯ ᠢ ᠰᠠᠶᠢᠲᠤᠷ ᠬᠤᠷᠠᠯᠳᠤᠭᠤᠯᠬᠤ ᠬᠡᠷᠡᠭᠲᠡᠢ᠃ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠡᠭᠦᠷᠭᠡ ᠲᠠᠢ ᠨᠢᠭᠲᠠ ᠤᠶᠠᠯᠳᠤᠭᠤᠯᠵᠤ᠂ ᠰᠠᠯᠠᠭ᠎ᠠ ᠮᠥᠴᠢᠷ ᠨᠢᠭᠡᠴᠡ ᠶᠢᠨ ᠰᠤᠷᠲᠠᠯ ᠤᠨ ᠪᠠᠶᠢᠭᠤᠯᠤᠯᠲᠠ ᠶᠢ ᠠᠳᠬᠤᠬᠤ ᠪᠣᠳᠠᠲᠤ ᠦᠢᠯᠡᠳᠦᠯᠭᠡ ᠲᠠᠢ ᠤᠶᠠᠯᠳᠤᠭᠤᠯᠤᠨ᠂ ᠦᠷᠭᠦᠯᠵᠢᠯᠡᠨ ᠭᠦᠨᠵᠡᠭᠡᠢ ᠰᠤᠳᠤᠯᠵᠤ᠂ ᠴᠠᠭ ᠲᠤᠬᠠᠢ ᠳᠤᠨᠢ ᠲᠠᠭᠠᠨ ᠰᠤᠷᠤᠯᠴᠠᠵᠤ᠂ ᠲᠥᠪ ᠤᠨ ᠨᠠᠢᠮᠠᠨ ᠵᠦᠢᠯ ᠤᠨ ᠲᠣᠭᠲᠠᠭᠠᠯ  ᠤᠨ ᠵᠣᠷᠢᠭ ᠰᠠᠨᠠᠭ᠎ᠠ ᠶᠢ ᠲᠤᠤᠱᠯᠠᠭᠤᠯᠬᠤ ᠦᠵᠡᠯ ᠰᠠᠨᠠᠭᠠᠨ ᠤ ᠰᠠᠭᠤᠷᠢ ᠶᠢ ᠲᠠᠰᠤᠷᠠᠯᠳᠡ ᠦᠭᠡᠢ ᠪᠠᠲᠤᠳᠬᠠᠬᠤ ᠬᠡᠷᠡᠭᠲᠡᠢ ᠭᠡᠵᠡᠢ᠃     ᠬᠤᠷᠠᠯ ᠠᠴᠠ ᠱᠠᠭᠠᠷᠳᠠᠭᠰᠠᠨ ᠨᠢ᠂ ᠡᠯ᠎ᠡ ᠱᠠᠲᠤᠨ ᠤ ᠤᠳᠤᠷᠢᠳᠬᠤ ᠺᠠᠳ᠋ᠷ ᠨᠢ ᠳᠡᠭᠡᠳᠦ ᠱᠠᠲᠤ ᠨᠢ ᠳᠣᠣᠷᠠᠳᠤ ᠱᠠᠲᠤ ᠪᠠᠨ ᠳᠠᠭᠠᠭᠤᠯᠬᠤ ᠶᠢ ᠪᠠᠷᠢᠮᠲᠠᠯᠠᠵᠤ᠂ ︽ᠬᠢᠳᠤᠭ᠎ᠠ ᠶᠢᠨ ᠢᠷ ᠢ ᠳᠣᠲᠣᠭᠰᠢ ᠪᠠᠨ ᠬᠠᠨᠳᠤᠭᠤᠯᠬᠤ︾ ᠰᠥᠰᠥ ᠵᠣᠷᠢᠭ ᠢ ᠪᠠᠳᠠᠷᠠᠭᠤᠯᠵᠤ᠂ ᠪᠠᠶᠢᠴᠠᠭᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠣᠷᠣᠰᠢᠵᠤ ᠪᠠᠶᠢᠭ᠎ᠠ ᠠᠰᠠᠭᠤᠳᠠᠯ ᠢ ᠣᠨᠣᠪᠴᠢᠲᠠᠢ ᠪᠠᠶᠢᠴᠠᠭᠠᠵᠤ᠂ ᠪᠦᠬᠦ ᠲᠠᠯ᠎ᠠ ᠪᠠᠷ ᠲᠤᠤᠱᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ ᠤᠳᠤᠷᠢᠳᠬᠤ ᠪᠠᠭ ᠤᠨ ᠪᠦᠷᠢᠯᠳᠦᠭᠦᠨ ᠨᠢ ᠵᠢᠭᠰᠠᠭᠠᠭᠰᠠᠨ ᠠᠰᠠᠭᠤᠳᠠᠯ ᠳᠤᠮᠳᠠ ᠠᠴᠠ ᠰᠠᠨᠠᠭᠠᠴᠢᠯᠠᠭ᠎ᠠ ᠠᠴᠠ ᠪᠠᠨ ᠲᠠᠨᠢᠨ ᠠᠪᠴᠤ᠂ ᠬᠦᠷᠦᠯᠴᠡᠬᠦ ᠦᠭᠡᠢ ᠲᠠᠯ᠎ᠠ ᠪᠠᠨ ᠡᠷᠢᠬᠦ ᠶᠢᠨ ᠬᠠᠮᠲᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠠ ᠨᠠᠮ ᠤᠨ ᠭᠡᠰᠢᠭᠦᠨ᠂ ᠺᠠᠳ᠋ᠷᠴᠤᠳ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠵᠣᠷᠢᠭ ᠰᠠᠨᠠᠭ᠎ᠠ ᠶᠢ ᠪᠠᠳᠠᠷᠠᠭᠤᠯᠬᠤ ᠶᠢ ᠵᠢᠯᠤᠭᠤᠳᠴᠤ᠂ ᠨᠡᠶᠢᠲᠡᠯᠢᠭ ᠬᠡᠷᠡᠭ ᠤᠨ ᠵᠢᠱᠢᠶ᠎ᠡ ᠲᠠᠢ ᠬᠠᠷᠢᠴᠠᠭᠤᠯᠵᠤ᠂ ᠲᠣᠭᠤᠷᠢᠨ ᠪᠠᠶᠢᠴᠠᠭᠠᠬᠤ᠂ ᠬᠢᠨᠠᠨ ᠪᠤᠳᠤᠵᠤ ᠬᠢᠨᠠᠯᠲᠠ ᠲᠠᠯᠪᠢᠬᠤ ᠵᠡᠷᠭᠡ ᠪᠠᠶᠢᠳᠠᠯ ᠢ ᠨᠢᠭᠡᠳᠦᠯᠲᠡᠢ ᠲᠥᠯᠥᠪᠵᠢᠭᠦᠯᠵᠦ᠂ ᠠᠰᠠᠭᠤᠳᠠᠯ ᠤᠨ ᠨᠠᠷᠢᠨ ᠲᠠᠩᠰᠠ ᠶᠢ ᠬᠥᠳᠡᠯᠦᠩᠭᠦᠢ ᠪᠠᠷ ᠰᠢᠨᠡᠳᠬᠡᠵᠦ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠠᠰᠠᠭᠤᠳᠠᠯ ᠢ ᠪᠠᠶᠢᠴᠠᠭᠠᠨ ᠵᠢᠭᠰᠠᠭᠠᠬᠤ ᠪᠠ ᠴᠡᠭᠴᠡᠯᠡᠨ ᠰᠠᠶᠢᠵᠢᠷᠠᠭᠤᠯᠬᠤ ᠠᠵᠢᠯ ᠢ ᠥᠷᠨᠢᠭᠦᠯᠬᠦ ᠬᠡᠷᠡᠭᠲᠡᠢ ᠭᠡᠵᠡᠢ᠃     ᠬᠤᠷᠠᠯ ᠠᠴᠠ ᠱᠠᠭᠠᠷᠳᠠᠭᠰᠠᠨ ᠨᠢ᠂ ᠲᠥᠪᠯᠡᠷᠡᠭᠦᠯᠦᠨ ᠴᠡᠭᠴᠡᠯᠡᠨ ᠵᠠᠰᠠᠬᠤ ᠶᠢ ᠰᠤᠷᠤᠯᠴᠠᠯᠭ᠎ᠠ ᠬᠥᠮᠦᠵᠢᠯ ᠤᠨ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠣᠯᠭᠠᠵᠤ᠂ ᠲᠣᠪᠣᠶᠢᠮ᠎ᠠ ᠠᠰᠠᠭᠤᠳᠠᠯ ᠢ ᠣᠨᠣᠪᠴᠢᠲᠠᠢ ᠰᠢᠢᠳᠪᠦᠷᠢᠯᠡᠵᠦ᠂ ᠥᠭᠡᠷᠡᠴᠢᠯᠡᠯᠲᠡ ᠶᠢᠨ ᠦᠷ᠎ᠡ ᠪᠦᠲᠦᠮᠵᠢ ᠶᠢ ᠦᠷᠭᠦᠯᠵᠢᠯᠡᠨ ᠥᠷᠭᠡᠳᠬᠡᠬᠦ ᠬᠡᠷᠡᠭᠲᠡᠢ᠃ ᠳᠡᠭᠡᠳᠦ ᠳᠣᠣᠷᠠᠳᠤ ᠱᠠᠲᠤ ᠪᠠᠷ ᠢᠶᠠᠨ ᠬᠤᠯᠪᠤᠭᠠᠯᠠᠨ ᠬᠥᠳᠡᠯᠦᠯᠴᠡᠬᠦ ᠶᠢ ᠪᠠᠷᠢᠮᠲᠠᠯᠠᠵᠤ᠂ ᠨᠢᠭᠡᠳᠦᠯᠲᠡᠢ ᠲᠥᠯᠥᠪᠵᠢᠭᠦᠯᠦᠨ ᠨᠡᠶᠢᠳᠡ ᠳᠤᠨᠢ ᠬᠠᠷᠠᠭᠠᠯᠵᠠᠵᠤ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠵᠤ᠂ ᠲᠥᠪ ᠤᠨ ᠨᠠᠢᠮᠠᠨ ᠵᠦᠢᠯ ᠤᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠬᠤ ᠰᠤᠷᠤᠯᠴᠠᠯᠭ᠎ᠠ ᠬᠥᠮᠦᠵᠢᠯ ᠢ ᠨᠢᠭᠡ ᠴᠣᠭᠴᠠᠵᠢᠭᠤᠯᠤᠨ ᠠᠬᠢᠭᠤᠯᠵᠤ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠣᠨ ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠬᠤ ︽ᠭᠤᠷᠪᠠᠨ ᠵᠦᠢᠯ ᠤᠨ ᠠᠵᠢᠯ︾ ᠢ ᠬᠢᠬᠦ ᠬᠡᠷᠡᠭᠲᠡᠢ᠃ ᠨᠡᠭᠡᠭᠡᠯᠲᠡ ᠲᠠᠢ ᠪᠠᠷ ᠰᠤᠷᠭᠠᠨ ᠬᠦᠮᠦᠵᠢᠭᠦᠯᠬᠦ ᠶᠢ ᠪᠠᠷᠢᠮᠲᠠᠯᠠᠵᠤ᠂ ᠤᠯᠠᠨ ᠲᠦᠮᠡᠨ ᠢ ᠰᠤᠷᠤᠯᠴᠠᠯᠭ᠎ᠠ ᠬᠥᠮᠦᠵᠢᠯ ᠳᠤ ᠣᠷᠣᠯᠴᠠᠭᠤᠯᠤᠨ᠂ ᠤᠯᠠᠨ ᠲᠦᠮᠡᠨ ᠤ ᠬᠢᠨᠠᠯᠲᠠ ᠲᠠᠯᠪᠢᠵᠤ ᠦᠨᠡᠯᠡᠬᠦ ᠶᠢ ᠤᠬᠠᠮᠰᠠᠷ ᠠᠴᠠ ᠪᠠᠨ ᠬᠦᠯᠢᠶᠡᠬᠦ ᠬᠡᠷᠡᠭᠲᠡᠢ᠃ ᠬᠤᠰᠢᠭᠤ ᠨᠠᠮ ᠤᠨ  ᠬᠤᠷᠢᠶᠠᠨ ᠤ ᠰᠤᠷᠤᠯᠴᠠᠯᠭ᠎ᠠ ᠬᠥᠮᠦᠵᠢᠯ ᠤᠨ ᠡᠯ᠎ᠡ ᠬᠢᠨᠠᠨ ᠵᠢᠯᠤᠭᠤᠳᠬᠤ ᠳᠤᠭᠤᠶᠢᠯᠠᠩ ᠨᠢ ᠳᠠᠷᠤᠢ ᠲᠦᠷᠭᠡᠨ ᠭᠦᠨᠵᠡᠭᠡᠶᠢᠷᠡᠵᠦ᠂ ᠡᠭᠦᠷᠭᠡ ᠬᠠᠷᠢᠭᠤᠴᠠᠯᠭ᠎ᠠ ᠪᠠᠨ ᠣᠨᠣᠪᠴᠢᠲᠠᠶ ᠡᠵᠡᠮᠳᠡᠵᠦ᠂ ᠠᠷᠭ᠎ᠠ ᠬᠡᠯᠪᠡᠷᠢ ᠶᠢ ᠴᠢᠬᠤᠯᠠᠴᠢᠯᠠᠨ᠂ ᠨᠠᠷᠢᠯᠢᠭ ᠣᠨᠣᠪᠴᠢᠲᠠᠢ ᠪᠠᠷ ᠬᠢᠨᠠᠨ ᠵᠢᠯᠤᠭᠤᠳᠴᠤ᠂ ᠰᠤᠷᠤᠯᠴᠠᠯᠭ᠎ᠠ ᠬᠥᠮᠦᠵᠢᠯ ᠤᠨ ᠢᠯᠡᠳᠲᠡ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ ᠭᠡᠵᠡᠢ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠣᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号