ᠪᠠᠷᠠᠭᠤᠨ ᠦᠵᠦᠮᠦᠴᠢᠨ ᠬᠤᠰᠢᠭᠤᠨ ᠤ ᠨᠠᠮ ᠤᠨ ᠬᠤᠷᠢᠶᠠᠨ ᠤ ᠣᠨᠣᠯ ᠰᠤᠷᠤᠯᠴᠠᠯᠭ᠎ᠠ ᠶᠢᠨ ᠭᠤᠣᠯᠯᠠᠬᠤ ᠳᠤᠭᠤᠶᠢᠯᠠᠩ 2025 ᠣᠨ ᠤ 8 ᠳ᠋ᠤᠭᠠᠷ ᠤᠳᠠᠭᠠᠨ ᠤ ︵ᠥᠷᠭᠡᠳᠬᠡᠭᠰᠡᠨ︶ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/6/3
    5 ᠰᠠᠷ᠎ᠠ ᠶᠢᠨ 29 ᠤ ᠡᠳᠦᠷ᠂ ᠪᠠᠷᠠᠭᠤᠨ ᠦᠵᠦᠮᠦᠴᠢᠨ ᠬᠤᠰᠢᠭᠤᠨ ᠤ ᠨᠠᠮ ᠤᠨ ᠬᠤᠷᠢᠶᠠᠨ ᠤ ᠣᠨᠣᠯ ᠰᠤᠷᠤᠯᠴᠠᠯᠭ᠎ᠠ ᠶᠢᠨ ᠭᠤᠣᠯᠯᠠᠬᠤ ᠳᠤᠭᠤᠶᠢᠯᠠᠩ 2025 ᠣᠨ ᠤ 8ᠳ᠋ᠤᠭᠠᠷ ᠤᠳᠠᠭᠠᠨ ᠤ ︵ᠥᠷᠭᠡᠳᠬᠡᠭᠰᠡᠨ︶ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠪᠠ᠃ ᠬᠤᠰᠢᠭᠤ ᠨᠠᠮ ᠤᠨ ᠬᠤᠷᠢᠶᠠᠨ ᠤ ᠱᠦᠵᠢ ᠪᠣᠤ ᠯᠢᠨ ᠬᠤᠷᠠᠯ ᠡᠷᠬᠢᠯᠡᠨ ᠶᠠᠷᠢᠶ᠎ᠠ ᠲᠠᠯᠪᠢᠵᠤ᠂ ᠠᠶᠢᠮᠠᠭ ᠤᠨ ᠨᠠᠮ ᠤᠨ ᠬᠤᠷᠢᠶᠠᠨ ᠤ ᠲᠥᠪ ᠤᠨ ᠨᠠᠢᠮᠠᠨ ᠵᠤᠷᠪᠤᠰ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠬᠤ ᠨᠢᠭᠡᠳᠦᠭᠡᠷ ᠬᠢᠨᠠᠨ ᠵᠢᠯᠣᠭᠤᠳᠬᠤ ᠳᠤᠭᠤᠶᠢᠯᠠᠩ ᠤᠨ ᠳᠠᠷᠤᠭ᠎ᠠ ᠸᠠᠩ ᠢᠤᠢ ᠴᠢ ᠨᠠᠷ ᠬᠤᠷᠠᠯ ᠳᠤ ᠣᠷᠣᠯᠴᠠᠵᠤ ᠵᠢᠭᠠᠨ ᠵᠢᠯᠣᠭᠤᠳᠪᠠ᠃     ᠬᠤᠷᠠᠯ ᠨᠢ  ︽ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠡᠰᠢ᠂ ᠲᠥᠪ ᠤᠨ ᠨᠠᠢᠮᠠᠨ ᠵᠤᠷᠪᠤᠰ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠭᠰᠠᠨ ᠦᠷ᠎ᠡ ᠪᠦᠲᠦᠮᠵᠢ ᠪᠠ ᠲᠤᠷᠰᠢᠯᠭ᠎ᠠ︾ ᠵᠢᠴᠢ ︽ᠨᠠᠢᠮᠠᠨ ᠵᠤᠷᠪᠤᠰ ᠲᠣᠭᠲᠠᠭᠠᠯ ᠢᠶᠠᠷ ᠳᠤᠮᠳᠠᠳᠤ ᠤᠯᠤᠰ ᠢ ᠬᠤᠪᠢᠷᠠᠭᠤᠯᠬᠤ︾ ᠵᠡᠷᠭᠡ ᠶᠢ ᠤᠯᠠᠮᠵᠢᠯᠠᠨ ᠰᠤᠷᠤᠯᠴᠠᠵᠤ ᠂ ᠬᠤᠷᠠᠯ ᠳᠤ ᠣᠷᠣᠯᠴᠠᠭᠰᠠᠨ ᠨᠥᠬᠦᠳ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ︽ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢᠬᠢ ᠪᠥᠬᠦ ᠨᠠᠮ ᠤᠨ ᠲᠥᠪ ᠤᠨ ᠨᠠᠢᠮᠠᠨ ᠵᠤᠷᠪᠤᠰ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ ᠣᠯᠤᠭᠰᠠᠨ ᠮᠡᠳᠡᠭᠳᠡᠬᠦᠶᠢᠴᠡ ᠦᠷ᠎ᠡ ᠪᠦᠲᠦᠮᠵᠢ ᠪᠠ ᠬᠤᠷᠠᠮᠳᠤᠭᠤᠯᠤᠭᠰᠠᠨ ᠡᠷᠬᠢᠮ ᠨᠠᠨᠳᠢᠨ ᠲᠤᠷᠰᠢᠯᠭ᠎ᠠ︾ ᠶᠢᠨ ᠲᠣᠭᠤᠷᠢᠨ ᠳᠤ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠵᠠᠢ᠃    ᠪᠣᠤ ᠯᠢᠨ ᠵᠢᠭᠠᠬᠤ ᠳᠠᠭᠠᠨ᠂ ᠰᠤᠷᠤᠯᠴᠠᠯᠭ᠎ᠠ ᠬᠥᠮᠦᠵᠢᠯ ᠡᠬᠢᠯᠡᠭᠰᠡᠨ ᠠᠴᠠ ᠨᠡᠰᠢ᠂ ᠮᠠᠨ ᠤ  ᠬᠤᠰᠢᠭᠤᠨ ᠤ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠨᠢ ᠳᠠᠷᠤᠢ ᠲᠦᠷᠭᠡᠨ ᠬᠥᠳᠡᠯᠦᠯᠴᠡᠵᠦ᠂ ᠨᠠᠷᠢᠨ ᠨᠢᠮᠪᠠᠢ ᠵᠣᠬᠢᠶᠠᠨ ᠪᠠᠶᠢᠭᠤᠯᠵᠤ ᠬᠡᠷᠡᠭᠵᠢᠭᠦᠯᠦᠨ᠂ ᠨᠠᠮ ᠤᠨ ᠭᠡᠰᠢᠭᠦᠨ ᠺᠠᠳ᠋ᠷ ᠰᠤᠷᠤᠯᠴᠠᠬᠤ ᠶᠢᠨ ᠳᠠᠭᠠᠤ ᠪᠠᠶᠢᠴᠠᠭᠠᠨ ᠵᠠᠯᠠᠷᠠᠭᠤᠯᠵᠤ᠂ ᠰᠤᠷᠤᠯᠴᠠᠯᠭ᠎ᠠ ᠬᠥᠮᠦᠵᠢᠯ ᠢ ᠡᠷᠴᠢᠮᠲᠡᠢ  ᠶᠠᠪᠤᠭᠳᠠᠭᠤᠯᠤᠨ ᠠᠯᠬᠤᠮ ᠠᠯᠬᠤᠮ ᠢᠶᠠᠷ ᠭᠦᠨᠵᠡᠭᠡᠶᠢᠷᠡᠭᠦᠯᠦᠭᠰᠡᠨ ᠪᠣᠯᠪᠠᠴᠤ ᠪᠢᠳᠡ ᠰᠤᠷᠲᠠᠯ ᠤᠨ ᠠᠰᠠᠭᠤᠳᠠᠯ ᠨᠢ ᠬᠡᠪᠰᠢᠮᠡᠯ ᠴᠢᠨᠠᠷ ᠪᠠ ᠳᠠᠪᠲᠠᠯᠲᠠ ᠴᠢᠨᠠᠷ ᠲᠠᠢ ᠪᠠᠶᠢᠳᠠᠭ ᠲᠤᠯᠠ ᠰᠤᠷᠲᠠᠯ ᠤᠨ ᠪᠠᠶᠢᠭᠤᠯᠤᠯᠲᠠ ᠶᠢ ᠬᠡᠵᠢᠶᠡᠳᠡ ᠵᠣᠭᠰᠤᠰᠢ ᠦᠭᠡᠢ ᠴᠢᠩᠭᠠᠳᠬᠠᠬᠤ ᠬᠡᠷᠡᠭᠲᠡᠢ ᠭᠡᠳᠡᠭ ᠢ ᠰᠡᠷᠭᠡᠭ ᠢᠶᠠᠷ ᠲᠠᠨᠢᠬᠤ ᠬᠡᠷᠡᠭᠲᠡᠢ᠃ ᠳᠠᠷᠠᠭᠠᠴᠢ ᠶᠢᠨ ᠠᠵᠢᠯ ᠳᠤᠮᠳᠠ ᠪᠠᠨ᠂ ᠭᠦᠨᠵᠡᠭᠡᠢ ᠰᠤᠷᠤᠯᠴᠠᠨ ᠨᠠᠷᠢᠨ ᠰᠤᠳᠤᠯᠵᠤ᠂ ᠦᠵᠡᠯ ᠰᠠᠨᠠᠭᠠᠨ ᠤ ᠰᠠᠭᠤᠷᠢ ᠶᠢ ᠪᠠᠲᠤᠳᠬᠠᠨ᠂ ᠰᠤᠷᠤᠯᠴᠠᠵᠤ ᠰᠤᠳᠤᠯᠤᠨ ᠶᠠᠷᠢᠯᠴᠠᠬᠤ ᠶᠢ ᠲᠡᠷᠢᠭᠦᠨ ᠴᠢᠬᠤᠯᠠ ᠡᠭᠦᠷᠭᠡ ᠪᠠ ᠭᠤᠣᠯ ᠱᠤᠭᠤᠮ ᠪᠣᠯᠭᠠᠬᠤ ᠶᠢ ᠪᠠᠷᠢᠮᠲᠠᠯᠠᠨ᠂ ᠰᠤᠷᠤᠯᠴᠠᠬᠤ  ᠪᠠᠶᠢᠴᠠᠭᠠᠬᠤ ᠥᠭᠡᠷᠡᠴᠢᠯᠡᠬᠦ ᠶᠢ ᠨᠢᠭᠡ ᠴᠣᠭᠴᠠᠵᠢᠭᠤᠯᠤᠨ ᠠᠬᠢᠭᠤᠯᠵᠤ᠂ ᠴᠢᠨᠠᠷᠲᠠᠢ  ᠰᠤᠷᠤᠯᠴᠠᠨ᠂ ᠠᠰᠠᠭᠤᠳᠠᠯ ᠢ ᠪᠠᠶᠢᠴᠠᠭᠠᠵᠤ ᠭᠠᠷᠭᠠᠬᠤ᠂ ᠲᠥᠪᠯᠡᠷᠡᠭᠦᠯᠦᠨ ᠴᠡᠭᠴᠡᠯᠡᠨ ᠵᠠᠰᠠᠬᠤ ᠦᠵᠡᠯ ᠰᠠᠨᠠᠭ᠎ᠠ ᠤᠯᠤᠰ ᠲᠥᠷᠥ ᠶᠢᠨ ᠰᠠᠭᠤᠷᠢ ᠶᠢ ᠲᠠᠯᠪᠢᠬᠤ ᠬᠡᠷᠡᠭᠲᠡᠢ᠃ ᠨᠠᠮ ᠤᠨ ᠭᠡᠰᠢᠭᠦᠨ ᠺᠠᠳ᠋ᠷ᠂ ᠣᠨᠴᠠᠭᠠᠶᠢᠯᠠᠨ ᠬᠤᠰᠢᠭᠤ ᠳᠥᠷᠪᠡᠨ ᠶᠡᠭᠡ ᠪᠠᠭ ᠪᠣᠯᠤᠨ ᠭᠠᠵᠠᠷ ᠤᠨ ᠳᠡᠰ ᠤᠨ ᠤᠳᠤᠷᠢᠳᠬᠤ ᠺᠠᠳ᠋ᠷ ᠨᠢ ᠨᠠᠮ ᠤᠨ ᠲᠥᠪ ᠬᠤᠷᠢᠶ᠎ᠠ ᠲᠠᠢ ᠨᠢᠭᠡᠳᠦᠯᠲᠡᠢ ᠪᠠᠶᠢᠵᠤ᠂ ᠪᠡᠶ᠎ᠡ ᠪᠠᠨ ᠴᠢᠩᠭ᠎ᠠ ᠱᠠᠭᠠᠷᠳᠠᠬᠤ᠂ ᠬᠠᠷᠢᠭᠤᠴᠠᠯᠭ᠎ᠠ ᠪᠠᠨ ᠴᠢᠩᠭ᠎ᠠ ᠡᠭᠦᠷᠭᠡᠯᠡᠬᠦ᠂ ᠬᠠᠷᠢᠶ᠎ᠠ ᠪᠠᠨ ᠴᠢᠩᠭ᠎ᠠ ᠬᠠᠮᠢᠶᠠᠷᠬᠤ ᠶᠢ ᠪᠠᠷᠢᠮᠲᠠᠯᠠᠵᠤ᠂ ᠳᠡᠭᠡᠳᠦ ᠱᠠᠲᠤ ᠨᠢ ᠳᠣᠣᠷᠠᠳᠤ ᠱᠠᠲᠤ ᠪᠠᠨ  ᠳᠠᠭᠠᠭᠤᠯᠤᠨ ᠰᠤᠷᠲᠠᠯ ᠤᠨ ᠪᠠᠶᠢᠭᠤᠯᠤᠯᠲᠠ ᠶᠢ ᠠᠳᠬᠤᠬᠤ ᠰᠠᠶᠢᠨ ᠰᠠᠶᠢᠬᠠᠨ ᠪᠠᠶᠢᠳᠠᠯ ᠢ ᠪᠣᠢ ᠪᠣᠯᠭᠠᠬᠤ ᠬᠡᠷᠡᠭᠲᠡᠢ ᠭᠡᠵᠡᠢ᠃    ᠪᠣᠤ ᠯᠢᠨ ᠴᠢᠬᠤᠯᠠᠴᠢᠯᠠᠭᠰᠠᠨ ᠨᠢ᠂ ᠪᠦᠬᠦ ᠬᠤᠰᠢᠭᠤ ᠪᠠᠷ ᠢᠶᠠᠨ ᠠᠶᠢᠮᠠᠭ ᠤᠨ ᠬᠢᠨᠠᠨ ᠵᠢᠯᠣᠭᠤᠳᠬᠤ ᠳᠤᠭᠤᠶᠢᠯᠠᠩ ᠤᠨ ᠠᠵᠢᠯ ᠳᠤ ᠰᠠᠶᠢᠲᠤᠷ ᠬᠠᠮᠵᠢᠯᠴᠠᠵᠤ᠂ ᠡᠭᠦᠨ ᠢᠶᠠᠷ ᠠᠵᠠ ᠲᠣᠬᠢᠶᠠᠯ ᠪᠣᠯᠭᠠᠨ ᠰᠠᠨᠠᠭᠠᠴᠢᠯᠠᠭ᠎ᠠ  ᠠᠴᠠ ᠪᠠᠨ ᠥᠭᠡᠷᠡᠴᠢᠯᠡᠨ ᠰᠠᠶᠢᠵᠢᠷᠠᠭᠤᠯᠵᠤ᠂ ᠠᠵᠢᠯ ᠤᠨ ᠰᠠᠨᠠᠭᠠᠴᠢᠯᠠᠭᠠᠲᠤ ᠴᠢᠨᠠᠷ ᠢᠶᠠᠨ ᠨᠡᠮᠡᠭᠳᠡᠭᠦᠯᠦᠨ᠂ ︽ᠳᠥᠷᠪᠡᠨ ᠰᠤᠷᠲᠠᠯ︾ ᠢ ᠵᠠᠯᠠᠷᠠᠭᠤᠯᠬᠤ ᠪᠣᠳᠠᠲᠤ ᠠᠵᠢᠯᠯᠠᠭ᠎ᠠ ᠪᠠᠷ ᠢᠶᠠᠨ ᠰᠤᠷᠤᠯᠴᠠᠯᠭ᠎ᠠ ᠬᠥᠮᠦᠵᠢᠯ ᠤᠨ ᠢᠯᠡᠷᠬᠡᠢ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ᠃ ᠡᠭᠦᠨ ᠤ ᠬᠠᠮᠲᠤ᠂ ᠭᠤᠣᠯ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠬᠤᠶᠠᠷ ᠲᠠᠯ᠎ᠠ ᠪᠠᠷ ᠠᠳᠬᠤᠬᠤ᠂ ᠬᠤᠶᠠᠷ ᠲᠠᠯ᠎ᠠ ᠪᠠᠷ ᠦᠯᠦ ᠣᠰᠣᠯᠳᠠᠬᠤ᠂ ᠬᠤᠶᠠᠷ ᠲᠠᠯ᠎ᠠ ᠪᠠᠷ ᠠᠬᠢᠭᠤᠯᠬᠤ ᠶᠢ ᠪᠡᠶᠡᠯᠡᠭᠦᠯᠦᠨ᠂ ᠳᠡᠭᠡᠳᠦ ᠬᠡᠮᠵᠢᠶᠡᠨ ᠤ ᠨᠠᠮᠴᠢ ᠴᠢᠨᠠᠷ ᠤᠨ ᠤᠬᠠᠮᠰᠠᠷ᠂ ᠵᠣᠷᠢᠭ ᠰᠠᠨᠠᠭᠠᠨ ᠤ ᠬᠡᠪ ᠪᠠᠶᠢᠳᠠᠯ ᠪᠠ ᠴᠢᠩᠭ᠎ᠠ ᠨᠢᠮᠪᠠᠢ ᠠᠵᠢᠯ ᠤᠨ ᠬᠡᠪ ᠰᠤᠷᠲᠠᠯ ᠢᠶᠠᠷ ᠰᠢᠨ᠎ᠡ ᠡᠭᠦᠷᠭᠡ᠂ ᠰᠢᠨ᠎ᠡ ᠠᠶᠠᠨ ᠢ ᠢᠯᠡᠷᠡᠭᠦᠯᠵᠦ᠂ ᠰᠢᠯᠢᠳᠡᠭ ᠰᠠᠶᠢᠨ ᠰᠤᠷᠲᠠᠯ ᠢᠶᠠᠷ ᠣᠳᠣᠬᠢᠴᠢᠯᠠᠭᠰᠠᠨ ᠪᠠᠷᠠᠭᠤᠨ ᠦᠵᠦᠮᠦᠴᠢᠨ ᠬᠤᠰᠢᠭᠤ ᠶᠢ ᠪᠦᠲᠦᠭᠡᠨ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠡᠢ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号