ᠪᠦᠦ ᠯᠢᠨ ᠪᠦᠯᠬᠦᠮ ᠳᠠᠭᠠᠭᠤᠯᠤᠨ ᠱᠧᠨᠶᠠᠩ ᠬᠤᠲᠠ᠂ ᠱᠧᠨᠵᠧᠨ ᠬᠤᠳᠠ ᠵᠡᠷᠭᠡ ᠭᠠᠵᠠᠷ ᠲᠤ ᠬᠦᠷᠴᠦ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯᠯᠠᠭ᠎ᠠ ᠥᠷᠨᠢᠭᠦᠯᠵᠡᠢ
ᠨᠡᠶᠢᠲᠡᠯᠡᠭᠰᠡᠨ ᠴᠠᠭ᠄
2025/6/3
     5 ᠰᠠᠷ᠎ᠠ ᠶᠢᠨ 21 ᠠᠴᠠ 27 ᠤ ᠡᠳᠦᠷ ᠪᠣᠯᠲᠠᠯ᠎ᠠ᠂ ᠬᠤᠰᠢᠭᠤ ᠨᠠᠮ ᠤᠨ ᠬᠤᠷᠢᠶᠠᠨ ᠤ ᠱᠦᠵᠢ ᠪᠦᠦ ᠯᠢᠨ ᠱᠧᠨᠶᠠᠩ ᠬᠤᠲᠠ᠂ ᠵᠢᠶᠣᠣᠽᠦ᠋ᠸᠧ ᠬᠤᠲᠠ᠂ ᠱᠧᠨᠵᠧᠨ ᠬᠤᠲᠠ᠂ ᠬᠥᠬᠡᠬᠤᠲᠠ ᠵᠡᠷᠭᠡ ᠭᠠᠵᠠᠷ ᠲᠤ ᠬᠦᠷᠴᠦ᠂ ᠪᠣᠬᠢᠷᠲᠤᠯ ᠦᠭᠡᠢ ᠡᠨᠧᠷᠭᠢ ᠪᠠᠷ ᠪᠣᠬᠢᠷᠲᠤᠯ ᠦᠭᠡᠢ ᠤᠰᠤᠲᠥ᠋ᠷᠥᠭᠴᠢ ᠦᠢᠯᠡᠳᠬᠦ᠂ ᠪᠣᠬᠢᠷᠲᠤᠯ ᠦᠭᠡᠢ ᠰᠢᠪᠲᠦᠷ᠂ ᠹᠯᠣᠷ ᠬᠢᠮᠢ ᠶᠢᠨ ᠠᠵᠤ ᠦᠢᠯᠡᠳᠪᠦᠷᠢ᠂ ᠳᠣᠣᠷᠠᠳᠤ ᠣᠭᠲᠠᠷᠭᠤᠢ ᠶᠢᠨ ᠠᠵᠤ ᠠᠬᠤᠢ᠂ ᠣᠷᠴᠢᠯ ᠠᠵᠤ ᠠᠬᠤᠢ ᠵᠡᠷᠭᠡ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠬᠥᠭᠵᠢᠭᠰᠡᠨ ᠠᠵᠤ ᠦᠢᠯᠡᠰ ᠵᠢᠴᠢ ᠭᠤᠣᠯᠳᠠᠯᠭ᠎ᠠ ᠲᠠᠢ ᠬᠦᠷᠢᠶ᠎ᠡ ᠬᠡᠪᠴᠢᠶᠡᠨ ᠤ ᠲᠣᠭᠤᠷᠢᠨ ᠳᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯᠯᠠᠭ᠎ᠠ ᠥᠷᠨᠢᠭᠦᠯᠦᠨ᠂ ᠪᠥᠬᠦ ᠬᠤᠰᠢᠭᠤᠨ ᠤ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠲᠡᠢ ᠬᠥᠳᠡᠯᠭᠡᠭᠴᠢ ᠬᠦᠴᠦᠨ ᠨᠡᠮᠡᠷᠢᠯᠡᠪᠡ᠃ ᠪᠠᠶᠠᠨᠬᠤᠸᠠ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠣᠯᠣᠨ ᠮᠡᠳᠡᠭᠡ ᠵᠠᠩᠭᠢᠴᠢᠯᠠᠯᠲᠠ ᠶᠢᠨ ᠲᠣᠪᠴᠢᠶ᠎ᠠ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠪᠠᠷ᠎ᠠ ᠪᠣᠯᠣᠯᠴᠠᠪᠠ᠃
     ᠯᠢᠶᠣᠤᠨᠢᠩ ᠮᠤᠵᠢ ᠶᠢᠨ ᠱᠧᠨᠶᠠᠩ ᠬᠤᠳᠠ ᠳᠤ᠂ ᠪᠦᠦ ᠯᠢᠨ ᠨᠠᠷ ᠳᠤᠮᠳᠠᠳᠤ ᠶᠢᠨ ᠴᠠᠬᠢᠯᠭᠠᠨ ᠬᠦᠴᠦᠨ ᠤ ᠯᠢᠶᠣᠤᠨᠢᠩ ᠤᠨ ᠡᠨᠧᠷᠭᠢ ᠶᠢᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠲᠠᠢ ᠨᠡᠮᠡᠭᠳᠡᠯᠳᠦ ᠴᠠᠬᠢᠯᠭᠠᠨ ᠲᠣᠬᠢᠷᠠᠭᠤᠯᠬᠤ ᠲᠣᠣᠷ ᠵᠢᠴᠢ ᠨᠠᠷᠠ ᠰᠠᠯᠬᠢᠨ ᠤ ᠡᠨᠧᠷᠭᠢ ᠪᠠᠷ ᠤᠰᠤᠲᠥ᠋ᠷᠥᠭᠴᠢ ᠰᠢᠪᠲᠦᠷ ᠦᠢᠯᠡᠳᠬᠦ ᠶᠢ ᠨᠢᠭᠡ ᠴᠣᠭᠴᠠᠵᠢᠭᠤᠯᠬᠤ ᠵᠡᠷᠭᠡ ᠲᠦᠷᠦᠯ ᠵᠦᠢᠯ ᠢ ᠵᠣᠯᠭᠠᠭᠤᠯᠵᠠᠢ᠃ ᠶᠠᠷᠢᠯᠴᠠᠬᠤ ᠬᠤᠷᠠᠯ  ᠳᠤ᠂ ᠬᠤᠶᠠᠷ ᠲᠠᠯ᠎ᠠ ᠪᠠᠷ ᠢᠶᠠᠨ ᠪᠠᠶᠠᠨᠬᠤᠸᠠ ᠳᠥᠷᠪᠡᠳᠦᠭᠡᠷ ᠠᠭᠤᠷᠬᠠᠢ ᠶᠢᠨ ᠠᠵᠤ ᠦᠢᠯᠡᠰ ᠤᠨ ᠲᠦᠷᠦᠯ ᠵᠦᠢᠯ ᠤᠨ ᠲᠥᠯᠦᠪᠵᠢᠭᠦᠯᠭᠡ᠂ ᠪᠠᠷᠠᠭᠤᠨ ᠦᠵᠦᠮᠦᠴᠢᠨ ᠬᠤᠰᠢᠭᠤᠨ ᠤ ᠰᠢᠨ᠎ᠡ ᠡᠨᠧᠷᠭᠢ ᠶᠢᠨ ᠪᠦᠬᠦ ᠠᠵᠤ ᠦᠢᠯᠡᠰ ᠤᠨ ᠬᠡᠯᠬᠢᠶᠡᠨ ᠤ ᠬᠥᠭᠵᠢᠯᠲᠡ ᠶᠢ ᠠᠬᠢᠭᠤᠯᠬᠤ ᠲᠠᠯ᠎ᠠ ᠪᠠᠷ ᠬᠠᠮᠲᠤᠷᠠᠯᠴᠠᠭᠠᠨ ᠤ ᠬᠠᠮᠲᠤ ᠶᠢᠨ ᠲᠠᠨᠢᠯᠲᠠ ᠲᠠᠢ ᠪᠣᠯᠵᠤ᠂ ᠬᠤᠶᠠᠷ ᠲᠠᠯ᠎ᠠ ᠶᠢᠨ ᠬᠠᠮᠲᠤᠷᠠᠯᠴᠠᠭ᠎ᠠ ᠪᠠᠨ ᠤᠯᠠᠮ ᠴᠢᠨᠠᠭᠰᠢᠳᠠ ᠭᠦᠨᠵᠡᠭᠡᠶᠢᠷᠡᠭᠦᠯᠬᠦ᠂ ᠬᠠᠮᠲᠤᠷᠠᠯᠴᠠᠭᠠᠨ ᠤ ᠬᠦᠷᠢᠶ᠎ᠡ ᠪᠠᠨ ᠥᠷᠭᠡᠳᠬᠡᠬᠦ  ᠳᠤ ᠪᠠᠲᠤ ᠪᠠᠬᠢ ᠰᠠᠭᠤᠷᠢ ᠶᠢ ᠲᠠᠯᠪᠢᠵᠠᠢ᠃  
     ᠾᠧᠨᠠᠨ ᠮᠤᠵᠢ ᠶᠢᠨ ᠵᠢᠶᠣᠣᠽᠦ᠋ᠸᠧ ᠬᠤᠳᠠ ᠳᠤ᠂ ᠪᠦᠦ ᠯᠢᠨ ᠳ᠋ᠦᠸᠧ ᠹᠸᠦ ᠳ᠋ᠦᠸᠧ ᠰᠢᠨ᠎ᠡ ᠮᠠᠲᠧᠷᠢᠶᠠᠯ  ᠤᠨ ᠬᠢᠵᠠᠭᠠᠷᠲᠤ ᠺᠣᠮᠫᠠᠨᠢ ᠳᠤ ᠬᠦᠷᠴᠦ ᠰᠢᠨᠵᠢᠯᠡᠨ ᠪᠠᠶᠢᠴᠠᠭᠠᠵᠤ᠂ ᠹᠯᠣᠷᠲᠤ ᠰᠢᠨ᠎ᠡ  ᠮᠠᠲ᠋ᠧᠷᠢᠶᠠᠯ ᠤᠨ ᠠᠵᠤ ᠦᠢᠯᠡᠰ ᠤᠨ ᠰᠤᠳᠤᠯᠭᠠᠨ ᠤ ᠬᠦᠷᠢᠶᠡᠯᠡᠩ ᠤᠨ ᠦᠵᠡᠭᠦᠯᠦᠯᠭᠡ ᠶᠢᠨ ᠲᠠᠩᠬᠢᠮ ᠵᠢᠴᠢ ᠦᠢᠯᠡᠳᠪᠦᠷᠢᠯᠡᠯ ᠡᠵᠡᠩᠨᠡᠯᠲᠡ ᠶᠢᠨ ᠵᠢᠯᠤᠭᠤᠳᠬᠤ ᠲᠥᠪ ᠢ ᠨᠢ ᠲᠣᠭᠤᠷᠢᠨ ᠦᠵᠡᠵᠦ᠂ ᠠᠵᠤ ᠠᠬᠤᠶᠢᠯᠠᠯ ᠤᠨ ᠡᠵᠡᠩᠨᠡᠯᠲᠡ ᠶᠢᠨ ᠪᠠᠶᠢᠷᠢᠰᠢᠭᠤᠯᠤᠯᠲᠠ᠂ ᠬᠥᠭᠵᠢᠯᠲᠡ ᠶᠢᠨ ᠶᠠᠪᠤᠴᠠ ᠵᠢᠴᠢ ᠢᠷᠡᠭᠡᠳᠦᠢ ᠶᠢᠨ ᠲᠥᠯᠦᠪᠵᠢᠭᠦᠯᠭᠡ ᠵᠡᠷᠭᠡ ᠲᠠᠯ᠎ᠠ ᠪᠠᠷ ᠨᠠᠷᠢᠨ ᠣᠶᠢᠯᠠᠭᠠᠪᠠ᠃ ᠶᠠᠷᠢᠯᠴᠠᠬᠤ ᠬᠤᠷᠠᠯ ᠳᠤ᠂ ᠪᠠᠷᠠᠭᠤᠨ ᠦᠵᠦᠮᠦᠴᠢᠨ ᠬᠤᠰᠢᠭᠤᠨ ᠤ ᠬᠢᠨ ᠲᠤᠬᠠᠢ ᠶᠢᠨ ᠭᠠᠵᠠᠷ  ᠤᠨ ᠢᠶᠠᠨ ᠹᠯᠣᠷ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠰᠠᠭᠤᠷᠢ᠂ ᠡᠬᠢ ᠪᠠᠶᠠᠯᠢᠭ ᠤᠨ ᠳᠠᠪᠠᠭᠤᠯᠢᠭ ᠵᠢᠴᠢ ᠪᠡᠯᠡ ᠣᠷᠣᠭᠤᠯᠤᠯᠲᠠ ᠶᠢᠨ ᠣᠷᠴᠢᠨ ᠲᠣᠭᠤᠷᠢᠨ ᠢ  ᠲᠠᠨᠢᠯᠴᠠᠭᠤᠯᠪᠠ᠃ ᠬᠤᠶᠠᠷ ᠲᠠᠯ᠎ᠠ  ᠪᠠᠷ ᠢᠶᠠᠨ ᠹᠯᠣᠷ ᠬᠢᠮᠢ ᠶᠢᠨ ᠠᠵᠤ ᠦᠢᠯᠡᠳᠪᠦᠷᠢ ᠶᠢᠨ ᠲᠦᠷᠦᠯ ᠵᠦᠢᠯ ᠤᠨ ᠬᠠᠮᠲᠤᠷᠠᠯᠴᠠᠭᠠᠨ ᠤ ᠲᠣᠭᠤᠷᠢᠨ ᠳᠤ ᠭᠦᠨᠵᠡᠭᠡᠢ ᠰᠤᠳᠤᠯᠤᠨ ᠶᠠᠷᠢᠯᠴᠠᠵᠤ᠂ ᠪᠠᠶᠢᠩᠭᠤ ᠶᠢᠨ ᠬᠠᠷᠢᠯᠴᠠᠭᠠᠨ ᠤ ᠲᠣᠭᠲᠠᠴᠠ ᠶᠢ ᠪᠠᠶᠢᠭᠤᠯᠤᠨ᠂ ᠵᠣᠯᠭᠠᠯᠴᠠᠭ᠎ᠠ  ᠶᠢ ᠦᠷᠭᠦᠯᠵᠢᠯᠡᠨ ᠴᠢᠩᠭᠠᠳᠬᠠᠵᠤ᠂ ᠪᠣᠳᠠᠲᠠᠢ ᠶᠢ ᠡᠷᠬᠢᠮᠯᠡᠭᠰᠡᠨ ᠠᠷᠭ᠎ᠠ ᠬᠡᠮᠵᠢᠶ᠎ᠡ ᠪᠠᠷ ᠬᠠᠮᠲᠤᠷᠠᠯᠴᠠᠭᠠᠨ ᠤ ᠲᠦᠷᠦᠯ ᠵᠦᠢᠯ ᠢ ᠲᠦᠷᠭᠡᠨ ᠨᠠᠶᠢᠳᠠᠪᠤᠷᠢᠵᠢᠭᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠤᠨ᠎ᠠ ᠭᠡᠵᠦ ᠰᠠᠨᠠᠯ ᠨᠢᠭᠡᠲᠡᠢ ᠢᠯᠡᠳᠬᠡᠪᠡ᠃
   ᠱᠧᠨᠵᠧᠨ ᠬᠤᠲᠠ ᠳᠤ᠂ ᠪᠦᠦ ᠯᠢᠨ ᠨᠠᠷ ᠱᠧᠨ ᠨᠧᠩ ᠪᠦᠯᠦᠭᠯᠡᠯ ᠲᠠᠢ ᠰᠢᠨ᠎ᠡ ᠬᠡᠯᠪᠡᠷᠢ ᠶᠢᠨ ᠰᠢᠲᠠᠯᠲᠠ ᠶᠢᠨ ᠪᠤᠰᠤ ᠠᠪᠴᠢᠮᠠᠯ ᠠᠭᠠᠷ ᠤᠨ ᠡᠨᠧᠷᠭᠢ ᠬᠠᠳᠠᠭᠠᠯᠠᠬᠤ ᠴᠠᠬᠢᠯᠭᠠᠨ  ᠥᠷᠲᠡᠭᠡᠨ ᠤ ᠲᠦᠷᠦᠯ ᠵᠦᠢᠯ ᠤᠨ ᠲᠤᠬᠠᠢ ᠰᠠᠨᠠᠯ  ᠢᠶᠠᠨ ᠭᠦᠨᠵᠡᠭᠡᠢ ᠰᠣᠯᠢᠯᠴᠠᠪᠠ᠃ ᠪᠦᠦ ᠯᠢᠨ  ᠴᠢᠬᠤᠯᠠᠴᠢᠯᠠᠬᠤ ᠳᠠᠭᠠᠨ᠂ ᠲᠣᠰ ᠲᠥᠷᠥᠯ ᠵᠦᠢᠯ ᠪᠣᠯ ᠡᠨᠧᠷᠭᠢ ᠶᠢᠨ ᠪᠦᠲᠦᠴᠡ ᠶᠢᠨ ᠬᠡᠯᠪᠡᠷᠢ ᠶᠢ ᠬᠤᠪᠢᠷᠠᠭᠤᠯᠬᠤ ᠶᠢ ᠠᠬᠢᠭᠤᠯᠬᠤ ᠴᠢᠬᠤᠯᠠ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥᠯ ᠵᠦᠢᠯ ᠪᠣᠯᠣᠨ᠎ᠠ᠂ ᠮᠠᠨ ᠤ ᠬᠤᠰᠢᠭᠤᠨ ᠤ ᠪᠣᠬᠢᠷᠲᠤᠯ ᠦᠭᠡᠢ ᠳᠣᠣᠷ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠶᠢᠨ ᠠᠷᠭ᠎ᠠ ᠵᠠᠮ ᠢ ᠰᠦᠪᠡᠭᠴᠢᠯᠡᠬᠦ᠂ ᠡᠨᠧᠷᠭᠢ ᠶᠢᠨ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠶᠢ ᠠᠬᠢᠭᠤᠯᠬᠤ ᠳᠤ ᠪᠠᠲᠤ ᠴᠢᠩᠭ᠎ᠠ ᠲᠤᠯᠭᠠᠭᠤᠷᠢᠯᠠᠯ ᠬᠠᠩᠭᠠᠬᠤ ᠬᠡᠷᠡᠭᠲᠡᠢ᠂ ᠠᠵᠤ ᠠᠬᠤᠶᠢᠯᠠᠯ ᠨᠢ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠢ ᠭᠦᠢᠴᠡᠳᠬᠡᠬᠦ ᠶᠢ ᠲᠦᠷᠭᠡᠳᠬᠡᠵᠦ᠂ ᠴᠠᠭ ᠬᠤᠭᠤᠴᠠᠭᠠᠨ  ᠤ ᠵᠠᠩᠭᠢᠯᠠᠭ᠎ᠠ ᠶᠢ ᠴᠢᠩᠭ᠎ᠠ ᠠᠳᠬᠤᠨ᠂ ᠠᠵᠢᠯ ᠤᠨ ᠬᠤᠭᠤᠴᠠᠭ᠎ᠠ ᠶᠢ ᠵᠣᠬᠢᠰᠲᠠᠢ ᠪᠠᠶᠢᠷᠢᠯᠠᠭᠤᠯᠵᠤ᠂ ᠲᠥᠷᠥᠯ ᠵᠦᠢᠯ ᠢ ᠡᠷᠲᠡᠬᠡᠨ ᠡᠬᠢᠯᠡᠭᠦᠯᠦᠨ ᠪᠦᠲᠦᠭᠡᠨ ᠪᠠᠶᠢᠭᠤᠯᠬᠤ ᠶᠢ ᠠᠬᠢᠭᠤᠯᠬᠤ ᠬᠡᠷᠡᠭᠲᠡᠢ ᠭᠡᠵᠡᠢ᠃ ᠲᠡᠷᠡ ᠪᠠᠰᠠ ᠠᠵᠤ ᠠᠬᠤᠶᠢᠯᠠᠯ ᠤᠨ ᠬᠢᠨ ᠮᠡᠷᠭᠡᠵᠢᠯ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠠᠵᠤ ᠦᠢᠯᠡᠰ ᠤᠨ ᠬᠡᠯᠬᠢᠶ᠎ᠡ  ᠪᠠᠨ  ᠤᠷᠲᠤᠳᠬᠠᠨ᠂ ᠬᠤᠭ ᠨᠣᠪᠰᠢ ᠶᠢ ᠠᠰᠢᠭᠯᠠᠨ ᠴᠠᠬᠢᠯᠭᠠᠨ ᠭᠠᠷᠭᠠᠬᠤ᠂ ᠠᠵᠤ ᠦᠢᠯᠡᠳᠪᠦᠷᠢ + ᠵᠤᠭᠠᠴᠠᠯ ᠵᠡᠷᠭᠡ ᠢᠵᠢ ᠪᠦᠷᠢᠨ ᠲᠦᠷᠦᠯ ᠵᠦᠢᠯ ᠤᠨ ᠬᠠᠮᠲᠤᠷᠠᠯᠴᠠᠭ᠎ᠠ ᠶᠢ ᠰᠦᠪᠡᠭᠴᠢᠯᠡᠵᠦ᠂ ᠰᠢᠨ᠎ᠡ ᠡᠨᠧᠷᠭᠢ ᠶᠢ ᠶᠡᠷᠦᠩᠬᠡᠶᠢᠯᠡᠨ ᠠᠰᠢᠭᠯᠠᠬᠤ ᠵᠢᠱᠢᠶ᠎ᠡ ᠦᠵᠡᠭᠦᠯᠬᠦ ᠣᠷᠣᠨ ᠢ ᠬᠠᠮᠲᠤᠪᠠᠷ ᠪᠠᠶᠢᠭᠤᠯᠬᠤ ᠶᠢ ᠬᠦᠰᠡᠵᠦ ᠪᠠᠶᠢᠨ᠎ᠠ ᠭᠡᠵᠡᠢ᠃ ᠡᠭᠦᠨ ᠠᠴᠠ ᠭᠠᠳᠠᠨ᠎ᠠ᠂ ᠪᠦᠦ ᠯᠢᠨ ᠪᠠᠰᠠ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠬᠡᠯᠲᠡᠰ ᠤᠨ ᠳᠣᠣᠷ᠎ᠠ ᠣᠭᠲᠠᠷᠭᠤᠢ ᠶᠢᠨ ᠠᠶᠠᠯᠠᠯ ᠤᠨ ᠲᠤᠷᠰᠢᠯᠲᠠ ᠶᠢᠨ ᠲᠠᠰᠤᠭ ᠲᠤ ᠬᠦᠷᠴᠦ᠂ ᠳᠣᠣᠷ᠎ᠠ ᠣᠭᠲᠠᠷᠭᠤᠢ ᠶᠢᠨ ᠠᠵᠤ ᠠᠬᠤᠢ ᠶᠢᠨ ᠬᠡᠷᠡᠭᠯᠡᠭᠡᠨ ᠤ ᠪᠠᠶᠢᠳᠠᠯ ᠢ ᠰᠢᠨᠵᠢᠯᠡᠨ ᠪᠠᠶᠢᠴᠠᠭᠠᠪᠠ᠃ ᠪᠦᠦ ᠯᠢᠨ ᠢᠯᠡᠷᠬᠡᠶᠢᠯᠡᠬᠦ ᠳᠡᠭᠡᠨ᠂ ᠪᠠᠷᠠᠭᠤᠨ ᠦᠵᠦᠮᠦᠴᠢᠨ ᠬᠤᠰᠢᠭᠤ ᠥᠪᠡᠷ ᠤᠨ ᠪᠣᠳᠠᠲᠤ ᠪᠠᠶᠢᠳᠠᠯ ᠳᠠᠭᠠᠨ ᠰᠠᠭᠤᠷᠢᠯᠠᠨ᠂ ᠳᠣᠣᠷ᠎ᠠ ᠣᠭᠲᠠᠷᠭᠤᠢ ᠶᠢᠨ ᠠᠵᠤ ᠠᠬᠤᠢ ᠶᠢᠨ ᠬᠠᠮᠢᠶ᠎ᠠ ᠪᠦᠬᠦᠢ ᠠᠵᠤ ᠦᠢᠯᠡᠰ ᠢ ᠢᠳᠡᠪᠬᠢᠲᠡᠢ ᠲᠥᠯᠥᠪᠯᠡᠵᠦ᠂ ᠲᠤᠰᠬᠠᠢ ᠠᠩᠭᠢ ᠵᠣᠬᠢᠶᠠᠨ ᠪᠠᠶᠢᠭᠤᠯᠵᠤ ᠲᠡᠷᠢᠭᠦᠨ ᠤ ᠭᠠᠵᠠᠷ ᠣᠷᠣᠨ ᠤ ᠲᠤᠷᠰᠢᠯᠭ᠎ᠠ ᠶᠢ ᠰᠤᠷᠤᠯᠴᠠᠵᠤ᠂ ᠳᠣᠣᠷ᠎ᠠ  ᠣᠭᠲᠠᠷᠭᠤᠢ ᠶᠢᠨ ᠠᠵᠤ ᠠᠬᠤᠢ ᠶᠢᠨ ᠲᠥᠷᠥᠯ ᠵᠦᠢᠯ ᠢ ᠪᠠᠷᠠᠭᠤᠨ ᠦᠵᠦᠮᠦᠴᠢᠨ ᠬᠤᠰᠢᠭᠤᠨ ᠳᠤ ᠨᠠᠶᠢᠳᠠᠪᠤᠷᠢᠵᠢᠭᠤᠯᠤᠨ ᠳᠡᠯᠭᠡᠷᠡᠭᠦᠯᠬᠦ ᠶᠢ ᠪᠥᠬᠦ ᠬᠦᠴᠦᠨ ᠢᠶᠠᠷ ᠢᠶᠠᠨ ᠠᠬᠢᠭᠤᠯᠤᠨ᠎ᠠ ᠭᠡᠵᠦ ᠢᠯᠡᠷᠬᠡᠶᠢᠯᠡᠵᠡᠢ᠃       ᠬᠥᠬᠡᠬᠤᠲᠠ ᠳᠤ᠂ ᠪᠦᠦ ᠯᠢᠨ ᠨᠠᠷ ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠶᠢᠨ ᠷᠠᠳᠠᠷ ᠤᠨ ᠮᠡᠷᠭᠡᠵᠢᠯ ᠤᠨ ᠰᠤᠳᠤᠯᠭᠠᠨ ᠤ ᠭᠠᠵᠠᠷ ᠲᠤ ᠬᠦᠷᠴᠦ᠂ ᠷᠠᠳᠠᠷ ᠤᠨ ᠮᠡᠷᠭᠡᠵᠢᠯ ᠤᠨ ᠪᠣᠳᠠᠲᠤ ᠬᠡᠷᠡᠭᠯᠡᠭᠡᠨ ᠤ ᠪᠠᠶᠢᠳᠠᠯ ᠢ ᠲᠣᠭᠤᠷᠢᠨ ᠦᠵᠡᠵᠦ᠂ ᠳᠠᠷᠠᠭ᠎ᠠ ᠨᠢ ᠱᠠᠩᠬᠠᠢ ᠶᠢᠨ ᠵᠠᠮ ᠬᠠᠷᠢᠯᠴᠠᠭᠠᠨ ᠤ ᠶᠡᠭᠡ ᠰᠤᠷᠭᠠᠭᠤᠯᠢ ᠶᠢᠨ ᠥᠪᠥᠷ ᠮᠣᠩᠭᠤᠯ ᠤᠨ ᠰᠤᠳᠤᠯᠭᠠᠨ ᠤ ᠬᠦᠷᠢᠶᠡᠯᠡᠩ ᠳᠠᠬᠢ ᠦᠵᠡᠭᠦᠯᠦᠯᠭᠡ ᠶᠢᠨ ᠲᠠᠩᠬᠢᠮ ᠳᠤ ᠬᠦᠷᠴᠦ᠂ ᠰᠤᠳᠤᠯᠭᠠᠨ ᠤ ᠬᠦᠷᠢᠶᠡᠯᠡᠩ ᠤᠨ ᠬᠥᠭᠵᠢᠯᠲᠡ ᠶᠢᠨ ᠶᠠᠪᠤᠴᠠ᠂ ᠪᠠᠶᠢᠷᠢ ᠲᠣᠭᠲᠠᠭᠠᠯᠲᠠ ᠵᠢᠴᠢ ᠰᠤᠳᠤᠯᠭᠠᠨ ᠤ ᠦᠷ᠎ᠡ ᠪᠦᠲᠦᠭᠡᠯ ᠢ ᠣᠶᠢᠯᠠᠭᠠᠭᠰᠠᠨ ᠪᠥᠭᠡᠳ ᠪᠠᠷᠠᠭᠤᠨ ᠦᠵᠦᠮᠦᠴᠢᠨ ᠬᠤᠰᠢᠭᠤᠨ ᠤ ᠠᠵᠤ ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ ᠶᠢᠨ ᠲᠣᠭᠤᠷᠢᠨ ᠳᠤ ᠶᠠᠷᠢᠯᠴᠠᠬᠤ ᠬᠤᠷᠠᠯ ᠥᠷᠨᠢᠭᠦᠯᠵᠡᠢ᠃ ᠪᠦᠦ ᠯᠢᠨ ᠵᠢᠭᠠᠵᠤ ᠭᠠᠷᠭᠠᠭᠰᠠᠨ ᠨᠢ᠂ ᠪᠠᠷᠠᠭᠤᠨ ᠦᠵᠦᠮᠦᠴᠢᠨ ᠬᠤᠰᠢᠭᠤ  ᠣᠳᠣᠬᠢ ᠠᠵᠤ ᠦᠢᠯᠡᠰ ᠢᠶᠠᠷ ᠲᠦᠰᠢᠭ ᠪᠣᠯᠭᠠᠬᠤ ᠶᠢ ᠪᠠᠷᠢᠮᠲᠠᠯᠠᠵᠤ᠂ ᠪᠣᠬᠢᠷᠲᠤᠯ ᠦᠭᠡᠢ ᠡᠨᠧᠷᠭᠢ᠂ ᠰᠢᠨ᠎ᠡ ᠬᠡᠯᠪᠡᠷᠢ ᠶᠢᠨ ᠬᠢᠮᠢ ᠶᠢᠨ ᠠᠵᠤ ᠦᠢᠯᠡᠳᠪᠦᠷᠢ᠂ ᠬᠥᠩᠭᠡᠨᠴᠠᠭᠠᠨ ᠤ ᠰᠠᠭᠤᠷᠢ ᠰᠢᠨ᠎ᠡ ᠮᠠᠲ᠋ᠧᠷᠢᠶᠠᠯ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠵᠡᠷᠭᠡ ᠠᠵᠤ ᠦᠢᠯᠡᠰ ᠢ ᠭᠤᠣᠯᠳᠠᠯᠭ᠎ᠠ ᠲᠠᠢ ᠬᠥᠭᠵᠢᠭᠦᠯᠵᠦ᠂ ᠳᠡᠭᠡᠳᠦ ᠰᠤᠷᠭᠠᠭᠤᠯᠢ ᠶᠢᠨ ᠰᠤᠳᠤᠯᠭᠠᠨ ᠤ ᠬᠦᠷᠢᠶᠡᠯᠡᠩ ᠯᠦᠭᠡ ᠶᠢᠨ ᠬᠠᠮᠲᠤᠷᠠᠯᠴᠠᠭ᠎ᠠ ᠰᠣᠯᠢᠯᠴᠠᠭ᠎ᠠ ᠪᠠᠨ ᠦᠷᠭᠦᠯᠵᠢᠯᠡᠨ  ᠭᠦᠨᠵᠡᠭᠡᠶᠢᠷᠡᠭᠦᠯᠵᠦ᠂ ᠳᠡᠭᠡᠳᠦ ᠰᠤᠷᠭᠠᠭᠤᠯᠢ ᠶᠢᠨ ᠰᠤᠳᠤᠯᠭᠠᠨ ᠤ ᠬᠦᠷᠢᠶᠡᠯᠡᠩ ᠤᠨ ᠲᠡᠷᠢᠭᠦᠨ ᠤ ᠮᠡᠷᠭᠡᠵᠢᠯ ᠤᠨ ᠦᠷ᠎ᠡ ᠪᠦᠲᠦᠭᠡᠯ ᠢ ᠪᠠᠷᠠᠭᠤᠨ ᠦᠵᠦᠮᠦᠴᠢᠨ ᠬᠤᠰᠢᠭᠤᠨ ᠳᠤ ᠨᠠᠶᠢᠳᠠᠪᠤᠷᠢᠵᠢᠭᠤᠯᠤᠨ ᠤᠯᠠᠷᠢᠭᠤᠯᠬᠤ ᠶᠢ ᠢᠳᠡᠪᠬᠢᠲᠡᠢ ᠠᠬᠢᠭᠤᠯᠵᠤ᠂ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠦᠨ ᠲᠠᠰ ᠳᠡᠪᠰᠢᠭᠦᠯᠬᠦ ᠶᠢ ᠠᠬᠢᠭᠤᠯᠵᠤ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠪᠣᠯᠣᠨ᠎ᠠ ᠭᠡᠵᠡᠢ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号