ᠬᠠᠨ ᠲᠡᠯᠡᠭᠡᠢ ᠪᠠᠶᠠᠷ ᠬᠦᠷ ᠢᠶᠠᠷ ᠴᠠᠯᠬᠢᠨ᠂ ᠬᠠᠮᠤᠭ ᠬᠡᠦᠬᠡᠳ ᠬᠦᠭᠰᠡᠨ ᠪᠠᠶᠠᠰᠤᠭᠰᠠᠨ ᠵᠢᠷᠭᠤᠭᠠᠨ ᠰᠠᠷ᠎ᠠ ᠶᠢᠨ ᠨᠢᠭᠡᠨ | ᠬᠦᠭᠡᠷᠦᠬᠦᠨ ᠪᠠᠭᠠᠴᠤᠤᠯ ᠤᠨ ᠬᠦᠰᠡᠯ ᠮᠦᠷᠦᠭᠡᠳᠦᠯ ᠢ ᠡᠪᠦᠷᠳᠦᠯᠡᠨ᠂ ᠬᠦᠭᠵᠢᠶᠡᠨ ᠨᠠᠷᠬᠢᠶᠠᠨ ᠲᠠᠢ ᠰᠠᠭᠠᠳᠠᠯ᠎ᠠ᠃ | 5 ᠰᠠᠷ᠎ᠠ ᠶᠢᠨ 29 ᠤ ᠡᠳᠦᠷ ᠠᠴᠠ ᠡᠬᠢᠯᠡᠨ᠂ ᠪᠠᠷᠠᠭᠤᠨ ᠦᠵᠦᠮᠦᠴᠢᠨ ᠬᠤᠰᠢᠭᠤᠨ ᠤ ᠡᠯ᠎ᠡ ᠪᠠᠭ᠎ᠠ ᠰᠤᠷᠭᠠᠭᠤᠯᠢ | ᠪᠣᠯᠣᠨ ᠬᠡᠦᠬᠡᠳ ᠤᠨ ᠴᠡᠴᠡᠷᠯᠢᠭ ᠤᠨ ᠬᠦᠷᠢᠶ᠎ᠡ ᠢᠨᠢᠶᠡᠲᠦ ᠬᠦᠷ ᠢᠶᠠᠷ ᠪᠢᠯᠬᠠᠨ᠂ ᠡᠯᠪᠡᠭ ᠪᠠᠶᠠᠯᠢᠭ ᠠᠭᠤᠯᠭ᠎ᠠ ᠲᠠᠢ | ᠠᠵᠢᠯᠯᠠᠭ᠎ᠠ ᠨᠤᠭᠤᠳ ᠢ ᠵᠤᠬᠢᠶᠠᠨ ᠪᠠᠶᠢᠭᠤᠯᠤᠨ ᠦᠷᠨᠢᠬᠦᠯᠵᠦ᠂ ︽ᠵᠢᠷᠭᠤᠭᠠᠨ ᠰᠠᠷ᠎ᠠ ᠶᠢᠨ ᠨᠢᠭᠡᠨ︾ ᠤ ᠳᠡᠯᠡᠬᠡᠢ ᠶᠢᠨ | ᠬᠡᠦᠬᠡᠳ ᠤᠨ ᠪᠠᠶᠠᠷ ᠤᠨ ᠡᠳᠦᠷ ᠢᠶᠠᠨ ᠳᠣᠷᠠᠰᠬᠠᠨ ᠳᠡᠮᠳᠡᠭᠯᠡᠯ᠎ᠡ᠃ | | ᠬᠤᠰᠢᠭᠤ ᠳᠥᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ ᠨᠠᠷ ᠡᠯ᠎ᠡ ᠪᠠᠭ᠎ᠠ ᠰᠤᠷᠭᠠᠭᠤᠯᠢ ᠬᠡᠦᠬᠡᠳ ᠤᠨ | ᠴᠡᠴᠡᠷᠯᠢᠭ ᠢᠶᠠᠷ ᠬᠦᠨᠵᠡᠭᠡᠶᠢᠷᠡᠨ᠂ ᠬᠤᠰᠢᠭᠤ ᠨᠠᠮ ᠵᠠᠰᠠᠭ ᠢ ᠲᠦᠯᠦᠭᠡᠯᠡᠨ᠂ ᠪᠠᠶᠠᠷ ᠤᠨ ᠡᠲᠦᠷ ᠤᠨ ᠬᠠᠯᠠᠭᠤᠨ ᠮᠡᠨᠲᠤ ᠶᠢ | ᠪᠥᠬᠦ ᠬᠤᠰᠢᠭᠤᠨ ᠤ ᠡᠯ᠎ᠡ ᠦᠨᠳᠦᠰᠦᠲᠡᠨ ᠤ ᠬᠡᠦᠬᠡᠳ ᠪᠠᠭᠠᠴᠤᠳ ᠲᠤ ᠬᠦᠷᠭᠡᠬᠦ ᠶᠢᠨ ᠬᠠᠮᠳᠤ ᠰᠤᠷᠭᠠᠨ ᠬᠦᠮᠦᠵᠢᠯ ᠤᠨ | ᠹᠷᠤᠨᠲ ᠤᠨ ᠠᠵᠢᠯᠳᠠᠳ ᠵᠢᠴᠢ ᠬᠡᠦᠬᠡᠳ ᠪᠠᠭᠠᠴᠤᠳ ᠤᠨ ᠡᠷᠡᠬᠦᠯ ᠴᠠᠬᠢᠷᠠᠭ᠂ ᠵᠤᠯ ᠵᠢᠷᠭᠠᠯ ᠲᠠᠢ ᠦᠰᠦᠨ ᠪᠤᠶᠢᠵᠢᠬᠤ ᠳᠤ | ᠬᠠᠯᠠᠮᠵᠢ ᠲᠡᠮᠵᠢᠯᠭᠡ ᠪᠠᠨ ᠦᠵᠡᠬᠦᠯᠵᠦ ᠪᠠᠶᠢᠭ᠎ᠠ ᠪᠦᠬᠦᠶᠢᠯᠡ ᠬᠦᠮᠦᠰ ᠲᠤ ᠴᠢᠩ ᠦᠨᠡᠨᠴᠢ ᠪᠠᠶᠠᠷ ᠲᠠᠯᠠᠷᠡᠬᠠᠯ ᠢᠶᠠᠨ | ᠲᠡᠪᠰᠢᠬᠦᠯᠦᠨ᠂ ᠪᠠᠭᠠᠴᠤᠳ ᠬᠡᠦᠬᠡᠳ ᠤᠨ ᠪᠠᠶᠠᠷ ᠬᠥᠷ ᠲᠠᠢ ᠡᠷᠡᠬᠦᠯ ᠢᠶᠠᠷ ᠦᠰᠦᠨ ᠪᠣᠶᠢᠵᠢᠬᠤ ᠶᠢ ᠬᠦᠰᠡᠨ ᠵᠦᠩᠨᠠᠵᠠᠢ᠃ | ᠲᠡᠯᠡᠬᠡᠢ ᠶᠢᠨ 75 ᠳᠠᠬᠢ ᠪᠠᠭᠠᠴᠣᠳ ᠬᠡᠦᠭᠡᠳ ᠤᠨ ᠪᠠᠶᠠᠷ ᠬᠦᠷᠴᠦ ᠢᠷᠡᠬᠦ ᠲᠠᠰᠢᠷᠠᠮ ᠢᠶᠠᠷ᠂ ᠪᠠᠷᠠᠭᠤᠨ | ᠦᠵᠦᠮᠦᠴᠢᠨ ᠬᠤᠰᠢᠭᠤᠨ ᠤ ᠨᠢᠭᠡᠳᠦᠭᠡᠷ ᠪᠠᠭ᠎ᠠ ᠰᠣᠷᠭᠠᠭᠤᠯᠢ ᠶᠢᠨ ᠬᠦᠷᠢᠶᠠᠨ ᠳᠤ ᠪᠠᠶᠠᠷ ᠤᠨ ᠡᠳᠦᠷ ᠤᠨ ᠬᠦᠭ ᠠᠶᠢᠵᠠᠮ | ᠦᠷᠬᠦᠯᠵᠢᠯᠡᠵᠦ᠂ ᠬᠡᠩᠭᠡᠷᠭᠡ ᠴᠠᠩ ᠳᠡᠯᠡᠳᠦᠨ ᠲᠤᠭ ᠲᠠᠯᠪᠠᠭ᠎ᠠ ᠨᠠᠮᠢᠷᠠᠭᠤᠯᠣᠭᠰᠠᠨ ᠦᠪᠡᠷᠮᠢᠴᠡ ᠣᠨᠴᠠᠯᠢᠭ ᠲᠠᠢ ᠵᠢᠭᠰᠠᠭᠠᠯ | ᠤᠳ ᠲᠠᠯᠠᠪᠠᠢ ᠳᠤ ᠣᠷᠣᠵᠣ᠂ ᠬᠤᠰᠢᠭᠤᠴᠢ ᠠᠩᠬᠢ ᠶᠢᠨ ᠰᠢᠷᠢᠰ ᠠᠵᠢᠯᠯᠠᠭ᠎ᠠ᠂ ᠣᠯᠠᠭᠠᠨ ᠪᠦᠴᠡ ᠣᠯᠭᠤᠬᠤ ᠶᠣᠰᠣᠯᠠᠯ | ᠵᠡᠷᠭᠡ ᠨᠢ ᠪᠠᠶᠠᠷ ᠤᠨ ᠡᠳᠦᠷ ᠤᠨ ᠠᠭᠤᠷ ᠠᠮᠢᠰᠬᠤᠯ ᠢᠶᠠᠷ ᠪᠢᠯᠬᠠᠭᠤᠯᠵᠤ ᠪᠠᠶᠢᠯ᠎ᠠ᠃ ᠰᠤᠷᠭᠠᠭᠤᠯᠢ ᠠᠴᠠ ᠪᠠᠰᠠ ᠰᠤᠷᠤᠯᠭ᠎ᠠ | ᠠᠮᠢᠳᠤᠷᠠᠯ ᠤᠨ ᠲᠠᠯ᠎ᠠ ᠪᠠᠷ ᠰᠢᠯᠢᠳᠡᠭ ᠬᠢᠷᠢ ᠪᠦᠳᠦᠮᠵᠢ ᠲᠠᠢ ᠰᠤᠷᠤᠭᠴᠢᠳ ᠵᠢᠴᠢ ᠰᠣᠷᠭᠠᠭᠤᠯᠢ ᠶᠢᠨ ᠠᠵᠢᠯ ᠢ ᠲᠡᠮᠵᠢᠵᠦ | ᠬᠠᠮᠵᠢᠯᠴᠠᠭᠰᠠᠭᠠᠷ ᠢᠷᠡᠭᠰᠡᠨ ᠭᠡᠰᠡᠭ ᠰᠢᠯᠢᠳᠡᠭ ᠭᠡᠷ ᠤᠨ ᠠᠬᠠᠮᠠᠳ ᠢ ᠬᠦᠬᠢᠬᠦᠯᠦᠨ ᠱᠠᠩᠨᠠᠬᠤ ᠶᠢᠨ ᠬᠠᠮᠲᠦ᠂ ᠬᠡᠤᠬᠡᠳ ᠤᠳ | ᠤᠨ ᠴᠢᠷᠮᠠᠶᠢᠨ ᠰᠤᠷᠤᠯᠴᠠᠵᠦ᠂ ᠡᠷᠡᠭᠦᠯ ᠢᠶᠠᠷ ᠦᠰᠦᠨ ᠪᠤᠶᠢᠵᠢᠬᠤ ᠶᠢ ᠵᠤᠷᠢᠭᠵᠢᠭᠤᠯᠪᠠ᠃ ᠪᠠᠰᠠ ᠪᠡᠶ᠎ᠡ ᠲᠠᠮᠢᠷ ᠤᠨ | ᠤᠷᠤᠯᠳᠤᠭᠠᠨ᠂ ᠤᠷᠠᠨ ᠰᠠᠶᠢᠬᠠᠨ ᠤ ᠲᠤᠭᠯᠠᠯᠳᠠ᠂ ᠤᠷᠠᠨ ᠵᠢᠷᠤᠭ ᠤᠨ ᠦᠵᠡᠰᠭᠦᠯᠡᠩ ᠵᠡᠷᠭᠡ ᠶᠢ ᠵᠤᠬᠢᠶᠠᠨ ᠪᠠᠶᠢᠭᠤᠯᠥᠨ | ᠶᠠᠪᠤᠭᠳᠠᠭᠤᠯᠵᠦ᠂ ᠬᠡᠤᠬᠡᠳ ᠤᠳ ᠲᠤ ︽6.1︾ ᠤ ᠪᠠᠶᠠᠷ ᠪᠠᠶᠠᠰᠤᠯ ᠢ ᠡᠳ᠋ᠯᠡᠭᠦᠯᠦᠭᠰᠡᠨ ᠢᠶᠠᠷ ᠪᠠᠷᠠᠬᠤ ᠦᠭᠡᠢ᠂ | ᠦᠷᠭᠦᠯᠵᠢᠯᠡᠨ ᠰᠤᠷᠤᠯᠭ᠎ᠠ ᠬᠢᠴᠢᠶᠡᠯ ᠳᠡᠭᠡᠨ ᠢᠳᠡᠪᠬᠢᠯᠡᠨ ᠴᠢᠷᠮᠠᠶᠢᠬᠤ ᠤᠷᠮ᠎ᠠ ᠵᠤᠷᠢᠭ ᠢ ᠨᠢ ᠬᠦᠭᠵᠢᠭᠡᠭᠰᠡᠨ ᠪᠠᠶᠢᠨ᠎ᠠ᠃ | | ᠬᠤᠰᠢᠭᠤ ᠬᠤᠶᠠᠳᠤᠭᠠᠷ ᠪᠠᠭ᠎ᠠ ᠰᠤᠷᠭᠠᠭᠤᠯᠢ ᠨᠢ ᠰᠤᠷᠤᠭᠴᠢᠳ ᠤᠨ ᠵᠢᠠᠠᠰᠠᠭᠠᠯ᠂ ᠤᠷ᠎ᠠ ᠴᠢᠳᠠᠪᠦᠷᠢ ᠶᠢᠨ | ᠦᠵᠡᠭᠦᠯᠦᠯᠭᠡ ᠵᠡᠷᠭᠡ ᠠᠵᠢᠯᠯᠠᠭᠠᠨ ᠤ ᠲᠠᠷᠠᠭ᠎ᠠ᠂ ᠪᠠᠭᠠᠴᠤᠳ ᠤᠨ ᠬᠤᠰᠢᠭᠤᠴᠢ ᠠᠩᠬᠢ ᠶᠢᠨ ᠰᠢᠨ᠎ᠡ ᠭᠡᠰᠢᠭᠦᠳ ᠤᠨ | ᠬᠤᠰᠢᠭᠤᠴᠢ ᠠᠩᠬᠢ ᠳᠤ ᠤᠷᠤᠬᠤ ᠶᠤᠰᠤᠯᠠᠯ ᠶᠠᠪᠤᠭᠳᠠᠭᠤᠯᠵᠦ᠂ ᠤᠯᠠᠨ ᠢᠶᠠᠷ ᠢᠶᠠᠨ ᠪᠠᠭᠠᠴᠤᠳ ᠤᠨ ᠬᠤᠰᠢᠭᠤᠴᠢ ᠠᠩᠬᠢ | ᠶᠢᠨ ᠲᠤᠭ ᠲᠤ ᠬᠠᠨᠳᠤᠨ ᠲᠦᠪ ᠴᠢᠩᠭ᠎ᠠ ᠪᠠᠷ ︽ᠡᠪ ᠬᠠᠮᠲᠦ ᠶᠤᠰᠤᠨ ᠤ ᠦᠢᠯᠡᠰ ᠤᠨ ᠲᠦᠯᠦᠭᠡ ᠬᠦᠴᠦᠨ ᠴᠢᠳᠠᠯ ᠢᠶᠠᠨ | ᠡᠷᠭᠦᠨ᠎ᠡ︾ ᠭᠡᠵᠦ ᠲᠠᠩᠭᠠᠷᠢᠭᠯᠠᠪᠠ᠃ ᠡᠬᠢᠯᠡᠯᠲᠡ ᠶᠢᠨ ᠶᠤᠰᠤᠯᠠᠯ ᠤᠨ ᠲᠠᠷᠠᠭ᠎ᠠ᠂ ᠬᠦᠨᠲᠦ ᠭᠦᠡᠭᠭᠡᠨ ᠪᠡᠶ᠎ᠡ ᠲᠠᠮᠢᠷ ᠤᠨ | ᠤᠷᠤᠯᠳᠤᠭᠠᠨ ᠡᠬᠢᠯᠡᠵᠦ᠂ ᠪᠢᠴᠢᠬᠠᠨ ᠲᠠᠮᠢᠷᠴᠢᠳ ᠮᠠᠨᠢ ᠠᠪᠢᠶᠠᠰ ᠴᠢᠳᠠᠪᠦᠷᠢ ᠪᠠᠨ ᠪᠠᠳᠠᠷᠠᠭᠤᠯᠥᠨ ᠢᠳᠡᠪᠬᠢᠲᠠᠢ | ᠦᠷᠢᠰᠤᠯᠳᠦᠵᠦ᠂ ᠪᠠᠶᠠᠷ ᠤᠨ ᠡᠳᠦᠷ ᠢᠶᠠᠨ ᠬᠦᠷ ᠬᠦᠭᠵᠢᠶᠡᠨ ᠲᠠᠢ᠂ ᠤᠳᠬ᠎ᠠ ᠠᠭᠤᠯᠭ᠎ᠠ ᠲᠠᠢ ᠲᠡᠮᠳᠡᠭᠯᠡᠪᠡ᠃ | ᠬᠤᠰᠢᠭᠤ ᠭᠤᠷᠪᠠᠳᠤᠭᠠᠷ ᠪᠠᠭ᠎ᠠ ᠰᠤᠷᠭᠠᠭᠤᠯᠢ ᠨᠢ 5 ᠰᠠᠷ᠎ᠠ ᠶᠢᠨ 30 ᠤ ᠦᠲᠡ ᠶᠢᠨ ᠡᠮᠦᠨᠡᠬᠢ ᠨᠠᠢᠮᠠᠨ ᠴᠠᠭ ᠬᠠᠭᠠᠰ | ᠲᠤ ︽ᠲᠡᠯᠡᠭᠡᠢ ᠶᠢᠨ ᠪᠠᠭᠠᠴᠤᠳ ᠬᠡᠦᠬᠡᠳ ᠤᠨ ᠪᠠᠶᠠᠷ︾ ᠢ ᠪᠡᠯᠭᠡᠯᠡᠬᠦ ᠵᠢᠴᠢ ᠠᠷᠪᠠᠨ ᠲᠤᠯᠤᠳᠤᠭᠠᠷ ᠤᠳᠠᠭᠠᠨ ᠤ | ᠰᠤᠷᠤᠭᠴᠢᠳ ᠤᠨ ᠬᠦᠨᠳᠦ ᠬᠥᠩᠭᠡᠨ ᠪᠡᠶ᠎ᠡ ᠲᠠᠮᠢᠷ ᠤᠨ ᠴᠤᠭᠯᠠᠭᠠᠨ ᠤ ᠡᠬᠢᠯᠡᠯᠲᠡ ᠶᠢᠨ ᠶᠣᠰᠣᠯᠠᠯ ᠶᠠᠪᠤᠭᠳᠠᠭᠤᠯᠪᠠ᠃ | ᠪᠠᠶᠠᠷ ᠬᠦᠷ ᠴᠠᠯᠬᠢᠭᠰᠠᠨ ᠰᠤᠷᠭᠠᠭᠤᠯᠢ ᠶᠢᠨ ᠬᠦᠷᠢᠶᠡᠨ ᠳᠤ ᠪᠠᠭᠰᠢ᠂ ᠰᠤᠷᠤᠭᠴᠢᠳ ᠤᠨ ᠡᠩᠨᠡᠭᠡ ᠰᠤᠯᠤᠩᠭᠠᠷᠠᠨ᠂ | ᠲᠡᠯᠡᠬᠡᠢ ᠶᠢᠨ ᠪᠠᠭᠠᠴᠣᠳ ᠬᠡᠤᠬᠡᠳ ᠤᠨ ᠪᠠᠶᠠᠷ ᠢ ᠦᠪᠡᠳᠡᠭᠰᠢ ᠰᠠᠶᠢᠬᠠᠨ ᠪᠡᠯᠭᠡᠯᠡᠵᠦ᠂ ᠬᠦᠷ ᠨᠠᠷᠬᠢᠶᠠᠨ ᠢᠶᠠᠷ ᠪᠢᠯᠬᠠᠨ᠎ᠠ᠃ | | ᠤᠯᠤᠰ ᠤᠨ ᠲᠤᠭ ᠤᠨ ᠠᠩᠭᠢ᠂ ᠰᠤᠷᠭᠠᠭᠤᠯᠢ ᠶᠢᠨ ᠲᠤᠬ᠂ ᠪᠠᠭᠠᠴᠤᠳ ᠤᠨ ᠬᠤᠰᠢᠭᠤᠴᠢ ᠠᠩᠭᠢ ᠶᠢᠨ ᠶᠡᠭᠡ | ᠠᠩᠭᠢ ᠶᠢᠨ ᠲᠤᠬ᠂ ᠤᠷᠤᠯᠳᠤᠭᠠᠨ ᠤ ᠰᠦᠯᠳᠡ᠂ ᠬᠡᠩᠭᠡᠷᠭᠡ ᠪᠦᠷᠢᠶᠡᠨ ᠤ ᠠᠩᠭᠢ ᠵᠡᠷᠬᠡ ᠬᠦᠬᠡᠷᠦᠬᠦᠨ ᠴᠤᠪᠤᠭᠤᠯᠢᠭ | ᠰᠣᠷᠣᠭᠴᠢᠳ ᠤᠨ ᠡᠩᠨᠡᠭᠡ ᠲᠡᠷᠢᠬᠦᠯᠡᠭᠴᠢ ᠶᠢᠨ ᠲᠠᠶᠢᠰᠠᠨ ᠤ ᠡᠮᠦᠨᠡᠭᠦᠷ ᠵᠢᠪᠬᠤᠭ᠎ᠠ ᠲᠠᠢ ᠦᠩᠬᠡᠷᠡᠬᠦ ᠳᠤ ᠦᠪᠡᠷᠮᠢᠴᠡ ᠬᠡᠪ | ᠨᠠᠮᠪᠠ ᠪᠠᠷ ᠭᠤᠶᠤᠯᠠᠵᠤ ᠴᠢᠮᠡᠭᠰᠡᠨ ᠡᠯ᠎ᠡ ᠠᠩᠭᠢ ᠶᠢᠨ ᠰᠤᠷᠤᠭᠴᠢ ᠶᠢᠨ ᠵᠢᠠᠠᠰᠠᠭᠠᠯ ᠤᠨ ᠡᠩᠨᠡᠭᠡ ᠨᠢ ᠲᠠᠷᠠᠭᠠᠯᠠᠨ ᠲᠠᠯᠠᠪᠠᠢ | ᠳᠤ ᠤᠷᠤᠵᠤ᠂ ᠬᠤᠷᠠᠭᠰᠠᠨ ᠤᠯᠠᠨ ᠤ ᠰᠡᠳᠬᠢᠯ ᠢ ᠪᠠᠶᠠᠰᠬᠠᠪᠠ᠃ | ᠰᠣᠷᠭᠠᠭᠤᠯᠢ ᠠᠴᠠ ᠪᠠᠰᠠ ᠰᠢᠨ᠎ᠡ ᠪᠠᠷ ᠡᠯᠰᠡᠭᠳᠡᠭᠰᠡᠨ ᠬᠤᠰᠢᠭᠤᠴᠢ ᠠᠩᠬᠢ ᠶᠢᠨ ᠬᠡᠰᠢᠭᠦᠳ ᠲᠤ ᠤᠯᠠᠭᠠᠨ ᠪᠦᠴᠡ | ᠤᠯᠭᠤᠨ᠂ ᠭᠤᠷᠪᠠᠨ ᠰᠠᠶᠢᠳᠠᠢ ᠰᠤᠷᠤᠭᠴᠢ᠂ ᠰᠢᠯᠢᠳᠡᠭ ᠬᠤᠰᠢᠭᠤᠴᠢ ᠠᠩᠬᠢ ᠶᠢᠨ ᠺᠠᠲᠠᠷ ᠪᠤᠯᠤᠨ ᠲᠡᠷᠢᠬᠦᠨ ᠤ ᠠᠩᠬᠢ | ᠨᠢᠭᠡᠴᠡ ᠶᠢ ᠱᠠᠩᠨᠠᠨ ᠵᠤᠷᠢᠭᠵᠢᠭᠤᠯᠵᠤ᠂ ᠪᠦᠬᠡ ᠶᠢᠨ ᠤᠷᠤᠯᠳᠤᠭᠠᠨ ᠪᠠ ᠬᠦᠨᠳᠦ ᠬᠦᠩᠭᠡᠨ ᠪᠡᠶ᠎ᠡ ᠲᠠᠮᠢᠷ ᠤᠨ ᠠᠵᠢᠯᠯᠠᠭ᠎ᠠ | ᠶᠢ ᠡᠷᠬᠢᠯᠡᠨ ᠶᠠᠪᠤᠭᠳᠠᠭᠤᠯᠵᠤ᠂ ᠬᠡᠤᠬᠡᠳ ᠪᠠᠭᠠᠴᠤᠳ ᠢᠶᠠᠨ ᠪᠠᠶᠠᠷ ᠪᠠᠭ᠋ᠠᠳᠤᠯ ᠲᠠᠢ᠂ ᠦᠭᠡᠳᠡᠷᠭᠡᠭ ᠰᠠᠶᠢᠬᠠᠨ ᠪᠠᠶᠠᠷ ᠤᠨ | ᠡᠳᠦᠷ ᠢᠶᠠᠨ ᠦᠩᠭᠡᠷᠡᠬᠦᠯᠬᠦ ᠶᠢ ᠵᠤᠷᠢᠵᠠᠢ᠃ | ᠬᠤᠰᠢᠭᠤ ᠳᠥᠷᠪᠡᠳᠦᠭᠡᠷ ᠪᠠᠭ᠎ᠠ ᠰᠤᠷᠭᠠᠭᠤᠯᠢ ᠶᠢᠨ ᠬᠦᠷᠢᠶᠡᠨ ᠳᠤ ᠪᠠᠶᠠᠷ ᠤᠨ ᠡᠲᠦᠷ ᠤᠨ ᠪᠠᠶᠠᠷ ᠵᠢᠷᠭᠠᠯ ᠢᠶᠠᠷ | ᠪᠢᠯᠬᠠᠨ᠂ ᠰᠢᠨ᠎ᠡ ᠴᠠᠭ ᠦᠶ᠎ᠡ ᠶᠢᠨ ᠬᠡᠦᠬᠡᠳ ᠪᠠᠭᠠᠴᠤᠳ ᠤᠨ ᠬᠦᠬᠡᠷᠦᠬᠦᠨ ᠴᠤᠪᠤᠭᠤ ᠲᠦᠷᠢ ᠲᠦᠷᠬᠦ ᠶᠢ ᠬᠦᠢᠴᠡᠳ | ᠬᠠᠷᠠᠭᠤᠯᠤᠨ᠎ᠠ᠃ | ᠲᠠᠪᠤᠨ ᠣᠳᠣᠲᠤ ᠤᠯᠠᠭᠠᠨ ᠲᠤᠭ ᠤᠯᠤᠰ ᠤᠨ ᠰᠦᠯᠳᠡ ᠳᠠᠭᠤᠤ ᠶᠢᠨ ᠠᠶᠠᠰ ᠳᠤᠮᠳᠠ ᠠᠯᠭᠤᠷᠬᠠᠨ ᠮᠠᠨᠳᠤᠵᠤ᠂ | ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠳ ᠤᠯᠠᠭᠠᠨ ᠪᠦᠴᠡ ᠪᠠᠨ ᠤᠯᠠᠯᠵᠠᠭᠤᠯᠤᠨ ᠴᠤᠭ ᠵᠢᠪᠬᠤᠭ᠎ᠠ ᠲᠠᠢ ᠪᠠᠷ | ᠲᠠᠯᠠᠪᠠᠢ ᠳᠤ ᠣᠷᠣᠪᠡ᠃ ᠬᠡᠦᠬᠡᠳ ᠤᠳ ᠳᠠᠭᠤᠤ ᠪᠥᠵᠢᠭ ᠢᠶᠠᠷ ᠢᠶᠠᠨ ᠪᠠᠶᠠᠷ ᠤᠨ ᠡᠳᠦᠷ ᠢᠶᠠᠨ ᠤᠭᠲᠤᠨ ᠬᠢᠵᠠᠭᠠᠷ ᠦᠭᠡᠢ | ᠶᠡᠭᠡ ᠪᠠᠶᠠᠷ ᠪᠠᠭ᠋ᠠᠳᠤᠯ ᠤᠨ ᠳᠤᠮᠳᠠ ᠤᠳᠬ᠎ᠠ ᠲᠡᠭᠦᠯᠳᠡᠷ ᠪᠠᠶᠠᠷ ᠤᠨ ᠡᠲᠦᠷ ᠢᠶᠠᠨ ᠲᠡᠮᠳᠡᠭᠯᠡᠯ᠎ᠡ᠃ | ᠬᠤᠰᠢᠭᠤ ᠪᠠᠶᠠᠨᠬᠤᠸᠠ ᠪᠠᠭ᠎ᠠ ᠰᠤᠷᠭᠠᠭᠤᠯᠢ ᠨᠢ ︽ᠬᠡᠦᠬᠡᠳ ᠤᠨ ᠰᠡᠳᠬᠢᠯ ᠨᠠᠮ ᠲᠠᠢ ᠪᠠᠨ ᠬᠠᠮᠲᠤ ᠬᠦᠰᠡᠯ ᠵᠡᠭᠦᠳᠦ ᠪᠠᠨ | ᠲᠡᠷᠭᠡᠯᠰᠢᠭᠦᠯᠵᠦ ᠰᠢᠨ᠎ᠡ ᠴᠠᠭ ᠦᠶ᠎ᠡ ᠳᠤ ᠡᠷᠡᠮᠡᠬᠡᠶᠢᠯᠡᠨ ᠤᠷᠤᠭᠰᠢᠯᠠᠨ᠎ᠠ︾ ᠭᠡᠬᠦ ᠭᠤᠣᠯ ᠰᠡᠳᠦᠪ ᠤᠨ ᠲᠣᠭᠤᠷᠢᠨ ᠳᠤ᠂ | ᠤᠯᠠᠨ ᠭᠤᠶᠢᠳᠠ ᠰᠠᠶᠢᠬᠠᠨ ᠠᠵᠢᠯᠯᠠᠭ᠎ᠠ ᠶᠢ ᠨᠢᠮᠪᠠᠢ ᠪᠡᠯᠡᠳᠬᠡᠵᠦ᠂ ᠬᠡᠦᠬᠡᠳ ᠤᠳ ᠲᠠᠢ ᠬᠠᠮᠲᠤ ᠵᠢᠷᠭᠤᠭᠠᠨ ᠰᠠᠷ᠎ᠠ ᠶᠢᠨ | ᠨᠢᠭᠡᠨ ᠢ ᠪᠠᠶᠠᠷᠯᠠᠨ ᠪᠡᠯᠭᠡᠯᠡᠵᠦ᠂ ᠳᠡᠳᠡᠨ ᠳᠤ ᠮᠠᠷᠲᠠᠭᠳᠠᠰᠢ ᠦᠭᠡᠢ ᠪᠠᠶᠠᠷ ᠪᠠᠶᠠᠰᠤᠯ ᠲᠠᠢ ᠴᠠᠭ ᠮᠥᠴᠡ ᠶᠢ ᠬᠠᠩᠭᠠᠵᠠᠢ᠃ | ᠵᠢᠷᠭᠤᠭᠠᠨ ᠰᠠᠷ᠎ᠠ ᠶᠢᠨ ᠨᠢᠭᠡᠨ ᠤ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠳᠡᠭᠡᠷ᠎ᠡ᠂ ᠰᠤᠷᠤᠭᠴᠢᠳ ᠵᠢᠭᠳᠡ | ᠠᠯᠬᠤᠭ᠎ᠠ ᠪᠠᠷ ᠲᠠᠯᠠᠪᠠᠢ ᠳᠤ ᠣᠷᠣᠵᠤ᠂ ᠤᠯᠤᠰ ᠤᠨ ᠰᠦᠯᠳᠡ ᠳᠠᠭᠤᠤ ᠶᠢᠨ ᠳᠤᠮᠳᠠ ᠲᠦᠪ ᠶᠤᠰᠤᠯᠠᠯ ᠶᠠᠪᠤᠭᠳᠠᠭᠤᠯᠵᠤ᠂ | ᠪᠠᠭᠠᠴᠤᠳ ᠤᠨ ᠬᠤᠰᠢᠭᠤᠴᠢ ᠠᠩᠭᠢ ᠶᠢᠨ ᠲᠥᠯᠥᠭᠡᠯᠡᠭᠴᠢ ᠠᠴᠠ ᠤᠯᠤᠰ ᠤᠨ ᠲᠤᠭ ᠤᠨ ᠳᠣᠣᠷ᠎ᠠ ᠶᠠᠷᠢᠶ᠎ᠠ ᠢᠯᠡᠳᠬᠡᠯ | ᠬᠢᠵᠦ᠂ ᠪᠠᠭᠠᠴᠤᠳ ᠤᠨ ᠠᠯᠤᠰ ᠬᠡᠲᠦ ᠶᠢᠨ ᠬᠦᠰᠡᠯ ᠵᠣᠷᠢᠯᠲᠠ ᠪᠣᠯᠤᠨ ᠢᠷᠡᠭᠡᠳᠦᠶ ᠶᠢᠨ ᠲᠤᠬᠠᠶ ᠰᠠᠶᠢᠨ ᠰᠠᠶᠢᠬᠠᠨ ᠬᠦᠰᠡᠯ | ᠡᠷᠡᠮᠡᠯᠵᠡᠯ ᠢᠶᠠᠨ ᠢᠯᠡᠳᠭᠡᠭᠰᠡᠨ ᠪᠠᠶᠢᠨ᠎ᠠ᠃ | | ᠬᠥᠬᠢᠭᠦᠯᠦᠨ ᠰᠠᠶᠢᠰᠢᠶᠠᠬᠤ ᠶᠣᠰᠣᠯᠠᠯ ᠤᠨ ᠳᠠᠷᠠᠭ᠎ᠠ᠂ ᠰᠤᠷᠤᠭᠴᠢᠳ ᠤᠨ ᠪᠦᠲᠦᠭᠡᠯ ᠤᠨ ᠦᠵᠡᠭᠦᠯᠦᠯᠭᠡ ᠶᠠᠪᠤᠭᠤᠯᠵᠤ᠂ | ᠰᠤᠷᠭᠠᠭᠤᠯᠢ ᠶᠢᠨ ᠬᠦᠷᠢᠶᠡᠨ ᠤ ᠰᠣᠶᠣᠯ ᠤᠨ ᠷᠢᠳᠢ ᠰᠢᠳᠢ ᠶᠢ ᠭᠦᠢᠴᠡᠳ ᠢᠯᠡᠷᠡᠬᠦᠯᠦᠨ᠂ ᠬᠦᠨᠳᠦ ᠬᠥᠩᠭᠡᠨ ᠲᠠᠮᠢᠷ ᠤᠨ | ᠴᠤᠭᠯᠠᠭᠠᠨ ᠳᠤ ᠰᠤᠷᠤᠭᠴᠢᠳ ᠡᠷᠡᠯᠬᠡᠭᠯᠡᠨ ᠲᠡᠮᠡᠴᠡᠵᠦ᠂ ᠴᠤᠭ ᠪᠠᠳᠠᠷᠠᠩᠭᠤᠶ ᠥᠭᠡᠳᠡᠯᠡᠨ ᠳᠠᠪᠰᠢᠬᠤ ᠣᠶᠤᠨ ᠰᠠᠨᠠᠭᠠᠨ ᠤ | ᠳᠦᠷᠰᠦ ᠪᠠᠶᠢᠳᠠᠯ ᠢᠶᠠᠨ ᠢᠯᠡᠷᠡᠭᠦᠯᠪᠡ᠃ | 5 ᠰᠠᠷ᠎ᠡ ᠶᠢᠨ 30 ᠤ ᠡᠳᠦᠷ᠂ ᠬᠤᠰᠢᠭᠤ ᠪᠠᠶᠠᠬᠠᠭᠤᠯᠠ ᠬᠡᠣᠬᠡᠳ ᠤᠨ ᠴᠡᠴᠡᠷᠯᠢᠭ ᠨᠢ ᠵᠢᠷᠭᠤᠭᠠᠨ ᠰᠠᠷ᠎ᠡ ᠶᠢᠨ ᠨᠢᠭᠡᠨ | ᠤ ᠬᠡᠣᠬᠡᠳ ᠤᠨ ᠪᠠᠶᠠᠷ ᠢ ᠪᠠᠯᠬᠡᠯᠠᠬᠦ ᠠᠵᠢᠯᠯᠠᠭ᠎ᠠ ᠦᠷᠨᠢᠬᠦᠯᠪᠠ᠃ ᠡᠬᠢᠯᠠᠯᠳᠠ ᠶᠢᠨ ᠶᠤᠰᠣᠯᠠᠯ ᠳᠤ᠂ ᠠᠩᠭᠢ ᠨᠢᠬᠡᠴᠠ ᠪᠠᠷ | ᠲᠠᠯᠠᠪᠡᠢ ᠳᠤ ᠤᠷᠤᠵᠦ᠂ ᠤᠯᠤᠰ ᠤᠨ ᠲᠤᠭ ᠮᠠᠨᠳᠣᠭᠤᠯᠤᠨ᠂ ᠴᠡᠴᠡᠷᠯᠢᠭ ᠤᠨ ᠲᠦᠯᠤᠬᠡᠯᠡᠭᠴᠢ ᠠᠴᠠ ᠬᠡᠣᠬᠡᠳ ᠤᠳ ᠲᠤ | ᠪᠠᠶᠠᠷ ᠤᠨ ᠡᠳᠦᠷ ᠤᠨ ᠮᠠᠨᠳᠣ ᠭᠦᠷᠬᠡᠨ᠂ ᠲᠠᠳᠠᠨᠠᠷ ᠤᠨ ᠡᠷᠡᠬᠦᠯ ᠴᠢᠬᠢᠷᠠᠭ ᠪᠠᠶᠠᠷ ᠪᠠᠶᠠᠰᠣᠯ ᠲᠠᠢ ᠦᠰᠣᠨ ᠪᠤᠶᠢᠵᠢᠬᠤ ᠶᠢ | ᠵᠦᠩᠨᠠᠪᠠ᠃ ᠶᠤᠰᠣᠯᠠᠯ ᠤᠨ ᠲᠠᠷᠠᠭ᠎ᠠ᠂ ᠴᠡᠴᠡᠷᠯᠢᠭ ᠤᠨ ᠡᠯ᠎ᠠ ᠠᠩᠭᠢ ᠨᠢ ᠲᠤᠭᠤᠢ ᠲᠠᠷᠬᠡ᠂ ᠲᠡᠬᠡᠰᠣ ᠦᠰᠦᠷᠬᠦ᠂ | ᠦᠨᠳᠣᠷ ᠦᠰᠦᠷᠬᠦ ᠵᠡᠷᠬᠡ ᠤᠯᠠᠨ ᠰᠠᠶᠢᠬᠠᠨ ᠦᠵᠡᠬᠦᠯᠤᠯᠬᠡ ᠭᠠᠷᠭᠠᠭᠰᠠᠨ ᠤ ᠬᠠᠮᠳᠣ᠂ ᠬᠡᠣᠬᠡᠳ ᠭᠡᠷ ᠤᠨ ᠠᠬᠠᠠᠮᠠᠳ ᠬᠠᠮᠳᠣ | ᠪᠠᠷ ᠵᠢᠷᠭᠤᠭᠠᠨ ᠰᠠᠷ᠎ᠡ ᠶᠢᠨ ᠨᠢᠭᠡᠨ ᠢᠶᠠᠨ ᠪᠠᠯᠬᠡᠯᠠᠬᠦ᠂ ᠡᠬᠡ ᠤᠯᠤᠰ ᠢᠶᠠᠨ ᠬᠠᠶᠢᠷᠠᠯᠠᠬᠤ᠂ ᠪᠠᠶᠠᠷ ᠪᠠᠶᠠᠰᠬᠤᠯᠠᠩᠳᠣ ᠬᠡᠣᠬᠡᠳ | ᠤᠨ ᠴᠡᠴᠡᠷᠯᠢᠭ ᠵᠡᠷᠬᠡ ᠠᠭᠤᠯᠭ᠎ᠠ ᠶᠢᠨ ᠲᠤᠭᠤᠷᠢᠨ ᠳᠤ ᠵᠢᠷᠤᠭ ᠵᠢᠷᠤᠵᠦ᠂ ᠪᠠᠶᠠᠷ ᠤᠨ ᠡᠳᠦᠷ ᠢᠶᠠᠨ ᠤᠳᠬ᠎ᠠ ᠠᠭᠤᠯᠭ᠎ᠠ | ᠲᠠᠢ᠂ ᠪᠠᠶᠠᠷ ᠵᠢᠷᠭᠠᠯ ᠲᠠᠢ ᠲᠡᠮᠳᠡᠭᠯᠡᠭᠰᠡᠨ ᠪᠠᠶᠢᠨ᠎ᠠ᠃ | ᠬᠤᠰᠢᠭᠤ ᠪᠠᠶᠠᠨᠬᠤᠰᠢᠭᠤ ᠬᠡᠦᠬᠡᠳ ᠤᠨ ᠴᠡᠴᠡᠷᠯᠢᠭ ᠲᠤ ︽ᠰᠠᠶᠢᠨ ᠬᠦᠮᠦᠵᠢᠭᠦᠯᠦᠨ ᠳᠦᠷᠢᠮ ᠢ ᠰᠠᠬᠢᠵᠦ | ᠬᠡᠣᠬᠡᠳ ᠤᠨ ᠣᠶᠤᠨ ᠢ ᠰᠡᠩᠬᠡᠷᠡᠭᠦᠯᠵᠦ ᠰᠢᠨᠵᠢᠯᠡᠭᠡ ᠮᠡᠷᠭᠡᠵᠢᠯ ᠢᠶᠠᠷ ᠵᠢᠷᠭᠤᠭᠠᠨ ᠰᠠᠷ᠎ᠠ ᠶᠢᠨ ᠨᠢᠭᠡᠨ ᠢ ᠤᠭᠲᠤᠬᠤ︾ | ᠳᠡᠯᠡᠬᠡᠢ ᠶᠢᠨ ᠬᠡᠣᠬᠡᠳ ᠤᠨ ᠪᠠᠶᠠᠷ ᠢ ᠪᠡᠯᠭᠡᠯᠡᠬᠦ ᠭᠤᠣᠯ ᠰᠡᠳᠦᠪᠲᠦ ᠠᠵᠢᠯᠯᠠᠭ᠎ᠠ ᠥᠷᠨᠢᠭᠦᠯᠪᠡ᠃ ᠡᠬᠢᠯᠡᠯᠲᠡ ᠶᠢᠨ | ᠶᠣᠰᠣᠯᠠᠯ ᠳᠤ᠂ ᠡᠯ᠎ᠡ ᠠᠩᠭᠢ ᠨᠢᠭᠡᠴᠡ ᠨᠢ ᠭᠤᠶᠢᠳᠠ ᠰᠠᠶᠢᠬᠠᠨ ᠦᠵᠡᠭᠦᠯᠦᠯᠭᠡ ᠶᠢᠨ ᠲᠤᠭᠯᠠᠯᠲᠠ ᠪᠠᠨ ᠬᠠᠷᠠᠭᠤᠯᠤᠨ᠂ | ᠬᠡᠦᠬᠡᠳ ᠤᠳ ᠤᠨ ᠪᠠᠶᠠᠷ ᠪᠠᠶᠠᠰᠣᠯ ᠲᠠᠢ᠂ ᠡᠷᠡᠭᠦᠯ ᠴᠢᠭᠢᠷᠠᠭ ᠥᠰᠥᠨ ᠪᠤᠶᠢᠵᠢᠭ᠎ᠠ ᠶᠢ ᠭᠦᠢᠴᠡᠳ ᠢᠯᠡᠷᠡᠭᠦᠯᠦᠭᠰᠡᠨ | ᠪᠠᠶᠢᠨ᠎ᠠ᠃ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ ᠪᠠᠰᠠ ᠰᠢᠨᠵᠢᠯᠡᠬᠦ ᠤᠬᠠᠭᠠᠨ ᠮᠡᠷᠭᠡᠵᠢᠯ ᠤᠨ ᠲᠤᠰᠬᠠᠢ ᠪᠤᠯᠤᠩ | ᠲᠤᠬᠢᠷᠠᠭᠤᠯᠵᠤ᠂ ᠬᠡᠣᠬᠡᠳ ᠤᠳ ᠨᠠᠭᠠᠳᠤᠮ ᠲᠤᠭᠯᠠᠭᠠᠮ᠂ ᠬᠤᠪᠴᠠᠰᠣ ᠵᠠᠰᠠᠯ ᠢᠶᠠᠷ ᠳᠠᠮᠵᠢᠨ ᠰᠢᠨᠵᠢᠯᠡᠬᠦ ᠤᠬᠠᠭᠠᠨ ᠤ | ᠥᠪᠡᠷᠮᠢᠴᠡ ᠷᠢᠳᠢ ᠰᠢᠳᠢ ᠶᠢ ᠪᠡᠶᠡᠴᠢᠯᠡᠨ ᠣᠶᠢᠯᠠᠭᠠᠪᠠ᠃ ᠡᠭᠦᠨ ᠤ ᠬᠠᠮᠲᠤ᠂ ᠭᠡᠷ ᠤᠨ ᠠᠬᠠᠮᠠᠳ ᠬᠡᠣᠬᠡᠳ ᠤᠳ | ᠬᠠᠮᠲᠤᠪᠡᠷ ᠣᠷᠤᠯᠴᠠᠭᠰᠠᠨ ᠡᠯ᠎ᠡ ᠲᠥᠷᠦᠯ ᠤᠨ ᠰᠣᠨᠢᠷᠬᠠᠯᠲᠤ ᠨᠠᠭᠠᠳᠣᠮ ᠲᠤᠭᠯᠠᠭᠠᠮ ᠶᠠᠪᠤᠭᠳᠠᠭᠤᠯᠵᠤ᠂ ᠴᠡᠴᠡᠷᠯᠢᠭ ᠤᠨ | ᠬᠦᠷᠢᠶ᠎ᠡ ᠪᠠᠶᠠᠷ ᠬᠥᠷ ᠢᠶᠠᠷ ᠪᠢᠯᠬᠠᠨ᠂ ᠬᠡᠤᠬᠡᠳ᠂ ᠪᠠᠭᠰᠢ᠂ ᠭᠡᠷ ᠤᠨ ᠠᠬᠠᠮᠠᠳ ᠬᠠᠮᠲᠤ ᠪᠠᠷ ᠵᠢᠷᠭᠤᠭᠠᠨ ᠰᠠᠷ᠎ᠠ ᠶᠢᠨ ᠨᠢᠭᠡᠨ | ᠤ ᠪᠠᠶᠠᠷᠲᠤ ᠮᠦᠴᠡ ᠶᠢ ᠤᠭᠲᠤᠨ ᠪᠡᠯᠭᠡᠯᠡᠭᠰᠡᠨ ᠪᠠᠶᠢᠨ᠎ᠠ᠃ | ᠬᠤᠰᠢᠭᠤ ᠵᠢᠷ ᠤᠨ ᠭᠤᠣᠯ ᠬᠡᠦᠭᠡᠳ ᠤᠨ ᠴᠡᠴᠡᠷᠯᠢᠭ ᠤᠨ ᠪᠠᠶᠠᠷ ᠤᠨ ᠡᠳᠦᠷ ᠢᠶᠠᠨ ᠪᠡᠯᠭᠡᠯᠡᠬᠦ ᠠᠵᠢᠯᠯᠠᠭ᠎ᠠ ᠳᠤ᠂ | ᠬᠡᠦᠭᠡᠳ ᠤᠳ ᠬᠦᠭᠡᠷᠦᠭᠦᠨ ᠴᠣᠪᠣᠭᠤᠯᠢᠭ ᠢᠶᠠᠷ ᠭᠤᠶᠣᠯᠠᠵᠦ᠂ ᠠᠩᠬᠢ ᠠᠩᠬᠢ ᠶᠢᠨ ᠦᠪᠡᠷᠮᠢᠴᠡ ᠣᠨᠴᠠᠯᠢᠭ ᠲᠠᠢ | ᠵᠢᠭᠰᠠᠭᠠᠯ ᠲᠠᠮᠢᠷ ᠤᠨ ᠲᠠᠯᠠᠪᠠᠢ ᠳᠤ ᠤᠷᠤᠵᠤ᠂ ᠬᠡᠥᠬᠡᠳ ᠤᠨ ᠪᠠᠶᠠᠷ ᠢᠶᠠᠨ ᠨᠢᠵᠢᠭᠢᠷ ᠰᠠᠶᠢᠬᠠᠨ ᠲᠡᠮᠳᠡᠭᠯᠡᠯ᠎ᠡ᠃ | 5 ᠰᠠᠷ᠎ᠠ ᠶᠢᠨ 30 ᠤ ᠡᠲᠦᠷ ᠤᠨ ᠶᠢᠰᠤᠨ ᠴᠠᠭ ᠲᠤ᠂ ᠪᠠᠭᠰᠢ ᠰᠤᠷᠤᠭᠴᠢᠳ᠂ ᠭᠡᠷ ᠤᠨ ᠠᠬᠠᠮᠠᠳ ᠬᠠᠮᠳᠦ ᠪᠠᠷ | ᠤᠯᠤᠰ ᠤᠨ ᠲᠤᠭ ᠲᠤ ᠲᠦᠪ ᠶᠤᠰᠤᠯᠠᠵᠤ᠂ ᠤᠯᠤᠰ ᠤᠨ ᠰᠦᠯᠳᠡ ᠲᠠᠭᠤᠤ ᠪᠠᠨ ᠲᠠᠭᠤᠯᠠᠵᠤ᠂ ᠤᠯᠤᠰ ᠤᠨ ᠲᠤᠭ ᠢᠶᠠᠨ | ᠮᠠᠨᠳᠤᠭᠤᠯᠤᠯ᠎ᠠ᠃ ᠲᠤᠭ ᠮᠠᠨᠳᠤᠭᠤᠯᠬᠤ ᠶᠤᠰᠤᠯᠠᠯ ᠤᠨ ᠲᠠᠷᠠᠭ᠎ᠠ ᠲᠠᠮᠢᠷ ᠤᠨ ᠬᠦᠳᠡᠯᠭᠡᠭᠡᠨ ᠤ ᠦᠵᠡᠬᠦᠯᠬᠡ ᠶᠠᠪᠤᠭᠳᠠᠭᠤᠯᠵᠤ᠂ | ᠪᠢᠴᠢᠬᠠᠨ ᠲᠠᠮᠢᠷᠴᠢᠳ ᠬᠦᠴᠦ ᠲᠠᠮᠢᠷ ᠢᠶᠠᠨ ᠰᠤᠷᠢᠨ᠂ ᠠᠪᠢᠶᠠᠰ ᠴᠢᠳᠠᠪᠦᠷᠢ ᠪᠠᠨ ᠪᠠᠳᠠᠷᠠᠭᠤᠯᠤᠨ ᠰᠤᠷᠭᠠᠭᠤᠯᠢ ᠶᠢᠨ | ᠬᠦᠷᠢᠶ᠎ᠡ ᠪᠠᠶᠠᠷ ᠬᠦᠷ ᠢᠶᠠᠷ ᠴᠠᠯᠬᠢᠵᠤ ᠪᠠᠶᠢᠯ᠎ᠠ᠃ ᠡᠭᠦᠨ ᠤ ᠬᠠᠮᠳᠤ᠂ ᠴᠠᠭᠠᠰᠤᠨ ᠰᠢᠪᠠᠭᠤ ᠤᠷᠠᠯᠠᠬᠤ᠂ ᠲᠡᠭᠡᠰᠦ ᠳᠠᠲᠠᠬᠤ᠂ | ᠴᠠᠭᠠᠷᠢᠭ ᠲᠤᠭᠤᠷᠢᠵᠤ ᠬᠦᠶᠦᠬᠦ ᠵᠡᠷᠬᠡ ᠰᠤᠨᠢᠷᠬᠠᠯᠲᠤ ᠬᠦᠳᠡᠯᠭᠡᠭᠡᠨ ᠬᠦᠷ ᠬᠦᠭᠵᠢᠶᠡᠨᠲᠡᠢ ᠶᠠᠪᠤᠭᠳᠠᠨ᠂ ᠨᠠᠷᠠᠯᠠᠭ ᠪᠠᠭᠠᠴᠤᠳ | ᠮᠢᠨᠢ ᠪᠠᠶᠠᠷ ᠤᠨ ᠡᠳᠦᠷ ᠢᠶᠠᠨ ᠡᠯᠪᠡᠭ ᠪᠠᠶᠠᠯᠢᠭ ᠣᠳᠬ᠎ᠠ ᠠᠭᠤᠯᠭ᠎ᠠ ᠲᠠᠢ ᠦᠩᠭᠡᠷᠡᠭᠡᠵᠠᠢ᠃ | 5 ᠰᠠᠷ᠎ᠠ ᠶᠢᠨ 30 ᠤ ᠡᠳᠦᠷ᠂ ᠬᠤᠰᠢᠭᠤ ᠪᠠᠯᠭᠠᠷᠭᠤᠤᠯ ᠬᠡᠤᠬᠡᠳ ᠤᠨ ᠴᠡᠴᠡᠷᠯᠢᠭ ᠨᠢ ︽ᠬᠡᠦᠬᠡᠳ ᠤᠨ ᠰᠡᠳᠬᠢᠯ ᠨᠠᠮ | ᠳᠠᠭᠠᠨ ᠲᠡᠮᠡᠤᠯᠡᠨᠡ᠃ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠬᠠᠤᠯᠢ ᠶᠢ ᠵᠢᠷᠤᠮᠯᠠᠵᠦ᠂ | ᠦᠨᠳᠦᠰᠦᠲᠡᠨ ᠤ ᠪᠦᠯᠬᠦᠮᠳᠡᠯ ᠢᠶᠠᠷ ᠬᠠᠮᠲᠤ ᠶᠢᠨ ᠬᠦᠰᠡᠯᠡᠩ ᠢᠶᠠᠨ ᠪᠡᠶᠡᠯᠡᠭᠦᠯᠦᠶ᠎ᠡ︾ ᠭᠡᠬᠦ ᠭᠤᠣᠯ ᠰᠡᠳᠦᠪᠳᠦ ᠵᠢᠷᠭᠤᠭᠠᠨ | ᠰᠠᠷ᠎ᠠ ᠶᠢᠨ ᠨᠢᠭᠡᠨ ᠤ ᠬᠡᠦᠬᠡᠳ ᠤᠨ ᠪᠠᠶᠠᠷ ᠢ ᠪᠡᠯᠭᠡᠯᠡᠬᠦ ᠠᠵᠢᠯᠯᠠᠭ᠎ᠠ ᠦᠷᠨᠢᠭᠦᠯᠪᠡ᠃ | ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠤ ᠶᠢᠨ ᠲᠤᠮᠳᠠ᠂ ᠴᠡᠴᠡᠷᠯᠢᠭ ᠤᠨ ᠪᠢᠴᠢᠬᠠᠨ ᠨᠠᠶᠢᠵᠠ ᠨᠠᠷ ᠪᠠᠭᠰᠢ | ᠶᠢᠨ ᠢᠶᠠᠨ ᠳᠠᠭᠠᠭᠤᠯᠭ᠎ᠠ ᠪᠠᠷ ᠤᠯᠤᠰ ᠤᠨ ᠲᠤᠭ ᠢᠶᠠᠨ ᠮᠠᠨᠳᠤᠭᠤᠯᠪᠠ᠃ ᠴᠡᠴᠡᠷᠯᠢᠭ ᠤᠨ ᠬᠦᠷᠢᠶ᠎ᠡ ᠪᠠᠶᠠᠷ ᠪᠠᠭ᠋ᠠᠳᠤᠯᠳᠤ | ᠠᠭᠤᠷ ᠠᠮᠢᠰᠬᠤᠯ ᠢᠶᠠᠷ ᠪᠢᠯᠬᠠᠵᠤ᠂ ᠭᠤᠣᠯ ᠰᠡᠳᠦᠪᠲᠦ ᠵᠢᠷᠤᠭ ᠵᠢᠷᠤᠬᠤ᠂ ᠡᠷᠳᠡᠨᠢ ᠬᠠᠶᠢᠬᠤ ᠲᠣᠭᠯᠠᠭᠠᠮ᠂ ᠤᠰᠤᠨ | ᠪᠥᠮᠪᠦᠭᠡ ᠶᠢᠨ ᠪᠠᠶᠢᠯᠳᠤᠭᠠᠨ ᠵᠢᠴᠢ ᠭᠡᠷ ᠤᠨ ᠠᠬᠠᠮᠠᠳ ᠬᠡᠦᠬᠡᠳ ᠬᠠᠮᠳᠤᠷᠠᠭᠰᠠᠨ ᠲᠣᠭᠯᠠᠭᠠᠮ ᠵᠡᠷᠭᠡ ᠰᠤᠨᠢᠷᠬᠠᠯᠳᠤ ᠰᠠᠶᠢᠬᠠᠨ | ᠲᠤᠭᠯᠠᠭᠠᠮ ᠨᠢ ᠬᠡᠤᠬᠡᠳ ᠲᠤ ᠤᠷᠮ᠎ᠠ ᠵᠤᠷᠢᠭ ᠤᠯᠭᠤᠵᠤ᠂ ᠡᠬᠡ ᠤᠯᠤᠰ ᠢᠶᠠᠨ ᠬᠠᠶᠢᠷᠠᠯᠠᠬᠤ᠂ ᠠᠴᠢ ᠡᠨᠡᠷᠢᠯ ᠢ ᠪᠤᠳᠤᠬᠤ | ᠪᠤᠯᠪᠠᠰᠤᠨ ᠰᠠᠶᠢᠬᠠᠨ ᠬᠡᠪ ᠰᠤᠷᠳᠠᠯ ᠤᠨ ᠬᠦᠮᠦᠵᠢᠯ ᠬᠦᠷᠳᠡᠭᠡᠭᠰᠡᠨ ᠪᠠᠶᠢᠨ᠎ᠠ᠃ | ᠬᠤᠰᠢᠭᠤ ᠭᠤᠷᠣᠬᠠᠨ ᠬᠡᠦᠭᠡᠳ ᠤᠨ ᠴᠡᠴᠡᠷᠯᠢᠭ ᠨᠢ ᠮᠥᠨ ᠡᠯ᠎ᠡ ᠠᠩᠬᠢ ᠶᠢᠨ ᠬᠡᠦᠭᠡᠳ ᠤᠳ ᠢᠶᠠᠨ ᠵᠣᠬᠢᠶᠠᠨ | ᠪᠠᠶᠢᠭᠤᠯᠣᠨ᠂ ᠬᠡᠦᠬᠡᠳ ᠪᠠᠭᠠᠴᠣᠳ᠂ ᠪᠠᠭᠰᠢᠨᠠᠷ᠂ ᠭᠡᠷ ᠤᠨ ᠠᠬᠠᠮᠠᠳ ᠬᠠᠨᠮᠳᠣᠪᠠᠷ ᠪᠠᠶᠠᠰᠣᠯᠴᠠᠭᠰᠠᠨ ︽ᠲᠡᠯᠡᠬᠡᠢ ᠶᠢᠨ | ᠬᠡᠦᠬᠡᠳ ᠤᠨ ᠪᠠᠶᠠᠷ︾ ᠢ ᠲᠡᠮᠳᠡᠭᠯᠡᠯ᠎ᠡ᠃ | ᠭᠤᠷᠣᠬᠠᠨ ᠬᠡᠦᠬᠡᠳ ᠤᠨ ᠴᠡᠴᠡᠷᠯᠢᠭ ᠨᠢ ᠡᠨᠡ ᠵᠢᠯ ᠮᠥᠨ ᠬᠦᠳᠡᠯᠭᠡᠭᠡᠨ ᠳᠤ ᠬᠡᠦᠭᠡᠳ ᠪᠦᠬᠦᠨ ᠢ ᠲᠠᠶᠢᠴᠢᠯᠠᠨ | ᠣᠷᠣᠯᠴᠠᠭᠤᠯᠬᠤ᠂ ᠬᠡᠦᠬᠡᠳ ᠭᠡᠷ ᠤᠨ ᠠᠬᠠᠮᠠᠳ ᠬᠠᠮᠵᠢᠯᠴᠠᠨ ᠣᠷᠣᠯᠴᠠᠬᠤ ᠪᠣᠯᠣᠨ ᠱᠠᠭ᠎ᠠ ᠵᠡᠷᠭᠡ ᠣᠯᠠᠮᠵᠢᠯᠠᠯᠲᠣ ᠨᠠᠭᠠᠳᠣᠮ | ᠲᠣᠭᠯᠠᠭᠠᠮ ᠢ ᠣᠶᠠᠯᠳᠣᠭᠤᠯᠬᠤ ᠣᠨᠴᠠᠯᠢᠭ ᠢᠶᠠᠷ ᠶᠠᠪᠣᠭᠳᠠᠵᠣ᠂ ᠬᠡᠦᠭᠡᠳ ᠪᠠᠭᠠᠴᠣᠣᠯ ᠳᠤ ᠣᠳᠬ᠎ᠠ ᠠᠭᠤᠯᠭ᠎ᠠ ᠲᠠᠢ᠂ | ᠪᠠᠶᠠᠷ ᠪᠠᠭ᠋ᠠᠳᠣᠯ ᠲᠠᠢ ᠪᠠᠶᠠᠷ ᠤᠨ ᠡᠳᠦᠷ ᠢ ᠲᠡᠮᠳᠡᠭᠯᠡᠵᠦ ᠦᠭᠭᠦᠭᠰᠡᠨ ᠪᠠᠶᠢᠨ᠎ᠠ᠃ | ᠬᠤᠰᠢᠭᠤ ᠪᠠᠶᠠᠨᠬᠤᠸᠠ ᠬᠡᠦᠬᠡᠳ ᠤᠨ ᠴᠡᠴᠡᠷᠯᠢᠭ ᠨᠢ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠰᠣᠶᠣᠯ ᠤᠨ | ᠠᠭᠤᠷ ᠠᠮᠢᠰᠬᠤᠯ ᠢ ᠵᠢᠷᠭᠤᠭᠠᠨ ᠰᠠᠷ᠎ᠠ ᠶᠢᠨ ᠨᠢᠭᠡᠨ ᠲᠠᠢ ᠤᠶᠠᠯᠳᠤᠭᠤᠯᠤᠨ ᠤᠳᠬ᠎ᠠ ᠲᠡᠭᠦᠯᠳᠡᠷ ᠠᠵᠢᠯᠯᠠᠭ᠎ᠠ | ᠶᠠᠪᠤᠭᠳᠠᠭᠤᠯᠵᠤ᠂ ᠴᠡᠴᠡᠷᠯᠢᠭ ᠤᠨ ᠬᠦᠬᠡᠷᠦᠬᠦᠨ ᠪᠦᠪᠡᠢ ᠨᠠᠷ ᠪᠠᠶᠠᠷ ᠤᠨ ᠡᠲᠦᠷ ᠤᠨ ᠪᠠᠶᠠᠷ ᠴᠡᠩᠭᠡᠯ ᠢᠶᠠᠷ ᠤᠮᠳᠠᠯᠠᠭᠳᠠᠵᠤ | ᠪᠠᠶᠢᠯ᠎ᠠ᠃ ᠲᠠᠯᠠᠪᠠᠢ ᠳᠤ ᠤᠷᠤᠬᠤ ᠶᠤᠰᠤᠯᠠᠯ ᠶᠠᠪᠤᠭᠳᠠᠭᠰᠠᠨ ᠤ ᠲᠠᠷᠠᠭ᠎ᠠ᠂ ᠤᠯᠤᠰ ᠤᠨ ᠰᠦᠯᠳᠡ ᠲᠠᠭᠤᠨ ᠤ ᠲᠤᠮᠳᠠ | ᠲᠠᠪᠤᠨ ᠤᠳᠤᠳᠤ ᠤᠯᠠᠭᠠᠨ ᠲᠤᠭ ᠢᠶᠠᠨ ᠮᠠᠨᠳᠤᠭᠤᠯᠵᠤ᠂ ᠪᠠᠭᠰᠢ ᠰᠤᠷᠤᠭᠴᠢᠳ ᠠᠴᠠ ᠤᠯᠤᠰ ᠢᠶᠠᠨ ᠬᠠᠶᠢᠷᠠᠯᠠᠬᠤ | ᠰᠡᠳᠬᠢᠯᠭᠡ ᠪᠠᠨ ᠢᠯᠡᠳᠭᠡᠵᠠᠢ᠃ | ᠴᠡᠴᠡᠷᠯᠢᠭ ᠨᠢ ᠪᠠᠰᠠ ᠤᠷᠠᠨ ᠰᠠᠶᠢᠬᠠᠨ ᠤ ᠬᠠᠮᠳᠤᠷᠠᠭᠰᠠᠨ ᠲᠤᠭᠯᠠᠯᠲᠠ ᠪᠠ ᠬᠡᠦᠬᠡᠳ ᠬᠡᠷ ᠤᠨ ᠠᠬᠠᠮᠠᠳ ᠤᠨ | ᠤᠷᠤᠯᠴᠠᠯᠭ᠎ᠠ ᠲᠠᠢ ᠪᠡᠶ᠎ᠡ ᠲᠠᠮᠢᠷ ᠤᠨ ᠠᠵᠢᠯᠯᠠᠭ᠎ᠠ ᠵᠡᠷᠭᠡ ᠶᠢ ᠲᠤᠬᠢᠷᠠᠭᠤᠯᠵᠤ᠂ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ | ᠵᠠᠩ ᠵᠠᠩᠰᠢᠯ ᠪᠣᠯᠤᠨ ᠵᠢᠷᠭᠤᠭᠠᠨ ᠰᠠᠷ᠎ᠠ ᠶᠢᠨ ᠨᠢᠭᠡᠨ ᠤ ᠪᠠᠶᠠᠷ ᠢ ᠤᠷᠠᠨ ᠢᠶᠠᠷ ᠠᠭᠤᠰᠤᠯᠴᠠᠭᠤᠯᠵᠤ᠂ ᠤᠯᠠᠮᠵᠢᠯᠠᠯᠲᠤ | ᠰᠣᠶᠣᠯ ᠤᠨ ᠦᠷ᠎ᠡ ᠶᠢ ᠬᠡᠦᠬᠡᠳ ᠤᠨ ᠰᠣᠨᠢᠷᠬᠠᠯ ᠳᠤ ᠦᠨᠳᠦᠰᠦᠯᠡᠭᠦᠯᠦᠨ ᠰᠣᠶᠣᠭᠠᠯᠠᠭᠤᠯᠵᠤ᠂ ᠬᠡᠦᠬᠡᠳ ᠤᠳ ᠲᠤ ᠶᠡᠷᠦ | ᠪᠤᠰᠤ ᠶᠢᠨ ᠤᠳᠬ᠎ᠠ ᠠᠭᠤᠯᠭ᠎ᠠ ᠪᠥᠬᠦᠶ ᠦᠰᠦᠨ ᠪᠣᠶᠢᠵᠢᠯᠲᠠ ᠶᠢᠨ ᠳᠤᠷᠠᠳᠬᠠᠯ ᠦᠯᠡᠳᠡᠭᠡᠵᠡᠶ᠃ | |